ᠵᠤᠬᠢᠶᠠᠭᠴᠢ:
ᠴᠠᠭ:2021-10-28
ᠥᠵᠡᠭᠰᠡᠨ : ℃
ᠢᠷᠡᠯᠲᠡ: ᠥᠪᠥᠷ ᠮᠣᠩᠭᠤᠯ ᠤᠨ ᠡᠳᠦᠷ ᠤᠨ ᠰᠣᠨᠢᠨ
ᠰᠢ ᠶᠢᠨ ᠫᠢᠩ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠭᠰᠡᠨ 50 ᠵᠢᠯ ᠤᠨ ᠣᠢ ᠶᠢ ᠳᠤᠷᠠᠰᠬᠠᠬᠤ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
ᠤᠯᠤᠰ ᠤᠨ ᠲᠡᠷᠢᠭᠦᠯᠡᠭᠴᠢ ᠰᠢ ᠶᠢᠨ ᠫᠢᠩ 202110 25 ᠤ ᠡᠳᠦᠷ ᠪᠡᠭᠡᠵᠢᠩ ᠳᠤ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠭᠰᠡᠨ 50 ᠵᠢᠯ ᠤᠨ ᠣᠢ ᠶᠢ ᠳᠤᠷᠠᠰᠬᠠᠬᠤ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠰᠢᠨ᠎ᠡ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠭᠰᠡᠨ ᠠᠴᠠ ᠨᠠᠰᠢᠬᠢ 50 ᠵᠢᠯ ᠪᠣᠯ ᠳᠤᠮᠳᠠᠳᠤ ᠤᠯᠤᠰ ᠤᠨ ᠡᠩᠬᠡ ᠲᠠᠶᠢᠪᠤᠩ ᠬᠥᠭᠵᠢᠵᠦ᠂ ᠬᠥᠮᠦᠨ ᠲᠥᠷᠥᠯᠬᠢᠲᠡᠨ ᠳᠤ ᠪᠤᠶᠠᠨ ᠦᠢᠯᠡᠳᠦᠭᠰᠡᠨ 50 ᠵᠢᠯ ᠪᠣᠯᠤᠨ᠎ᠠ᠃ ᠳᠤᠮᠳᠠᠳᠤ ᠤᠯᠤᠰ ᠬᠤᠶᠢᠰᠢᠳᠠ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ ᠪᠣᠯᠤᠨ᠎ᠠ ︔ ᠥᠭᠡᠷᠡᠴᠢᠯᠡᠯᠲᠡ ᠨᠡᠭᠡᠭᠡᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠪᠦᠬᠦ ᠪᠦᠮᠪᠦᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ ᠪᠣᠯᠤᠨ᠎ᠠ ︔ ᠤᠯᠠᠨ ᠲᠠᠯᠠᠲᠤ ᠦᠵᠡᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠪᠠᠳᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠳᠠᠪᠰᠢᠯᠲᠠ ᠶᠢᠨ ᠲᠠᠯ᠎ᠠ ᠳᠤ ᠵᠣᠭᠰᠣᠵᠤ᠂ ᠳᠡᠯᠡᠬᠡᠢ ᠶᠢᠨ ᠥᠨᠢ ᠮᠥᠩᠬᠡ ᠶᠢᠨ ᠡᠩᠬᠡ ᠲᠠᠶᠢᠪᠤᠩ ᠬᠥᠭᠵᠢᠯᠲᠡ ᠶᠢ ᠪᠡᠶᠡᠯᠡᠭᠦᠯᠬᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ ᠭᠡᠵᠦ ᠴᠢᠬᠤᠯᠠᠴᠢᠯᠠᠪᠠ᠃
ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠸᠠᠩ ᠬᠤ᠋ ᠨᠢᠩ ᠬᠤᠷᠠᠯ ᠳᠤ ᠣᠷᠣᠯᠴᠠᠪᠠ᠃
ᠠᠯᠲᠠᠨ ᠨᠠᠮᠤᠷ ᠤᠨ ᠪᠡᠭᠡᠵᠢᠩ ᠳᠤ᠂ ᠬᠦᠬᠡ ᠤᠭᠲᠠᠷᠭᠤᠢ ᠴᠡᠯᠮᠡᠭ ᠲᠤᠩᠭᠠᠯᠠᠭ᠂ ᠠᠭᠤᠷ ᠠᠮᠢᠰᠬᠤᠯ ᠡᠶᠡᠪᠡᠷᠬᠦᠦ ᠲᠠᠭᠠᠯᠠᠮᠵᠢᠲᠠᠢ᠃ ᠭᠤᠣᠯ ᠬᠤᠷᠠᠯ ᠤᠨ ᠲᠠᠯᠠᠪᠠᠢ ᠪᠤᠯᠬᠤ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠳ᠋ᠧᠩ ᠤᠨ ᠬᠡᠷᠡᠯ ᠳᠤᠸᠠᠯᠠᠵᠤ᠂ ᠰᠣᠷᠭᠤᠭ ᠴᠡᠴᠡᠭ ᠮᠢᠷᠠᠯᠵᠠᠨ ᠳᠡᠯᠭᠡᠷᠡᠨ᠎ᠡ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠪᠣᠯᠤᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠤᠭ ᠦᠡᠭᠭᠡ ᠢᠯᠭᠠᠷᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠯ᠎ᠡ ᠭᠡᠰᠢᠭᠦᠨ ᠤᠯᠤᠰ ᠤᠨ ᠲᠤᠭ ᠢᠶᠠᠷ ᠪᠦᠷᠢᠯᠳᠦᠭᠰᠡᠨ ᠲᠤᠭ ᠤᠨ ᠰᠦᠷ ᠳᠠᠯᠠᠶᠢᠴᠠᠲᠠᠢ ᠬᠠᠷᠠᠭᠳᠠᠨ᠎ᠠ᠃
