ᠵᠤᠬᠢᠶᠠᠭᠴᠢ: ᠴᠠᠭ:2021-10-28 ᠥᠵᠡᠭᠰᠡᠨ : ᠢᠷᠡᠯᠲᠡ: ᠥᠪᠥᠷ ᠮᠣᠩᠭᠤᠯ ᠤᠨ ᠡᠳᠦᠷ ᠤᠨ ᠰᠣᠨᠢᠨ
ᠰᠢ ᠶᠢᠨ ᠫᠢᠩ᠄ ᠰᠢᠨ᠎ᠡ ᠶᠢ ᠡᠭᠦᠳᠬᠦ ᠢᠲᠡᠭᠡᠯ ᠢᠶᠠᠨ ᠪᠠᠲᠤᠳᠬᠠᠵᠤ ᠰᠢᠨ᠎ᠡ ᠶᠢ ᠡᠭᠦᠳᠬᠦ ᠠᠵᠠ ᠲᠣᠬᠢᠶᠠᠯ ᠢ  ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠭᠡᠨ ᠪᠡᠶᠡᠯᠡᠭᠦᠯᠬᠦ ᠬᠡᠷᠡᠭᠲᠡᠢ

ᠯᠢ ᠺᠧ ᠴᠢᠶᠠᠩ  ᠯᠢ ᠵᠠᠨ ᠱᠤ᠋  ᠸᠠᠩ ᠶᠠᠩ  ᠸᠠᠩ ᠬᠤ᠋ ᠨᠢᠩ  ᠵᠤᠤ ᠯᠧ ᠵᠢᠢ  ᠬᠠᠨ ᠵᠧᠩ  ᠸᠠᠩ ᠴᠢ ᠱᠠᠨ ᠲᠤᠰ ᠲᠤᠰ ᠦᠵᠡᠰᠬᠦᠯᠡᠩ ᠢ ᠲᠣᠭᠤᠷᠢᠨ ᠦᠵᠡᠪᠡ

ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 202110   26 ᠤ ᠦᠳᠡ ᠶᠢᠨ ᠬᠤᠶᠢᠨ᠎ᠠ ᠤᠯᠤᠰ ᠤᠨ 《ᠠᠷᠪᠠᠨ ᠭᠤᠷᠪᠠᠳᠤᠭᠠᠷ ᠲᠠᠪᠤᠨ ᠵᠢᠯ》 ᠤᠨ ᠰᠢᠨᠵᠢᠯᠡᠬᠦ ᠤᠬᠠᠭᠠᠨ  ᠮᠡᠷᠭᠡᠵᠢᠯ ᠤᠨ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠶᠢᠨ ᠦᠵᠡᠰᠬᠦᠯᠡᠩ ᠢ ᠲᠣᠭᠤᠷᠢᠨ ᠦᠵᠡᠬᠦ ᠳᠡᠭᠡᠨ᠂ 《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ ᠳᠤ ᠮᠠᠨ ᠤ ᠤᠯᠤᠰ ᠤᠨ ᠰᠢᠨᠵᠢᠯᠡᠬᠦ ᠤᠬᠠᠭᠠᠨ  ᠮᠡᠷᠭᠡᠵᠢᠯ ᠤᠨ ᠦᠢᠯᠡᠰ ᠲᠦᠷᠭᠡᠨ ᠬᠥᠭᠵᠢᠵᠦ᠂ ᠰᠢᠨ᠎ᠡ ᠶᠢ ᠡᠭᠦᠳᠬᠦ ᠴᠢᠳᠠᠪᠤᠷᠢ ᠶᠡᠭᠡ ᠪᠠᠷ ᠳᠡᠭᠡᠭᠰᠢᠯᠡᠵᠦ᠂ ᠰᠠᠭᠤᠷᠢ ᠬᠤᠰᠢᠭᠤᠴᠢ ᠮᠡᠷᠭᠡᠵᠢᠯ᠂ ᠪᠠᠶᠢᠯᠳᠤᠬᠤ ᠪᠤᠳᠤᠯᠭ᠎ᠠ ᠶᠢᠨ ᠳᠡᠭᠡᠳᠦ ᠮᠡᠷᠭᠡᠵᠢᠯ᠂ ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ  ᠮᠡᠷᠭᠡᠵᠢᠯ ᠵᠡᠷᠭᠡ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ  ᠮᠡᠷᠭᠡᠵᠢᠯ ᠤᠨ ᠦᠷ᠎ᠡ ᠪᠦᠲᠦᠭᠡᠯ ᠣᠯᠵᠠᠢ᠃ ᠡᠨᠡ ᠪᠣᠯ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ  ᠳᠣᠣᠷ᠎ᠠ᠂ ᠪᠦᠬᠦ ᠨᠠᠮ ᠪᠦᠬᠦ ᠤᠯᠤᠰ ᠢᠯᠠᠩᠭᠤᠶ᠎ᠠ ᠥᠷᠭᠡᠨ ᠤᠯᠠᠨ ᠰᠢᠨᠵᠢᠯᠡᠬᠦ ᠤᠬᠠᠭᠠᠨ  ᠮᠡᠷᠭᠡᠵᠢᠯ ᠤᠨ ᠠᠵᠢᠯᠲᠠᠨ ᠤ ᠬᠠᠮᠲᠤ ᠪᠠᠷ ᠲᠡᠮᠡᠴᠡᠭᠰᠡᠨ ᠤ ᠦᠷ᠎ᠡ ᠳ᠋ᠦᠩ ᠮᠥᠨ᠃ ᠣᠳᠣᠬᠠᠨ ᠳᠤ᠂ ᠮᠠᠨ ᠤ ᠤᠯᠤᠰ ᠨᠢᠭᠡᠨᠲᠡ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠪᠡ᠂ ᠰᠢᠨᠵᠢᠯᠡᠬᠦ ᠤᠬᠠᠭᠠᠨ  ᠮᠡᠷᠭᠡᠵᠢᠯ ᠤᠨ ᠰᠢᠨ᠎ᠡ ᠶᠢ ᠡᠭᠦᠳᠬᠦ ᠨᠢ ᠨᠠᠮ ᠪᠠ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠳᠤ ᠮᠠᠰᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠲᠠᠢ ᠪᠠᠶᠢᠳᠠᠭ᠂ ᠪᠦᠬᠦ ᠤᠯᠤᠰ ᠤᠨ ᠥᠷᠭᠡᠨ ᠤᠯᠡᠠ ᠰᠢᠨᠵᠢᠯᠡᠬᠦ ᠤᠬᠠᠭᠠᠨ  ᠮᠡᠷᠭᠡᠵᠢᠯ ᠤᠨ ᠠᠵᠢᠯᠲᠠᠳ ᠳᠡᠯᠡᠬᠡᠢ ᠶᠢᠨ ᠰᠢᠨᠵᠢᠯᠡᠬᠦ ᠤᠬᠠᠭᠠᠨ  ᠮᠡᠷᠭᠡᠵᠢᠯ ᠤᠨ ᠬᠤᠰᠢᠭᠤᠷᠠᠯ ᠳᠤ ᠬᠠᠨᠳᠤᠵᠤ᠂ ᠠᠵᠤ ᠠᠬᠤᠶ ᠶᠢᠨ ᠭᠤᠤᠯ ᠳᠠᠶᠢᠨ ᠤ ᠲᠠᠯᠠᠪᠤᠷ ᠲᠤ ᠬᠠᠨᠳᠤᠵᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠵᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠵᠤ᠂ ᠰᠢᠨ᠎ᠡ ᠶᠢ ᠡᠭᠦᠳᠬᠦ ᠢᠲᠡᠭᠡᠯ ᠢᠶᠠᠨ ᠪᠠᠲᠤᠳᠬᠠᠵᠤ᠂ ᠰᠢᠨ᠎ᠡ ᠶᠢ ᠡᠭᠦᠳᠬᠦ ᠠᠵᠠ ᠲᠣᠬᠢᠶᠠᠯ ᠢ ᠂ ᠰᠢᠨᠵᠢᠯᠡᠬᠦ ᠤᠬᠠᠭᠠᠨ  ᠮᠡᠷᠭᠡᠵᠢᠯ ᠤᠨ ᠨᠤᠶᠠᠨ ᠣᠷᠭᠢᠯ ᠳᠤ ᠵᠣᠷᠢᠭᠲᠠᠢ ᠠᠪᠠᠷᠢᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠢᠷᠠᠭᠤ ᠠᠯᠳᠠᠷᠲᠤ ᠲᠡᠦᠬᠡᠲᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ  ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠭᠡᠨ ᠪᠡᠶᠡᠯᠡᠭᠦᠯᠵᠤ᠂ ᠳᠡᠯᠡᠬᠡᠶ ᠶᠢᠨ ᠰᠢᠨᠵᠢᠯᠡᠬᠦ ᠤᠬᠠᠭᠠᠨ  ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

10  ᠰᠠᠷ᠎ᠠ ᠶᠢᠨ 26 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠤᠯᠤᠰ ᠤᠨ 《ᠠᠷᠪᠠᠨ ᠭᠤᠷᠪᠠᠳᠤᠭᠠᠷ ᠲᠠᠪᠤᠨ ᠵᠢᠯ》 ᠤᠨ ᠰᠢᠨᠵᠢᠯᠡᠬᠦ ᠤᠬᠠᠭᠠᠨ  ᠮᠡᠷᠭᠡᠵᠢᠯ ᠤᠨ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠶᠢᠨ ᠦᠵᠡᠰᠬᠦᠯᠡᠩ ᠢ ᠲᠣᠭᠤᠷᠢᠨ ᠦᠵᠡᠪᠠ᠃

ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠤᠯᠤᠰ ᠤᠨ ᠳᠡᠳ᠋ ᠲᠡᠷᠢᠭᠦᠯᠡᠭᠴᠢ ᠸᠠᠩ ᠴᠢ ᠱᠠᠨ ᠲᠤᠰ ᠲᠤᠰ ᠦᠵᠡᠰᠬᠦᠯᠡᠩ ᠢ ᠲᠣᠭᠤᠷᠢᠨ ᠦᠵᠡᠪᠡ᠃

ᠦᠳᠡ ᠶᠢᠨ ᠬᠤᠶᠢᠨᠠᠬᠢ 3 ᠴᠠᠭ 45 ᠮᠢᠨᠦ᠋ᠲ ᠤᠨ ᠦᠶ᠎ᠡ ᠪᠠᠷ᠂ ᠰᠢ ᠶᠢᠨ ᠫᠢᠩ ᠪᠡᠭᠡᠵᠢᠩ ᠤᠨ ᠦᠵᠡᠰᠬᠦᠯᠡᠩ ᠤᠨ ᠣᠷᠳᠣᠨ ᠳᠤ ᠬᠦᠷᠴᠦ᠂ ᠳᠡᠯᠭᠡᠨ ᠦᠵᠡᠭᠦᠯᠬᠦ ᠲᠢᠩᠬᠢᠮ ᠳᠤ ᠣᠷᠣᠵᠤ ᠦᠵᠡᠰᠬᠦᠯᠡᠩ ᠢ ᠲᠣᠭᠤᠷᠢᠨ ᠦᠵᠡᠪᠡ᠃ ᠦᠵᠡᠰᠭᠦᠯᠡᠩ ᠨᠢ 《ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠵᠤ ᠰᠢᠨᠵᠢᠯᠡᠬᠦ ᠤᠬᠠᠭᠠᠨ  ᠮᠡᠷᠭᠡᠵᠢᠯ ᠤᠨ ᠬᠦᠴᠦᠷᠬᠡᠭ ᠤᠯᠤᠰ ᠵᠦᠭ ᠤᠷᠤᠭᠰᠢᠯᠠᠶ᠎ᠠ》 ᠪᠠᠷ ᠭᠤᠣᠯ ᠰᠡᠳᠦᠪ ᠪᠣᠯᠭᠠᠨ᠂ ᠶᠡᠷᠦᠩᠬᠡᠶ ᠳᠠᠷᠠᠭᠠᠯᠠᠯ᠂ ᠵᠠᠭᠤᠨ ᠵᠢᠯ ᠤᠨ ᠡᠷᠭᠢᠴᠡᠭᠦᠯᠦᠯ᠂ ᠰᠠᠭᠤᠷᠢ ᠰᠤᠳᠤᠯᠭᠠᠨ᠂ ᠳᠡᠭᠡᠳᠦ ᠰᠢᠨ᠎ᠡ ᠮᠡᠷᠭᠡᠵᠢᠯ᠂ ᠴᠢᠬᠤᠯᠠ ᠶᠡᠭᠡ ᠲᠤᠰᠬᠠᠢ ᠲᠦᠷᠦᠯ ᠵᠦᠢᠯ᠂ ᠲᠠᠷᠢᠶᠠᠯᠠᠩ ᠤᠨ ᠰᠢᠨᠵᠢᠯᠡᠬᠦ ᠤᠬᠠᠭᠠᠨ  ᠮᠡᠷᠭᠡᠵᠢᠯ᠂ ᠨᠡᠶᠢᠭᠡᠮ ᠤᠨ ᠬᠥᠭᠵᠢᠯᠲᠡ ᠵᠡᠷᠭᠡ 12 ᠦᠵᠡᠭᠦᠯᠭᠡ ᠶᠢᠨ ᠲᠣᠭᠤᠷᠢᠭ ᠬᠤᠪᠢᠶᠠᠵᠤ᠂ 1300 ᠭᠠᠷᠤᠢ ᠪᠣᠳᠠᠲᠤ ᠪᠤᠳᠠᠰ᠂ 200 ᠭᠠᠷᠤᠢ ᠵᠠᠭᠪᠤᠷ ᠵᠡᠷᠭᠡ ᠪᠠᠷ ᠳᠠᠮᠵᠢᠭᠤᠯᠤᠨ 《ᠠᠷᠪᠠᠨ ᠭᠤᠷᠪᠠᠳᠤᠭᠠᠷ ᠲᠠᠪᠤᠨ ᠵᠢᠯ》 ᠠᠴᠠ ᠨᠠᠰᠢᠬᠢ ᠪᠦᠬᠦ ᠨᠠᠮ ᠪᠦᠬᠦ ᠤᠯᠤᠰ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨ  ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ  ᠪᠠᠶᠢᠷᠢᠯᠠᠭᠤᠯᠤᠯᠲᠠ ᠶᠢ  ᠨᠠᠶᠢᠳᠠᠪᠤᠷᠢᠵᠢᠭᠤᠯᠵᠤ ᠣᠯᠣᠭᠰᠠᠨ ᠴᠢᠬᠤᠯᠠ ᠶᠡᠭᠡ ᠰᠢᠨᠵᠢᠯᠡᠬᠦ ᠤᠬᠠᠭᠠᠨ  ᠮᠡᠷᠭᠡᠵᠢᠯ ᠤᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠬᠦᠯᠵᠡᠢ᠃

ᠳᠡᠯᠡᠬᠡᠶ ᠶᠢᠨ ᠬᠤᠰᠢᠭᠤᠷᠠᠯ ᠰᠢᠨᠵᠢᠯᠡᠬᠦ ᠤᠬᠠᠭᠠᠨ  ᠮᠡᠷᠭᠡᠵᠢᠯ ᠳᠤ ᠬᠠᠨᠳᠤᠭᠤᠯᠵᠤ᠂ ᠦᠵᠡᠰᠭᠦᠯᠡᠩ ᠳᠤ 《ᠶᠢᠰᠦᠨ ᠪᠦᠯᠦᠭᠲᠦ》 ᠺᠸᠠᠨ᠋ᠲ ᠪᠣᠳᠣᠯᠭ᠎ᠠ ᠶᠢᠨ ᠮᠠᠰᠢᠨ ᠤ ᠠᠩᠬᠠᠨ ᠤ ᠵᠠᠭᠪᠤᠷ ᠮᠠᠰᠢᠨ᠂ ᠬᠤᠶᠠᠳᠤᠭᠠᠷ ᠤᠳᠠᠭᠠᠨ ᠤ ᠬᠥᠬᠡᠨᠠᠭᠤᠷ ᠲᠥᠪᠡᠳ ᠤᠨ ᠥᠨᠳᠦᠷᠯᠢᠭ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠤ ᠪᠠᠶᠢᠴᠠᠭᠠᠯᠲᠠ ᠶᠢᠨ ᠰᠤᠳᠤᠯᠭᠠᠨ᠂ 《ᠲᠢᠶᠠᠨ ᠵᠢᠢ ᠨᠡᠷᠡᠮᠵᠢᠳᠤ》 ᠲᠠᠷᠢᠬᠢᠨ ᠤ ᠴᠢᠫ ᠢᠯᠲᠠᠰᠤ ᠵᠡᠷᠭᠡ ᠰᠠᠭᠤᠷᠢ ᠮᠡᠷᠭᠡᠵᠢᠯ ᠤᠨ ᠬᠤᠰᠢᠭᠤᠷᠠᠯ ᠤᠨ ᠴᠢᠬᠤᠯᠠ ᠶᠡᠭᠡ ᠰᠢᠪᠲᠤᠯᠤᠯᠲᠠ ᠵᠢᠴᠢ ᠪᠤᠲᠠᠷᠠᠮᠠᠯ ᠨᠧᠲᠷᠣᠨ ᠡᠭᠦᠰᠬᠡᠭᠴᠢ᠂ 《ᠭᠢᠷᠠᠬᠠᠢ ᠨᠢᠳᠦ》 ᠳᠠᠭᠠᠭᠤᠯᠢ ᠣᠲᠣ ᠵᠡᠷᠭᠡ ᠰᠢᠨᠵᠢᠯᠡᠬᠦ ᠤᠬᠠᠭᠠᠨ ᠤ ᠲᠣᠨᠣᠭᠯᠠᠯ ᠢ ᠭᠤᠤᠯᠳᠠᠯᠭ᠎ᠠ ᠲᠠᠢ ᠳᠡᠯᠭᠡᠨ ᠦᠵᠡᠭᠦᠯᠪᠡ᠃ ᠠᠵᠤ ᠠᠬᠤᠶ ᠶᠢᠨ ᠭᠤᠤᠯ ᠳᠠᠶᠢᠨ ᠤ ᠲᠠᠯᠠᠪᠤᠷ ᠲᠤ ᠬᠠᠨᠳᠤᠭᠤᠯᠵᠤ᠂ ᠤᠯᠤᠰ ᠤᠨ ᠰᠢᠨ᠎ᠡ ᠨᠢᠭᠡ ᠦᠶ᠎ᠡ ᠶᠢᠨ ᠵᠣᠬᠢᠶᠠᠮᠠᠯ ᠣᠶᠤᠨ ᠴᠢᠳᠠᠪᠤᠷᠢ ᠶᠢᠨ ᠨᠡᠭᠡᠭᠡᠯᠲᠡ ᠬᠢᠵᠦ ᠰᠢᠨ᠎ᠡ ᠶᠢ ᠡᠭᠦᠳᠬᠦ ᠲᠠᠪᠴᠠᠩ᠂ 《ᠵᠢᠩ ᠬᠤᠸᠠ ᠨᠡᠷᠡᠮᠵᠢᠲᠦ》 ᠤᠯᠤᠰ ᠲᠠᠭᠠᠨ ᠦᠢᠯᠡᠳᠪᠦᠷᠢᠯᠡᠭᠰᠡᠨ ᠬᠠᠮᠤᠭ ᠤᠨ ᠶᠡᠭᠡ ᠳ᠋ᠢᠶᠠᠮᠧᠲᠷ ᠪᠥᠬᠦᠶ ᠪᠠᠮᠪᠠᠶ ᠪᠦᠲᠦᠴᠡᠲᠦ ᠮᠠᠰᠢᠨ ᠵᠡᠷᠭᠡ ᠶᠢ ᠭᠤᠤᠯᠳᠠᠯᠭ᠎ᠠ ᠲᠠᠢ ᠳᠡᠯᠭᠡᠨ ᠦᠵᠡᠭᠦᠯᠵᠠᠢ᠃ ᠤᠯᠤᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠵᠤ᠂ ᠳᠤᠮᠳᠠᠳᠤ ᠤᠯᠤᠰ ᠤᠨ ᠰᠠᠨᠰᠠᠷ ᠤᠨ ᠥᠷᠲᠡᠭᠡᠨ ᠤ ᠵᠠᠭᠪᠤᠷ᠂ ᠭᠠᠯ ᠭᠠᠷᠠᠭ ᠤᠨ ᠲᠡᠷᠭᠡ᠂ 《ᠴᠠᠩ ᠧ ᠲᠠᠪᠤᠳᠤᠭᠠᠷ》᠂ 《ᠲᠡᠮᠡᠴᠡᠭᠴᠢ》 ᠨᠡᠷᠡᠮᠵᠢᠲᠦ ᠭᠦᠨ ᠲᠠᠯᠠᠢ ᠶᠢᠨ ᠬᠥᠮᠦᠨ ᠰᠠᠭᠤᠯᠭᠠᠭᠰᠠᠨ ᠱᠤᠩᠭᠤᠭᠤᠷ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠲᠣᠨᠣᠭᠯᠠᠯ᠂ ᠪᠦᠬᠦ ᠪᠦᠮᠪᠦᠷᠴᠡᠭ ᠤᠨ ᠠᠩᠬᠠᠳᠠᠭᠴᠢ ᠳᠥᠷᠪᠡᠳᠦᠭᠡᠷ ᠦᠶ᠎ᠡ ᠶᠢᠨ ᠴᠥᠮ᠎ᠡ ᠶᠢᠨ ᠴᠠᠬᠢᠯᠭᠠᠨ ᠤ ᠥᠨᠳᠥᠷ ᠬᠠᠯᠠᠭᠤᠨ ᠠᠭᠤᠷ ᠢᠶᠠᠷ ᠬᠥᠷᠥᠭᠡᠬᠦ ᠵᠢᠱᠢᠶ᠎ᠡ ᠦᠵᠡᠭᠦᠯᠬᠦ ᠵᠤᠤᠬ᠎ᠠ᠂ 《ᠭᠦᠸᠧ ᠾᠧ ᠨᠢᠭᠡᠳᠦᠭᠡᠷ》 ᠴᠥᠮ᠎ᠡ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠵᠡᠷᠭᠡ ᠤᠯᠤᠰ ᠤᠨ ᠴᠢᠬᠤᠯᠠ ᠵᠡᠪᠰᠡᠭ ᠢ ᠭᠤᠣᠯᠳᠠᠯᠭ᠎ᠠ ᠲᠠᠢ ᠳᠡᠯᠭᠡᠨ ᠦᠵᠡᠭᠦᠯᠵᠠᠢ᠃ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠭᠤᠯᠵᠤ᠂ ᠨᠢᠭᠡ ᠴᠣᠭᠴᠠᠵᠢᠭᠰᠠᠨ ᠪᠥᠬᠦ ᠪᠡᠶ᠎ᠡ ᠶᠢᠨ ᠡᠶᠡᠷᠭᠦ ᠡᠯᠧᠺᠲᠷᠣᠨ ᠬᠠᠷᠪᠤᠴᠠ / ᠰᠣᠷᠢᠨᠵᠢᠨ ᠳᠡᠷᠪᠢᠯᠲᠡ ᠪᠠᠷ ᠳᠦᠷᠰᠦ ᠪᠦᠲᠦᠭᠡᠬᠦ ᠲᠣᠨᠣᠭᠯᠠᠯ᠂ ᠬᠥᠮᠦᠨ ᠬᠡᠷᠡᠭᠰᠡᠬᠦ ᠥᠬᠡᠶ ᠤᠷᠭᠤᠮᠠᠯ ᠤᠨ ᠦᠢᠯᠡᠳᠪᠦᠷᠢ ᠶᠢᠨ ᠤᠰᠤᠨ ᠲᠤᠲᠤᠷᠭ᠎ᠠ ᠶᠢᠨ ᠡᠭᠦᠯᠳᠡᠷ ᠪᠣᠶᠢᠵᠢᠭᠤᠯᠬᠤ ᠲᠦᠷᠭᠡᠳᠭᠡᠭᠦᠷ ᠵᠢᠴᠢ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠵᠢᠭ ᠲᠠᠢ ᠲᠡᠮᠡᠴᠡᠬᠦ》《ᠰᠢᠨᠵᠢᠯᠡᠬᠦ ᠤᠬᠠᠭᠠᠨ ᠮᠡᠷᠭᠡᠵᠢᠯ ᠤᠨ ᠡᠪᠦᠯ ᠤᠨ ᠤᠯᠠᠷᠢᠯ ᠤᠨ  ᠣᠯᠢᠮᠫᠢᠺ ᠤᠨ   ᠲᠠᠮᠢᠷ ᠤᠨ ᠴᠤᠭᠯᠠᠭᠠᠨ》 ᠤ ᠬᠠᠮᠤᠭ ᠤᠨ ᠰᠢᠨ᠎ᠡ ᠦᠷ᠎ᠡ ᠪᠦᠲᠦᠭᠡᠯ ᠵᠡᠷᠭᠡ ᠶᠢ ᠭᠤᠤᠯᠳᠠᠯᠭ᠎ᠠ ᠲᠠᠢ ᠳᠡᠯᠭᠡᠨ ᠦᠵᠡᠭᠦᠯᠵᠠᠢ᠃ ᠠᠯᠢ ᠣᠯᠠᠨ ᠪᠣᠳᠠᠲᠤ ᠪᠣᠳᠠᠰ᠂ ᠠᠯᠢ ᠣᠯᠠᠨ ᠵᠠᠭᠪᠤᠷ ᠨᠢ 《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ ᠳᠠᠭᠠᠨ ᠮᠠᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠤ ᠣᠯᠣᠭᠰᠠᠨ ᠴᠢᠬᠤᠯᠠ ᠶᠡᠭᠡ ᠠᠬᠢᠴᠠ ᠪᠣᠯᠤᠨ ᠳᠣᠪᠣᠶᠢᠮ᠎ᠠ ᠠᠮᠵᠢᠯᠲᠠ ᠪᠦᠲᠦᠮᠵᠢ ᠶᠢ ᠠᠮᠢᠳᠤᠯᠢᠭ ᠢᠶᠠᠷ ᠲᠠᠶᠢᠯᠪᠤᠷᠢᠯᠠᠭᠰᠠᠨ ᠪᠠᠶᠢᠨ᠎ᠠ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠨᠠᠷᠢᠨ ᠬᠢᠨᠠᠮᠠᠭᠠᠶ ᠦᠵᠡᠵᠦ᠂ ᠠᠵᠢᠯᠲᠠᠨ ᠤ ᠲᠠᠶᠢᠯᠤᠮᠵᠢ ᠶᠢ ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ ᠬᠤᠯᠪᠣᠭᠳᠠᠯ ᠪᠥᠬᠦᠶ ᠪᠠᠶᠢᠳᠠᠯ ᠢ ᠯᠠᠪᠯᠠᠨ ᠠᠰᠠᠭᠤᠪᠠ᠃

ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠥᠷᠥ ᠶᠢᠨ ᠶᠠᠪᠤᠳᠠᠯ ᠤᠨ ᠭᠡᠰᠢᠭᠦᠨ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠳ ᠦᠵᠡᠰᠬᠦᠯᠡᠩ ᠢ ᠲᠣᠭᠤᠷᠢᠨ ᠦᠵᠡᠪᠡ᠃ 



   :                    
   :           
备案序号:蒙ICP备05003250号 公安备案15010502000173