ᠰᠢ ᠶᠢᠨ ᠫᠢᠩ᠂ 50 ᠵᠢᠯ ᠤᠨ ᠡᠮᠦᠨᠡᠬᠢ ᠡᠨᠡ ᠡᠳᠦᠷ ᠬᠤᠷᠢᠨ ᠵᠢᠷᠭᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠡᠶᠢᠯᠦᠩᠭᠦᠢ ᠲᠤᠭ᠎ᠠ ᠪᠠᠷ 2758 ᠳ᠋ᠤᠭᠠᠷ ᠲᠣᠭᠠᠲᠤ ᠰᠢᠢᠳᠪᠦᠷᠢ ᠪᠠᠲᠤᠯᠠᠵᠤ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠠᠯᠢᠪᠠ ᠡᠷᠬᠡ ᠶᠢ ᠰᠡᠷᠭᠦᠭᠡᠬᠦ ᠪᠠᠷ ᠲᠣᠭᠲᠠᠵᠤ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠲᠥᠯᠥᠭᠡᠯᠡᠭᠴᠢ ᠪᠣᠯ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠴᠤᠷ ᠤᠨ ᠭᠠᠭᠴᠠ ᠬᠠᠤᠯᠢ ᠶᠣᠰᠣᠨ ᠤ ᠲᠥᠯᠥᠭᠡᠯᠡᠭᠴᠢ ᠮᠥᠨ ᠭᠡᠳᠡᠭ ᠢ ᠮᠡᠳᠡᠷᠡᠪᠡ᠃ ᠡᠨᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠢᠯᠠᠯᠲᠠ ᠮᠥᠨ᠂ ᠪᠠᠰᠠ ᠴᠦ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠢᠯᠠᠯᠲᠠ ᠮᠥᠨ ︕ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠰᠢᠨ᠎ᠡ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠭᠰᠡᠨ ᠶᠠᠪᠤᠳᠠᠯ ᠪᠣᠯ ᠳᠡᠯᠡᠬᠡᠢ ᠳᠡᠭᠡᠷᠡᠬᠢ ᠲᠤᠮᠤ ᠶᠠᠪᠤᠳᠠᠯ ᠪᠣᠯᠬᠤ ᠪᠥᠭᠡᠳ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠤᠮᠤ ᠶᠠᠪᠤᠳᠠᠯ ᠪᠣᠯᠤᠨ᠎ᠠ᠃ ᠡᠨᠡ ᠪᠣᠯ ᠳᠡᠯᠡᠬᠡᠢ ᠳᠡᠭᠡᠷᠡᠬᠢ ᠡᠩᠬᠡ ᠲᠠᠶᠢᠪᠤᠩ ᠢ ᠡᠷᠬᠢᠮᠯᠡᠳᠡᠭ ᠪᠠ ᠰᠢᠳᠤᠷᠭᠤ ᠶᠣᠰᠣ ᠶᠢ ᠡᠷᠬᠢᠮᠯᠡᠳᠡᠭ ᠠᠯᠢᠪᠠ ᠤᠯᠤᠰ ᠤᠨ ᠬᠠᠮᠲᠤ ᠶᠢᠨ ᠴᠢᠷᠮᠠᠶᠢᠯᠭ᠎ᠠ ᠶᠢᠨ ᠦᠷ᠎ᠡ ᠳ᠋ᠦᠩ ᠮᠥᠨ᠂ ᠡᠨᠡ ᠨᠢ ᠳᠡᠯᠡᠬᠡᠢ ᠶᠢᠨ ᠬᠥᠮᠦᠨ ᠠᠮᠠ ᠶᠢᠨ ᠳᠥᠷᠪᠡᠨ ᠤ ᠨᠢᠭᠡ ᠬᠤᠪᠢ ᠶᠢ ᠡᠵᠡᠯᠡᠵᠦ ᠪᠠᠶᠢᠭ᠎ᠠ ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠠᠪᠴᠠᠩ ᠳᠤ ᠲᠠᠬᠢᠨ ᠭᠠᠷᠤᠭᠰᠠᠨ ᠢ ᠬᠠᠷᠠᠭᠤᠯᠵᠤ ᠪᠠᠶᠢᠨ᠎ᠠ᠃ ᠡᠨᠡ ᠨᠢ ᠳᠤᠮᠳᠠᠳᠤ ᠤᠯᠤᠰ᠂ ᠳᠡᠯᠡᠬᠡᠢ ᠳ᠋ᠠᠬᠢᠨ ᠳᠤ ᠴᠥᠮ ᠴᠢᠬᠤᠯᠠ ᠪᠥᠭᠡᠳ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃
ᠰᠢ ᠶᠢᠨ ᠫᠢᠩ᠂ ᠰᠢᠨ᠎ᠡ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠪᠠᠨ ᠰᠡᠷᠭᠦᠭᠡᠭᠰᠡᠨ ᠠᠴᠠ ᠨᠠᠰᠢᠬᠢ 50 ᠵᠢᠯ ᠪᠣᠯ ᠳᠤᠮᠳᠠᠳᠤ ᠤᠯᠤᠰ ᠤᠨ ᠡᠩᠬᠡ ᠲᠠᠶᠢᠪᠤᠩ ᠬᠥᠭᠵᠢᠵᠦ᠂ ᠬᠥᠮᠦᠨ ᠲᠥᠷᠥᠯᠬᠢᠲᠡᠨ ᠳᠤ ᠪᠤᠶᠠᠨ ᠦᠢᠯᠡᠳᠦᠭᠰᠡᠨ 50 ᠵᠢᠯ ᠪᠣᠯᠤᠨ᠎ᠠ᠃
— ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠦᠪᠡᠷ ᠤᠨ ᠬᠦᠴᠦ ᠪᠠᠷ ᠢᠶᠠᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠪᠠᠭᠠᠨ ᠬᠥᠷᠪᠡᠭᠡᠨ ᠳᠤᠮᠳᠠ ᠳᠤᠮᠳᠠᠳᠤ ᠤᠯᠤᠰ ᠤᠨ ᠤᠷᠤᠭᠰᠢᠯᠠᠯᠲᠠ ᠶᠢᠨ ᠴᠢᠭᠯᠡᠯ ᠢ ᠡᠵᠡᠮᠳᠡᠵᠦ᠂ ᠳᠤᠮᠳᠠᠳᠤ ᠤᠯᠤᠰ ᠵᠢᠴᠢ ᠬᠥᠮᠦᠨ ᠲᠥᠷᠥᠯᠬᠢᠲᠡᠨ ᠤ ᠬᠥᠭᠵᠢᠯᠲᠡ ᠶᠢᠨ ᠰᠦᠷ ᠳᠠᠯᠠᠶᠢᠴᠠᠲᠠᠢ ᠲᠤᠤᠯᠢᠰ ᠢ ᠪᠢᠴᠢᠭᠯᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢᠬᠢ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠰᠠᠭᠤᠷᠢᠨ ᠳᠡᠭᠡᠷ᠎ᠡ᠂ ᠳᠤᠮᠳᠠᠳᠤ ᠤᠯᠤᠰ ᠤᠨ ᠠᠷᠠᠳ ᠲᠦᠮᠡᠨ ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠨ ᠰᠢᠨ᠎ᠡ ᠴᠠᠭ ᠦᠶ᠎ᠡ ᠶᠢ ᠨᠡᠭᠡᠭᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠠᠮᠵᠢᠯᠲᠠ ᠲᠠᠢ ᠪᠠᠷ ᠡᠭᠦᠳᠦᠨ ᠬᠥᠭᠵᠢᠭᠦᠯᠦᠨ᠂ ᠦᠢᠯᠡᠳᠪᠦᠷᠢᠯᠡᠯ ᠤᠨ ᠬᠦᠴᠦᠨ ᠬᠠᠷᠢᠴᠠᠩᠭᠤᠢ ᠪᠠᠷ ᠬᠤᠴᠣᠷᠤᠩᠭᠤᠢ ᠪᠠᠶᠢᠭᠰᠠᠨ ᠪᠠᠶᠢᠳᠠᠯ ᠠᠴᠠ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠬᠤᠶᠠᠳᠤᠭᠠᠷ ᠲᠤ ᠳᠠᠪᠰᠢᠨ ᠣᠷᠣᠭᠰᠠᠨ ᠲᠡᠦᠬᠡᠲᠦ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠪᠡ᠃
ᠲᠡᠰᠪᠦᠷᠢ ᠬᠠᠲᠠᠭᠤᠵᠢᠯᠲᠠᠶ ᠲᠡᠮᠡᠴᠡᠬᠦ ᠪᠠᠷ ᠳᠡᠮᠵᠢᠨ᠂ ᠳᠤᠮᠳᠠᠳᠤ ᠤᠯᠤᠰ ᠤᠨ ᠠᠷᠠᠳ ᠲᠦᠮᠡᠨ ᠬᠤᠶᠠᠷ ᠭᠠᠷ ᠢᠶᠠᠷ ᠢᠶᠠᠨ ᠳᠤᠮᠳᠠᠳᠤ ᠶᠢᠨ ᠡᠬᠡ ᠭᠠᠵᠠᠷ ᠲᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠤᠶᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠶ ᠪᠠᠷ ᠰᠢᠢᠳᠪᠦᠷᠢᠯᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠡᠭᠡᠨ ᠰᠠᠷᠠᠭᠤᠯ ᠢᠷᠡᠭᠡᠳᠦᠶ ᠶᠢ ᠤᠭᠲᠤᠨ ᠠᠪᠴᠢᠷᠠᠪᠠ᠃
— ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠲᠠᠢ ᠪᠦᠯᠬᠦᠮᠳᠡᠨ ᠬᠠᠮᠲᠤᠷᠠᠯᠴᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠬᠦ ᠡᠩᠬᠡ ᠲᠠᠶᠢᠪᠤᠩ ᠭᠠᠳᠠᠭᠠᠳᠤ ᠬᠠᠷᠢᠯᠴᠠᠭᠠᠨ ᠤ ᠲᠥᠷᠥ ᠶᠢᠨ ᠪᠤᠳᠤᠯᠭ᠎ᠠ ᠶᠢ ᠢᠮᠠᠭᠲᠠ ᠬᠡᠷᠡᠭᠵᠢᠭᠦᠯᠵᠦ᠂ ᠲᠥᠪ ᠶᠣᠰᠣ ᠶᠢ ᠬᠠᠮᠠᠭᠠᠯᠠᠨ᠂ ᠰᠢᠳᠤᠷᠭᠤ ᠶᠣᠰᠣ ᠶᠢ ᠮᠠᠨᠳᠤᠭᠤᠯᠵᠤ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠥᠷᠥ ᠶᠢ ᠡᠷᠡᠰ ᠡᠰᠡᠷᠭᠦᠴᠡᠵᠠᠢ᠃ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠲᠤᠰ ᠪᠡᠶ᠎ᠡ ᠶᠢᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠰᠢᠳᠤᠷᠭᠤ ᠶᠣᠰᠣᠨ ᠤ ᠲᠡᠮᠡᠴᠡᠯ ᠢ ᠡᠷᠡᠰ ᠲᠡᠮᠵᠢᠪᠠ᠃ ᠳᠤᠮᠳᠠᠳᠤ ᠤᠯᠤᠰ ᠤᠨ ᠠᠷᠠᠳ ᠲᠦᠮᠡᠨ ᠬᠠᠮᠲᠤ ᠶᠢᠨ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠵᠤ᠂ 《ᠲᠠᠨᠽᠠᠨᠢᠶ᠎ᠠ ᠽᠠᠮᠪᠢᠶ᠎ᠠ ᠶᠢᠨ ᠲᠡᠮᠤᠷ ᠵᠠᠮ》 ᠠᠴᠠ 《ᠨᠢᠭᠡ ᠪᠦᠰᠡ ᠨᠢᠭᠡ ᠵᠠᠮ》 ᠬᠦᠷᠲᠡᠯ᠎ᠡ ᠬᠥᠭᠵᠢᠵᠦ ᠪᠠᠶᠢᠭ᠎ᠠ ᠤᠯᠤᠰ ᠤᠳ ᠲᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠵᠦ᠂ ᠳᠤᠮᠳᠠᠳᠤ ᠤᠯᠤᠰ ᠤᠨ ᠬᠥᠭᠵᠢᠯᠲᠡ ᠪᠠᠷ ᠳᠡᠯᠡᠬᠡᠢ ᠳ᠋ᠠᠬᠢᠨ ᠳᠤ ᠲᠠᠰᠤᠷᠠᠯᠳᠠ ᠦᠭᠡᠢ ᠰᠢᠨ᠎ᠡ ᠠᠵᠠ ᠲᠣᠬᠢᠶᠠᠯ ᠬᠠᠩᠭᠠᠪᠠ᠃ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠢ ᠳᠠᠭᠠᠷᠢᠭᠰᠠᠨ ᠠᠶᠤᠯ ᠲᠦᠭᠰᠢᠭᠦᠷᠢ ᠲᠠᠢ ᠦᠶ᠎ᠡ ᠳᠤ᠂ ᠳᠤᠮᠳᠠᠳᠤ ᠤᠯᠤᠰ ᠰᠡᠷᠭᠡᠶᠢᠯᠡᠨ ᠡᠵᠡᠮᠳᠡᠬᠦ ᠲᠤᠷᠰᠢᠯᠭ᠎ᠠ ᠪᠠᠨ ᠳᠡᠯᠡᠬᠡᠢ ᠳ᠋ᠠᠬᠢᠨ ᠲᠠᠢ ᠢᠳᠡᠪᠬᠢᠲᠡᠢ ᠬᠤᠪᠢᠶᠠᠯᠴᠠᠵᠤ᠂ ᠡᠯ᠎ᠡ ᠤᠯᠤᠰ ᠲᠤ ᠬᠢᠵᠢᠭ ᠲᠠᠢ ᠲᠡᠮᠡᠴᠡᠬᠦ ᠡᠳ᠋ ᠪᠣᠳᠠᠰ᠂ ᠸᠠᠺᠼᠢᠨ ᠪᠠ ᠡᠮ ᠤᠨ ᠵᠦᠢᠯᠡᠰ ᠢ ᠤᠯᠠᠨ ᠬᠦᠷᠭᠡᠵᠦ᠂ ᠸᠢᠷᠦ᠋ᠰ ᠤᠨ ᠡᠬᠢ ᠡᠭᠦᠰᠦᠯ ᠢ ᠡᠷᠢᠬᠦ ᠰᠢᠨᠵᠢᠯᠡᠬᠦ ᠤᠬᠠᠭᠠᠨ ᠤ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ᠬᠥᠮᠦᠨ ᠲᠥᠷᠥᠯᠬᠢᠲᠡᠨ ᠤ ᠬᠢᠵᠢᠭ ᠤᠨ ᠪᠠᠶᠢᠳᠠᠯ ᠢ ᠲᠤᠶᠢᠯᠪᠤᠷᠢᠲᠠᠢ ᠢᠯᠠᠨ ᠳᠠᠪᠠᠭ᠋ᠤ ᠳᠤ ᠦᠨᠡᠨ ᠰᠡᠳᠭᠢᠯ ᠠᠴᠠ ᠪᠠᠨ ᠢᠳᠡᠪᠬᠢᠲᠡᠢ ᠴᠢᠷᠮᠠᠶᠢᠪᠠ᠃
— ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠬᠠᠮᠠᠭᠠᠯᠠᠵᠤ᠂ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠯᠤᠭ᠎ᠠ ᠶᠢᠨ ᠬᠠᠮᠲᠤᠷᠠᠯᠴᠠᠭ᠎ᠠ ᠡᠳᠦᠷ ᠢᠷᠡᠬᠦᠶ᠎ᠡ ᠭᠦᠨᠵᠡᠭᠡᠶᠢᠷᠡᠪᠡ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠬᠦ ᠤᠯᠤᠰ ᠤᠨ ᠲᠤᠰᠢᠶᠠᠯ ᠬᠠᠷᠢᠭᠤᠴᠠᠯᠭ᠎ᠠ ᠪᠠ ᠡᠭᠦᠷᠭᠡ ᠪᠠᠨ ᠦᠨᠡᠨᠴᠢ ᠪᠠᠷ ᠭᠦᠢᠴᠡᠳᠭᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠬᠠᠮᠠᠭᠠᠯᠠᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠯᠠᠨ ᠤᠯᠤᠰ ᠤᠨ ᠬᠡᠷᠡᠭ ᠶᠠᠪᠤᠳᠠᠯ ᠳᠠᠬᠢ ᠭᠤᠣᠯᠯᠠᠬᠤ ᠦᠢᠯᠡᠳᠦᠯ ᠢ ᠬᠠᠮᠠᠭᠠᠯᠠᠪᠠ᠃ ᠳᠤᠮᠳᠠᠳᠤ ᠤᠯᠤᠰ ᠡᠩᠬᠡ ᠲᠠᠶᠢᠪᠤᠩ ᠠᠷᠭ᠎ᠠ ᠬᠡᠯᠪᠡᠷᠢ ᠶᠢ ᠬᠡᠷᠡᠭᠯᠡᠨ ᠤᠯᠤᠰ ᠲᠥᠷᠥ ᠪᠠᠷ ᠵᠦᠷᠢᠴᠡᠯ ᠢ ᠰᠢᠢᠳᠪᠦᠷᠢᠯᠡᠬᠦ ᠶᠢ ᠢᠳᠡᠪᠬᠢᠲᠡᠢ ᠰᠠᠨᠠᠭᠠᠴᠢᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠮᠢᠩᠭᠠᠨ ᠣᠨ ᠤ ᠬᠥᠭᠵᠢᠯᠲᠡ ᠶᠢᠨ ᠬᠠᠷᠠᠯᠲᠠ ᠶᠢ ᠲᠦᠷᠦᠭᠦᠯᠡᠨ ᠪᠡᠶᠡᠯᠡᠭᠦᠯᠵᠦ᠂ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠲᠦᠷᠦᠭᠦᠯᠡᠨ ᠨᠠᠶᠢᠳᠠᠪᠤᠷᠢᠵᠢᠭᠤᠯᠪᠠ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠪᠠ 《ᠳᠡᠯᠡᠬᠡᠢ ᠶᠢᠨ ᠬᠥᠮᠥᠨ ᠤ ᠡᠷᠬᠡ ᠶᠢᠨ ᠲᠤᠩᠬᠠᠭ》 ᠤᠨ ᠵᠣᠷᠢᠭ ᠰᠠᠨᠠᠭ᠎ᠠ ᠶᠢ ᠢᠮᠠᠭᠲᠠ ᠵᠢᠷᠤᠮᠯᠠᠨ᠂ ᠬᠥᠮᠥᠨ ᠤ ᠡᠷᠬᠡ ᠶᠢᠨ ᠲᠦᠭᠡᠮᠡᠯ ᠴᠢᠨᠠᠷ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠴᠠᠭ ᠦᠶ᠎ᠡ ᠶᠢᠨ ᠤᠷᠤᠰᠬᠠᠯ ᠳᠤ ᠨᠡᠶᠢᠴᠡᠭᠰᠡᠨ᠂ ᠳᠤᠮᠳᠠᠳᠤ ᠤᠯᠤᠰ ᠤᠨ ᠣᠨᠴᠠᠯᠢᠭ ᠲᠠᠢ ᠬᠥᠮᠥᠨ ᠤ ᠡᠷᠬᠡ ᠶᠢᠨ ᠬᠥᠭᠵᠢᠯᠲᠡ ᠶᠢᠨ ᠵᠠᠮ ᠢ ᠨᠡᠭᠡᠭᠡᠵᠦ᠂ ᠳᠤᠮᠳᠠᠳᠤ ᠤᠯᠤᠰ ᠤᠨ ᠬᠥᠮᠥᠨ ᠤ ᠡᠷᠬᠡ ᠶᠢᠨ ᠳᠠᠪᠰᠢᠯᠲᠠ ᠪᠠ ᠤᠯᠠᠨ ᠤᠯᠤᠰ ᠤᠨ ᠬᠥᠮᠥᠨ ᠤ ᠡᠷᠬᠡ ᠶᠢᠨ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃
ᠰᠢ ᠶᠢᠨ ᠫᠢᠩ᠂ ᠳᠡᠯᠡᠬᠡᠢ ᠶᠢᠨ ᠰᠦᠷ ᠳᠠᠯᠠᠶᠢᠴᠠᠲᠠᠢ ᠤᠷᠤᠰᠬᠠᠯ ᠢ ᠲᠠᠭᠠᠪᠠᠯ ᠮᠠᠨᠳᠤᠵᠤ᠂ ᠰᠥᠷᠪᠡᠰᠤ ᠮᠥᠬᠦᠨ᠎ᠡ᠃ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠶᠠᠪᠤᠭᠳᠠᠵᠤ᠂ ᠡᠩᠬᠡ ᠲᠠᠶᠢᠪᠤᠩ ᠬᠥᠭᠵᠢᠯᠲᠡ ᠳᠠᠪᠰᠢᠯᠲᠠ ᠶᠢᠨ ᠬᠦᠴᠦᠨ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ ᠪᠢᠳᠡ ᠲᠡᠦᠬᠡ ᠶᠢᠨ ᠶᠡᠭᠡ ᠬᠠᠨᠳᠤᠰᠢ ᠶᠢ ᠳᠠᠭᠠᠵᠤ᠂ ᠬᠠᠮᠲᠤᠷᠠᠨ ᠠᠵᠢᠯᠯᠠᠬᠤ ᠶᠢ ᠪᠠᠷᠢᠮᠲᠠᠯᠠᠨ᠂ ᠡᠰᠡᠷᠭᠦᠴᠡᠯᠳᠦᠬᠦ ᠦᠭᠡᠢ ᠪᠠᠶᠢᠵᠤ᠂ ᠨᠡᠭᠡᠭᠡᠯᠲᠡ ᠬᠢᠬᠦ ᠶᠢ ᠪᠠᠷᠢᠮᠲᠠᠯᠠᠨ᠂ ᠲᠦᠭᠵᠢᠮᠡᠯ ᠪᠠᠶᠢᠬᠤ ᠪᠠᠨ ᠪᠤᠯᠢᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠪᠠᠷᠢᠮᠲᠠᠯᠠᠨ᠂ ᠤᠭᠳᠤ ᠡᠪᠰᠡᠬᠦ ᠦᠭᠡᠢ ᠦᠵᠡᠯᠴᠡᠭᠡᠨ ᠬᠢᠬᠦ ᠶᠢ ᠡᠰᠡᠷᠭᠦᠴᠡᠵᠤ᠂ ᠶᠠᠮᠠᠷᠪᠠ ᠬᠡᠯᠪᠡᠷᠢ ᠶᠢᠨ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠥᠷᠥ ᠶᠢ ᠡᠷᠡᠰ ᠡᠰᠡᠷᠭᠦᠴᠡᠵᠦ᠂ ᠶᠠᠮᠠᠷᠪᠠ ᠬᠡᠯᠪᠡᠷᠢ ᠶᠢᠨ ᠭᠠᠭᠴᠠ ᠲᠠᠯᠠᠲᠤ ᠦᠵᠡᠯ ᠪᠠ ᠬᠠᠮᠠᠭᠠᠯᠠᠬᠤ ᠦᠵᠡᠯ ᠢ ᠡᠷᠡᠰ ᠡᠰᠡᠷᠭᠦᠴᠡᠨ᠎ᠠ ᠭᠡᠵᠦ ᠴᠢᠬᠤᠯᠠᠴᠢᠯᠠᠪᠠ᠃
— ᠪᠢᠳᠡ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠪᠦᠬᠦᠢ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠶᠡᠭᠡ ᠪᠠᠷ ᠪᠠᠳᠠᠷᠠᠭᠤᠯᠵᠤ᠂ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠳᠦᠭᠡᠨ ᠪᠠᠶᠢᠭᠤᠯᠬᠤ ᠳᠤ ᠵᠥᠪ ᠣᠶᠢᠯᠠᠭᠠᠭᠳᠠᠬᠤᠨ ᠤ ᠵᠢᠯᠤᠭᠤᠳᠤᠯᠭ᠎ᠠ ᠶᠢ ᠬᠠᠮᠲᠤ ᠪᠠᠷ ᠬᠠᠨᠭ᠍ᠭᠠᠪᠠᠯ ᠵᠤᠬᠢᠨ᠎ᠠ᠃ ᠡᠩᠬᠡ ᠲᠠᠶᠢᠪᠤᠩ ᠪᠣᠯᠤᠨ ᠬᠥᠭᠵᠢᠯᠲᠡ ᠪᠣᠯ ᠮᠠᠨ ᠤ ᠬᠠᠮᠲᠤ ᠶᠢᠨ ᠦᠢᠯᠡᠰ ᠮᠥᠨ᠂ ᠲᠥᠪ ᠭᠤᠣᠯᠴᠢ ᠰᠢᠳᠤᠷᠭᠤ ᠶᠣᠰᠣ ᠪᠣᠯ ᠮᠠᠨ ᠤ ᠬᠠᠮᠲᠤ ᠶᠢᠨ ᠬᠦᠰᠡᠯᠡᠩ ᠮᠥᠨ᠂ ᠠᠷᠠᠳᠴᠢᠯᠠᠯ ᠡᠷᠬᠡ ᠴᠢᠯᠥᠭᠡ ᠪᠣᠯ ᠮᠠᠨ ᠤ ᠬᠠᠮᠲᠤ ᠶᠢᠨ ᠬᠥᠭᠡᠭᠡᠴᠡᠯᠳᠦᠯ ᠮᠥᠨ᠃ ᠤᠯᠠᠨ ᠶᠠᠩᠵᠤᠲᠤ ᠴᠢᠨᠠᠷ ᠪᠣᠯ ᠬᠥᠮᠦᠨ ᠲᠥᠷᠥᠯᠬᠢᠲᠡᠨ ᠤ ᠪᠣᠯᠪᠠᠰᠤᠨ ᠤ ᠲᠠᠲᠠᠬᠤ ᠬᠦᠴᠦᠨ ᠮᠥᠨ᠂ ᠨᠡᠩ ᠴᠦ ᠳᠡᠯᠡᠬᠡᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠤ ᠡᠬᠢ ᠰᠤᠷᠪᠤᠯᠵᠢ ᠮᠥᠨ᠃ ᠪᠣᠯᠪᠠᠰᠤᠨ ᠳᠤ ᠡᠷᠬᠢᠮ ᠳᠤᠤᠷᠠᠳᠤ᠂ ᠰᠠᠶᠢᠨ ᠮᠠᠭᠤ ᠶᠢᠨ ᠢᠯᠭᠠᠭ᠎ᠠ ᠭᠡᠵᠦ ᠪᠠᠶᠢᠬᠤ ᠦᠭᠡᠢ᠂ ᠭᠠᠭᠴᠠ ᠬᠦ ᠣᠨᠴᠠᠯᠢᠭ᠂ ᠣᠷᠣᠨ ᠪᠦᠰᠡ ᠶᠢᠨ ᠢᠯᠭᠠᠭ᠎ᠠ ᠭᠡᠵᠦ ᠪᠠᠶᠢᠳᠠᠭ᠂ ᠭᠠᠭᠴᠠ ᠬᠦ ᠰᠣᠯᠢᠯᠴᠠᠭᠠᠨ ᠤ ᠳᠤᠮᠳᠠ ᠰᠠᠶ᠋ᠢ ᠠᠭᠤᠰᠤᠯᠴᠠᠵᠤ᠂ ᠠᠭᠤᠰᠤᠯᠴᠠᠯ ᠤᠨ ᠳᠤᠮᠳᠠ ᠳᠠᠪᠰᠢᠵᠤ ᠴᠢᠳᠠᠨ᠎ᠠ᠃ ᠨᠢᠭᠡ ᠤᠯᠤᠰ ᠤᠨ ᠶᠠᠪᠤᠵᠤ ᠪᠠᠶᠢᠭ᠎ᠠ ᠵᠠᠮ ᠪᠣᠯᠬᠤ ᠡᠰᠡᠬᠦ ᠶᠢᠨ ᠵᠠᠩᠭᠢᠯᠠᠭ᠎ᠠ ᠨᠢ ᠲᠤᠰ ᠤᠯᠤᠰ ᠤᠨ ᠢᠶᠠᠨ ᠤᠯᠤᠰ ᠤᠨ ᠪᠠᠶᠢᠳᠠᠯ ᠲᠠᠢ ᠨᠡᠶᠢᠴᠡᠵᠦ ᠪᠠᠶᠢᠬᠤ ᠡᠰᠡᠬᠦ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠲᠠᠢ ᠨᠡᠶᠢᠴᠡᠵᠦ ᠪᠠᠶᠢᠬᠤ ᠡᠰᠡᠬᠦ᠂ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠨᠡᠶᠢᠭᠡᠮ ᠤᠨ ᠲᠣᠭᠲᠠᠭᠤᠨ ᠪᠠᠶᠢᠳᠠᠯ ᠢ ᠠᠪᠴᠢᠷᠠᠵᠤ ᠴᠢᠳᠠᠬᠤ ᠡᠰᠡᠬᠦ᠂ ᠠᠷᠠᠳ ᠲᠦᠮᠡᠨ ᠤ ᠳᠡᠮᠵᠢᠯᠭᠡ ᠪᠠ ᠬᠦᠷᠢᠶᠡᠯᠡᠯ ᠢ ᠣᠯᠵᠤ ᠴᠢᠳᠠᠬᠤ ᠡᠰᠡᠬᠦ᠂ ᠬᠥᠮᠦᠨ ᠲᠥᠷᠥᠯᠬᠢᠲᠡᠨ ᠤ ᠳᠠᠪᠰᠢᠯᠲᠠ ᠶᠢᠨ ᠦᠢᠯᠡᠰ ᠲᠤ ᠬᠤᠪᠢ ᠨᠡᠮᠡᠷᠢ ᠦᠵᠡᠭᠦᠯᠵᠦ ᠴᠢᠳᠠᠬᠤ ᠡᠰᠡᠬᠦ ᠶᠢ ᠦᠵᠡᠨ᠎ᠡ᠃
— ᠪᠢᠳᠡ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠭᠠᠷ ᠬᠤᠯᠪᠣᠯᠴᠠᠨ ᠠᠬᠢᠭᠤᠯᠵᠤ᠂ ᠥᠨᠢ ᠮᠦᠡᠭᠭᠡ ᠶᠢᠨ ᠡᠩᠬᠡ ᠲᠠᠶᠢᠪᠤᠩ᠂ ᠨᠡᠶᠢᠳᠡᠮ ᠠᠮᠤᠷ ᠲᠦᠪᠰᠢᠨ᠂ ᠬᠠᠮᠲᠤ ᠪᠠᠷ ᠴᠡᠴᠡᠭᠯᠡᠨ ᠬᠦᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠭᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠪᠠᠯ ᠵᠤᠬᠢᠨ᠎ᠠ᠃ ᠬᠥᠮᠦᠨ ᠲᠥᠷᠥᠯᠬᠢᠲᠡᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠶ᠎ᠡ ᠨᠠᠶᠢᠷᠲᠠᠢ ᠬᠠᠮᠲᠤ ᠣᠷᠣᠰᠢᠬᠤ ᠶᠤᠰᠤᠳᠠᠢ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ ᠨᠢ ᠨᠢᠭᠡ ᠪᠠᠶᠢᠭᠤᠯᠤᠯ ᠢᠶᠠᠷ ᠨᠦᠬᠦᠭᠡ ᠪᠠᠶᠢᠭᠤᠯᠤᠯ ᠢ ᠣᠷᠣᠯᠠᠭᠤᠯᠬᠤ ᠶᠠᠪᠤᠳᠠᠯ ᠪᠢᠰᠢ᠂ ᠨᠢᠭᠡ ᠵᠦᠢᠯ ᠤᠨ ᠪᠣᠯᠪᠠᠰᠤᠨ ᠢᠶᠠᠷ ᠨᠦᠬᠦᠭᠡ ᠵᠦᠢᠯ ᠤᠨ ᠪᠣᠯᠪᠠᠰᠤᠨ ᠢ ᠣᠷᠣᠯᠠᠭᠤᠯᠬᠤ ᠶᠠᠪᠤᠳᠠᠯ ᠪᠢᠰᠢ᠂ ᠬᠠᠷᠢᠨ ᠠᠳᠠᠯᠢ ᠪᠤᠰᠤ ᠨᠡᠶᠢᠭᠡᠮ ᠤᠨ ᠪᠠᠶᠢᠭᠤᠯᠤᠯ᠂ ᠠᠳᠠᠯᠢ ᠪᠤᠰᠤ ᠦᠵᠡᠯ ᠤᠬᠠᠮᠰᠠᠷ ᠤᠨ ᠬᠡᠯᠪᠡᠷᠢ᠂ ᠠᠳᠠᠯᠢ ᠪᠤᠰᠤ ᠲᠡᠦᠬᠡ ᠰᠣᠶᠣᠯ᠂ ᠠᠳᠠᠯᠢ ᠪᠤᠰᠤ ᠬᠥᠭᠵᠢᠯᠲᠡ ᠶᠢᠨ ᠲᠦᠪᠰᠢᠨ ᠲᠠᠢ ᠤᠯᠤᠰ ᠤᠳ ᠤᠨ ᠤᠯᠠᠨ ᠤᠯᠤᠰ ᠤᠨ ᠬᠡᠷᠡᠭ ᠶᠠᠪᠤᠳᠠᠯ ᠳᠤᠮᠳᠠ ᠬᠠᠮᠲᠤ ᠶᠢᠨ ᠠᠰᠢᠭ ᠲᠤᠰᠠ ᠲᠠᠢ᠂ ᠡᠷᠬᠡ ᠶᠢ ᠬᠠᠮᠲᠤ ᠪᠠᠷ ᠡᠳ᠋ᠯᠡᠵᠤ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠬᠤ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠪᠦᠷᠢᠯᠳᠦᠭᠦᠯᠬᠦ ᠶᠠᠪᠤᠳᠠᠯ ᠪᠣᠯᠤᠨ᠎ᠠ᠃
— ᠪᠢᠳᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠮᠲᠤ ᠪᠠᠷ ᠠᠬᠢᠭᠤᠯᠵᠤ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠪᠠᠯ ᠵᠤᠬᠢᠨ᠎ᠠ᠃ ᠠᠷᠠᠳ ᠲᠦᠮᠡᠨ ᠤ ᠲᠥᠯᠥᠭᠡ ᠬᠥᠭᠵᠢᠪᠡᠯ ᠰᠠᠶ᠋ᠢ ᠤᠳᠬ᠎ᠠ ᠠᠭᠤᠯᠭ᠎ᠠ ᠲᠠᠢ ︔ ᠠᠷᠠᠳ ᠲᠦᠮᠡᠨ ᠳᠤ ᠲᠦᠰᠢᠭᠯᠡᠨ ᠬᠥᠭᠵᠢᠪᠡᠯ ᠬᠥᠭᠵᠢᠯᠲᠡ ᠰᠠᠶ᠋ᠢ ᠬᠥᠳᠡᠯᠭᠡᠬᠦ ᠬᠦᠴᠦᠨ ᠲᠠᠢ ᠪᠣᠯᠤᠨ᠎ᠠ᠃ ᠳᠡᠯᠡᠬᠡᠢ ᠶᠢᠨ ᠡᠯ᠎ᠡ ᠤᠯᠤᠰ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ ᠲᠥᠪ ᠭᠤᠣᠯᠴᠢ᠂ ᠨᠡᠩ ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠪᠡᠯ ᠵᠣᠬᠢᠨ᠎ᠠ᠃ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢᠨ ᠲᠡᠩᠴᠡᠭᠦᠷᠢᠲᠦ ᠴᠢᠨᠠᠷ᠂ ᠵᠣᠬᠢᠴᠠᠩᠭᠤᠢ ᠴᠢᠨᠠᠷ᠂ ᠪᠠᠭᠲᠠᠭᠠᠮᠵᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ ᠤ ᠬᠥᠭᠵᠢᠯᠲᠡ ᠶᠢᠨ ᠴᠢᠳᠠᠪᠤᠷᠢ ᠶᠢ ᠴᠢᠩᠭᠠᠳᠬᠠᠵᠤ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠡᠳ᠋ᠯᠡᠬᠦ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠤᠯᠤᠰ ᠨᠢᠭᠡ ᠪᠦᠷᠢ ᠬᠥᠮᠦᠨ ᠨᠢᠭᠡ ᠪᠦᠷᠢ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ ᠬᠥᠭᠵᠢᠯᠲᠡ ᠶᠢᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠲᠦᠷᠦᠭᠦᠬᠡᠨ᠂ ᠪᠢ ᠳᠠᠯᠠᠨ ᠵᠢᠷᠭᠤᠳᠤᠭᠠᠷ ᠬᠤᠭᠤᠴᠠᠭᠠᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠡᠭᠡᠷ᠎ᠡ ᠪᠥᠬᠦ ᠪᠦᠮᠪᠦᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠤᠨ ᠭᠠᠷᠭᠠᠵᠤ᠂ ᠡᠯ᠎ᠡ ᠤᠯᠤᠰ ᠤᠨ ᠬᠢᠨ ᠬᠠᠮᠲᠤ ᠪᠠᠷ ᠴᠢᠷᠮᠠᠶᠢᠵᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠥᠬᠦ ᠪᠦᠮᠪᠦᠷᠴᠡᠭ ᠤᠨ ᠬᠥᠭᠵᠢᠯᠲᠡ ᠳᠤ ᠤᠴᠠᠷᠠᠭᠤᠯᠤᠬᠰᠠᠨ ᠳᠠᠭᠠᠷᠢᠯᠲᠠ ᠶᠢ ᠢᠯᠠᠨ ᠳᠠᠪᠠᠵᠤ᠂ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠲᠦᠷᠭᠡᠳᠭᠡᠨ ᠨᠠᠶᠢᠳᠠᠪᠤᠷᠢᠵᠢᠭᠤᠯᠵᠤ᠂ ᠪᠥᠬᠦ ᠪᠦᠮᠪᠦᠷᠴᠡᠭ ᠤᠨ ᠬᠥᠭᠵᠢᠯᠲᠡ ᠶᠢᠨ ᠬᠠᠮᠲᠤ ᠴᠣᠭᠴᠠ ᠶᠢ ᠪᠠᠶᠢᠭᠤᠯᠬᠤ ᠶᠢ ᠬᠦᠰᠡᠭᠰᠡᠨ ᠪᠠᠶᠢᠨ᠎ᠠ᠃
— ᠪᠢᠳᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠥᠷᠢᠰᠥᠯᠳᠦᠭᠡᠨ ᠪᠣᠯᠤᠨ ᠪᠦᠬᠦ ᠪᠦᠮᠪᠦᠷᠴᠡᠭ ᠤᠨ ᠴᠢᠨᠠᠷᠲᠠᠢ ᠠᠰᠠᠭᠤᠳᠠᠯ ᠢ ᠬᠠᠮᠲᠤ ᠪᠠᠷ ᠠᠷᠭᠠᠴᠠᠪᠠᠯ ᠵᠤᠬᠢᠨ᠎ᠠ᠃ ᠭᠠᠭᠴᠠ ᠬᠦ ᠨᠡᠩ ᠪᠠᠭᠲᠠᠭᠠᠮᠵᠢᠲᠠᠢ ᠪᠦᠬᠦ ᠪᠦᠮᠪᠦᠷᠴᠡᠭ ᠤᠨ ᠵᠠᠰᠠᠯᠲᠠ᠂ ᠨᠡᠩ ᠪᠦᠲᠦᠮᠵᠢᠲᠡᠢ ᠤᠯᠠᠨ ᠲᠠᠯᠠᠲᠤ ᠲᠣᠭᠲᠠᠴᠠ᠂ ᠨᠡᠩ ᠢᠳᠡᠪᠬᠢᠲᠡᠢ ᠣᠷᠣᠨ ᠪᠦᠰᠡ ᠶᠢᠨ ᠬᠠᠮᠲᠤᠷᠠᠯᠴᠠᠭ᠎ᠠ ᠶᠢ ᠪᠦᠷᠢᠯᠳᠦᠭᠦᠯᠪᠡᠯ ᠰᠠᠶ᠋ᠢ ᠪᠦᠬᠦ ᠪᠦᠮᠪᠦᠷᠴᠡᠭ ᠤᠨ ᠴᠢᠨᠠᠷᠲᠠᠢ ᠠᠰᠠᠭᠤᠳᠠᠯ ᠢ ᠪᠦᠲᠦᠮᠵᠢᠲᠡᠢ ᠠᠷᠭᠠᠴᠠᠵᠤ ᠴᠢᠳᠠᠨ᠎ᠠ᠃ ᠳᠡᠯᠡᠬᠡᠢ ᠶᠢᠨ ᠡᠯ᠎ᠡ ᠤᠯᠤᠰ ᠪᠣᠳᠠᠲᠤ ᠠᠵᠢᠯᠯᠠᠭ᠎ᠠ ᠪᠠᠷ ᠢᠶᠠᠨ ᠪᠠᠶᠢᠭᠠᠯᠢ ᠶᠢᠨ ᠠᠮᠤᠷ ᠲᠦᠪᠰᠢᠨ ᠤ ᠵᠠᠭᠠᠭ ᠬᠢᠵᠠᠭᠠᠷ ᠢ ᠰᠠᠬᠢᠵᠤ᠂ ᠪᠣᠬᠢᠷᠲᠤᠯ ᠦᠭᠡᠢ ᠰᠡᠷᠭᠦᠯᠲᠡ᠂ ᠪᠣᠬᠢᠷᠲᠤᠯ ᠦᠭᠡᠢ ᠦᠢᠯᠡᠳᠪᠦᠷᠢᠯᠡᠯ᠂ ᠪᠣᠬᠢᠷᠲᠤᠯ ᠦᠭᠡᠢ ᠬᠡᠷᠡᠭᠯᠡᠭᠡ ᠶᠢ ᠵᠣᠷᠢᠭᠵᠢᠭᠤᠯᠵᠤ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠪᠠᠶᠢᠷᠢᠰᠢᠯ ᠢ ᠪᠦᠷᠢᠯᠳᠦᠭᠦᠯᠵᠦ᠂ ᠰᠠᠶᠢᠨ ᠰᠠᠶᠢᠬᠠᠨ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠬᠦ ᠬᠥᠭᠵᠢᠯᠲᠡ ᠶᠢᠨ ᠰᠢᠷᠭᠢᠰᠢ ᠦᠭᠡᠢ ᠡᠬᠢ ᠰᠤᠷᠪᠤᠯᠵᠢ ᠪᠣᠯᠭᠠᠬᠤ ᠬᠡᠷᠡᠭᠲᠡᠢ᠃
— ᠪᠢᠳᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠬᠠᠮᠲᠤ ᠪᠠᠷ ᠦᠢᠯᠡᠳᠦᠯᠭᠡᠵᠢᠭᠦᠯᠬᠦ ᠬᠡᠷᠡᠭᠲᠡᠢ᠃ ᠳᠡᠯᠡᠬᠡᠢ ᠶᠢᠨ ᠡᠯ᠎ᠡ ᠤᠯᠤᠰ ᠤᠨ ᠬᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯᠯᠠᠭᠤᠯᠤᠭᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠵᠢᠷᠤᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠣᠯᠭᠠᠭᠰᠠᠨ ᠤᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠬᠤ ᠬᠡᠷᠡᠭᠲᠡᠢ᠃ ᠤᠯᠠᠨ ᠤᠯᠤᠰ ᠤᠨ ᠲᠦᠷᠢᠮ ᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 193 ᠭᠡᠰᠢᠭᠦᠨ ᠤᠯᠤᠰ ᠬᠠᠮᠲᠤ ᠪᠠᠷ ᠲᠣᠭᠲᠠᠭᠠᠬᠤ ᠠᠴᠠ ᠪᠢᠰᠢ᠂ ᠣᠨᠴᠠ ᠵᠠᠷᠢᠮ ᠤᠯᠤᠰ ᠪᠠ ᠤᠯᠤᠰ ᠤᠨ ᠪᠥᠯᠥᠭᠯᠡᠯ ᠲᠣᠭᠲᠠᠭᠠᠵᠤ ᠪᠣᠯᠬᠤ ᠦᠭᠡᠢ ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 193 ᠭᠡᠰᠢᠭᠦᠨ ᠤᠯᠤᠰ ᠬᠠᠮᠲᠤ ᠪᠠᠷ ᠵᠢᠷᠤᠮᠯᠠᠪᠠᠯ ᠵᠣᠬᠢᠨ᠎ᠠ᠂ ᠣᠨᠴᠠᠭᠠᠢ ᠵᠦᠢᠯ ᠪᠠᠶᠢᠬᠤ ᠦᠭᠡᠢ ᠪᠥᠭᠡᠳ ᠪᠠᠶᠢᠵᠤ ᠴᠦ ᠪᠣᠯᠬᠤ ᠦᠭᠡᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠳᠡᠯᠡᠬᠡᠢ ᠶᠢᠨ ᠡᠯ᠎ᠡ ᠤᠯᠤᠰ ᠤᠨ ᠬᠢᠨ ᠴᠥᠮ ᠬᠦᠨᠳᠦᠳᠭᠡᠬᠦ ᠣᠪᠣᠷ ᠢ ᠪᠠᠷᠢᠮᠲᠠᠯᠠᠨ᠂ ᠡᠨᠡ ᠬᠦ ᠲᠤᠮᠤ ᠭᠡᠷ ᠪᠥᠯᠢ ᠶᠢ ᠰᠠᠶᠢᠳᠤᠷ ᠬᠠᠶᠢᠷᠠᠯᠠᠨ ᠬᠠᠮᠠᠭᠠᠯᠠᠵᠤ ᠰᠠᠬᠢᠨ ᠬᠠᠮᠠᠭᠠᠯᠠᠬᠤ ᠬᠡᠷᠡᠭᠲᠡᠢ᠂ ᠶᠠᠭᠠᠬᠢᠭᠰᠠᠨ ᠴᠦ ᠡᠪᠯᠡᠷᠡᠪᠡᠯ ᠠᠰᠢᠭᠯᠠᠵᠤ᠂ ᠡᠪᠯᠡᠷᠡᠬᠦ ᠦᠭᠡᠢ ᠪᠣᠯ ᠲᠠᠶᠠᠭᠳᠠᠵᠤ ᠪᠤᠯᠬᠤ ᠦᠬᠡᠢ᠂ ᠬᠥᠮᠦᠨ ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠡᠷᠬᠢᠮ ᠳᠡᠭᠡᠳᠦ ᠦᠢᠯᠡᠰ ᠤᠨ ᠳᠤᠮᠳᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠨᠡᠩ ᠢᠳᠡᠪᠬᠢᠲᠡᠢ ᠦᠢᠯᠡᠳᠦᠯ ᠪᠠᠳᠠᠷᠠᠭᠤᠯᠬᠤ ᠭᠡᠷᠡᠭᠳᠠᠢ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠯᠤᠭ᠎ᠠ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠬᠠᠷᠢᠯᠴᠠᠭᠠᠨ ᠤ ᠰᠡᠳᠬᠢᠴᠡ ᠶᠢ ᠰᠦᠪᠡᠭᠴᠢᠯᠡᠵᠦ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠰᠢᠨ᠎ᠡ ᠪᠠᠶᠢᠳᠠᠯ ᠳᠣᠣᠷᠠᠬᠢ ᠤᠯᠠᠨ ᠲᠠᠯᠠᠲᠤ ᠦᠵᠡᠯ ᠤᠨ ᠦᠢᠯᠡᠳᠦᠯᠭᠡ ᠶᠢ ᠲᠠᠰᠤᠷᠠᠯᠳᠠ ᠦᠭᠡᠢ ᠪᠠᠶᠠᠯᠢᠭᠵᠢᠭᠤᠯᠤᠨ᠎ᠠ᠃
ᠰᠢ ᠶᠢᠨ ᠫᠢᠩ ᠬᠠᠮᠤᠭ ᠤᠨ ᠰᠡᠭᠦᠯ ᠳᠤ᠂ ᠦᠩᠭᠡᠷᠡᠭᠰᠡᠨ ᠢᠶᠠᠨ ᠡᠷᠬᠢᠴᠡᠭᠦᠯᠵᠤ ᠦᠨᠦᠳᠦᠷ ᠢᠶᠠᠨ ᠬᠠᠷᠠᠵᠤ᠂ ᠲᠡᠤᠬᠡ ᠪᠠᠷ ᠲᠤᠯᠢᠯᠠᠵᠤ ᠢᠷᠡᠭᠡᠳᠦᠢ ᠪᠠᠨ ᠪᠠᠷᠠᠯᠠᠮᠤᠢ᠂ ᠰᠢᠨ᠎ᠡ ᠲᠡᠦᠬᠡ ᠶᠢᠨ ᠭᠠᠷᠤᠭ᠎ᠠ ᠳᠤ᠂ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ ᠪᠣᠯᠤᠨ᠎ᠠ ︔ ᠥᠭᠡᠷᠡᠴᠢᠯᠡᠯᠲᠡ ᠨᠡᠭᠡᠭᠡᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠪᠦᠬᠦ ᠪᠦᠮᠪᠦᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ ᠪᠣᠯᠤᠨ᠎ᠠ ︔ ᠤᠯᠠᠨ ᠲᠠᠯᠠᠲᠤ ᠦᠵᠡᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ᠃ 《ᠬᠥᠬᠡᠮᠳᠦᠭ ᠠᠭᠤᠯᠠᠰ ᠤᠨ ᠡᠭᠦᠯᠡ ᠪᠣᠷᠣᠭᠠᠨ ᠨᠢᠭᠡ ᠪᠦᠯᠦᠭᠡ᠂ ᠲᠡᠷᠭᠡᠯ ᠰᠠᠷᠠᠨ ᠳᠤ ᠬᠤᠶᠠᠷ ᠨᠤᠲᠤᠭ ᠤᠨ ᠢᠯᠭᠠᠭ᠎ᠠ ᠦᠬᠡᠢ ᠠᠵᠤᠭᠤ》᠃ ᠪᠢᠳᠡ ᠭᠠᠷ ᠬᠤᠯᠪᠣᠯᠴᠠᠨ᠂ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠳᠠᠪᠰᠢᠯᠲᠠ ᠶᠢᠨ ᠲᠠᠯ᠎ᠠ ᠳᠤ ᠵᠣᠭᠰᠣᠵᠤ᠂ ᠳᠡᠯᠡᠬᠡᠢ ᠶᠢᠨ ᠥᠨᠢ ᠮᠥᠩᠬᠡ ᠶᠢᠨ ᠡᠩᠬᠡ ᠲᠠᠶᠢᠪᠤᠩ ᠬᠥᠭᠵᠢᠯᠲᠡ ᠶᠢ ᠪᠡᠶᠡᠯᠡᠭᠦᠯᠬᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ ᠬᠡᠵᠤ ᠴᠢᠬᠤᠯᠠᠴᠢᠯᠠᠪᠠ᠃
ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠬᠦᠲ᠋ᠧᠯᠸᠢᠢᠰ ᠶᠠᠷᠢᠶᠠᠨ ᠳᠠᠭᠠᠨ᠂ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠭᠰᠡᠨ 50 ᠵᠢᠯ ᠤᠨ ᠲᠤᠷᠰᠢ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠡᠳᠦᠷ ᠢᠷᠡᠬᠦᠶ᠎ᠡ ᠴᠢᠬᠤᠯᠠ ᠬᠤᠪᠢ ᠨᠡᠮᠡᠷᠢ ᠦᠵᠡᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠶᠢᠳᠠᠪᠤᠷᠢᠲᠠᠢ ᠬᠠᠨᠢᠲᠠᠨ ᠪᠠ ᠤᠯᠠᠨ ᠤᠯᠤᠰ ᠤᠨ ᠬᠠᠮᠲᠤᠷᠠᠯᠴᠠᠭᠠᠨ ᠤ ᠭᠤᠣᠯ ᠲᠤᠯᠭᠠᠭᠤᠷᠢ ᠪᠣᠯᠵᠠᠢ᠃ ᠳᠤᠮᠳᠠᠳᠤ ᠤᠯᠤᠰ ᠤᠨ ᠬᠢᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ᠂ ᠶᠠᠳᠠᠭᠤ ᠬᠦᠴᠢᠷᠳᠡᠯ ᠢ ᠠᠷᠢᠯᠭᠠᠬᠤ᠂ ᠡᠨᠧᠷᠭᠢ ᠪᠣᠬᠢᠷᠲᠤᠯ ᠦᠭᠡᠢ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠳᠤ ᠴᠢᠬᠤᠯᠠ ᠦᠢᠯᠡᠳᠦᠯ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠢᠨ ᠪᠦᠬᠦ ᠪᠦᠮᠪᠦᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠳᠤ ᠳᠡᠮᠵᠢᠯᠭᠡ ᠬᠠᠩᠭᠠᠨ᠎ᠠ᠃ ᠳᠡᠯᠡᠬᠡᠢ ᠨᠡᠶᠢᠭᠡᠮ ᠢᠶᠠᠷ ᠢᠶᠠᠨ ᠤᠯᠠᠨ ᠲᠠᠯᠠᠲᠤ ᠦᠵᠡᠯ ᠢ ᠳᠡᠮᠵᠢᠵᠦ᠂ ᠤᠯᠠᠨ ᠲᠠᠯᠠᠲᠤ ᠰᠢᠰᠲ᠋ᠧᠮ ᠢ ᠴᠢᠩᠭᠠᠳᠬᠠᠵᠤ᠂ ᠪᠦᠬᠦ ᠪᠦᠮᠪᠦᠷᠴᠡᠭ ᠤᠨ ᠴᠢᠨᠠᠷᠲᠠᠢ ᠥᠷᠢᠰᠦᠯᠳᠦᠭᠡᠨ ᠢ ᠪᠦᠯᠬᠦᠮᠳᠡᠨ ᠠᠷᠭᠠᠴᠠᠭᠠᠬᠤ ᠶᠢ ᠤᠷᠢᠶᠠᠯᠠᠵᠤ ᠪᠠᠶᠢᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠢᠨ ᠦᠷᠭᠦᠯᠵᠢᠯᠡᠨ ᠳᠤᠮᠳᠠᠳᠤ ᠤᠯᠤᠰ ᠤᠨ ᠨᠠᠶᠢᠳᠠᠪᠤᠷᠢᠲᠠᠢ ᠬᠠᠨᠢᠲᠠᠨ ᠪᠤᠯᠵᠤ᠂ ᠨᠡᠩ ᠲᠥᠪ ᠭᠤᠣᠯᠴᠢ ᠪᠥᠭᠡᠳ ᠦᠷᠭᠦᠯᠵᠢᠯᠡᠬᠦ ᠬᠥᠭᠵᠢᠯᠲᠡ ᠶᠢᠨ ᠢᠷᠡᠭᠡᠳᠦᠢ ᠶᠢ ᠬᠠᠮᠲᠤ ᠪᠠᠷ ᠴᠣᠭᠴᠠᠯᠠᠬᠤ ᠶᠢ ᠴᠢᠬᠤᠯᠠᠴᠢᠯᠠᠵᠤ ᠪᠠᠶᠢᠨ᠎ᠠ ᠬᠡᠵᠤ ᠢᠯᠡᠳᠬᠡᠪᠡ᠃
ᠳ᠋ᠢᠩ ᠰᠢᠤᠸᠠᠢ ᠰᠢᠶᠠᠩ᠂ ᠶᠠᠩ ᠵᠢᠶᠧ ᡂᠢ ᠨᠠᠷ ᠬᠤᠷᠠᠯ ᠳᠤ ᠣᠷᠣᠯᠴᠠᠵᠠᠢ᠃
ᠸᠠᠩ ᠢ ᠬᠤᠷᠠᠯ ᠢ ᠡᠷᠬᠢᠯᠡᠪᠡ᠃
ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠵᠢᠯ ᠢ ᠤᠯᠠᠨ ᠵᠢᠯ ᠬᠢᠭᠰᠡᠨ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠭᠠᠳᠠᠭᠠᠳᠤ ᠶᠠᠪᠤᠳᠠᠯ ᠤᠨ ᠠᠵᠢᠯᠲᠠᠨ ᠤ ᠲᠥᠯᠥᠭᠡᠯᠡᠭᠴᠢ᠂ ᠳᠤᠮᠳᠠᠳᠤ ᠤᠯᠤᠰ ᠲᠤ ᠰᠠᠭᠤᠭ᠎ᠠ ᠡᠯ᠎ᠠ ᠤᠯᠤᠰ ᠤᠨ ᠡᠯᠴᠢᠨ ᠰᠠᠶᠢᠳ ᠪᠣᠯᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠲᠤ ᠰᠠᠭᠤᠭ᠎ᠠ ᠲᠥᠯᠥᠭᠡᠯᠡᠭᠴᠢ ᠵᠡᠷᠭᠡ 200 ᠭᠠᠷᠤᠢ ᠬᠥᠮᠦᠨ ᠬᠤᠷᠠᠯ ᠳᠤ ᠣᠷᠣᠯᠴᠠᠪᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠪᠠᠶᠢᠩᠭᠤ ᠰᠠᠭᠤᠭ᠎ᠠ ᠳᠤᠮᠳᠠᠳᠤ ᠤᠯᠤᠰ ᠤᠨ ᠲᠥᠯᠥᠭᠡᠯᠡᠭᠴᠢ ᠸᠠᠩ ᠭᠤᠸᠠᠩ ᠶᠠ᠂ ᠳᠤᠮᠳᠠᠳᠤ ᠤᠯᠤᠰ ᠲᠤ ᠰᠠᠭᠤᠭ᠎ᠠ ᠤᠷᠤᠰ ᠤᠨ ᠡᠯᠴᠢᠨ ᠰᠠᠶᠢᠳ ᠵᠢᠶᠧᠨᠢᠰᠤᠹ᠂ ᠠᠯᠵᠧᠷᠢᠶ᠎ᠠ ᠶᠢᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠪᠦᠬᠠᠯᠢᠹᠠ ᠲᠤᠰ ᠲᠤᠰ ᠪᠠᠶᠠᠷ ᠤᠨ ᠦᠭᠡ ᠬᠡᠯᠡᠪᠡ᠃