ᠵᠤᠬᠢᠶᠠᠭᠴᠢ:
ᠴᠠᠭ:2021-10-28
ᠥᠵᠡᠭᠰᠡᠨ : ℃
ᠢᠷᠡᠯᠲᠡ: ᠥᠪᠥᠷ ᠮᠣᠩᠭᠤᠯ ᠤᠨ ᠡᠳᠦᠷ ᠤᠨ ᠰᠣᠨᠢᠨ
ᠰᠢ ᠶᠢᠨ ᠫᠢᠩ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠲᠤᠬᠠᠢ ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠭᠡᠷᠡᠲᠦ ᠲᠠᠯ᠎ᠠ ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠶᠡᠭᠡ ᠬᠤᠷᠠᠯ ᠤᠨ ᠳᠡᠯᠡᠬᠡᠢ ᠶᠢᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠤ ᠪᠢᠴᠢᠭ ᠤᠨ ᠬᠡᠯᠪᠡᠷᠢ ᠪᠠᠷ ᠪᠠᠶᠠᠷ ᠤᠨ ᠦᠭᠡ ᠬᠡᠯᠡᠪᠡ
ᠰᠢᠨᠬᠤᠸᠠ ᠬᠤᠷᠢᠶᠠᠨ ᠤ ᠪᠡᠭᠡᠵᠢᠩ ᠤᠨ 2021 11 ᠰᠠᠷ᠎ᠠ ᠶᠢᠨ 1 ᠤ ᠴᠠᠬᠢᠯᠭᠠᠨ ᠮᠡᠳᠡᠭᠡ 11 ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 《ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ》 ᠶᠢᠨ ᠭᠡᠷᠡᠲᠦ ᠲᠠᠯ᠎ᠠ ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠶᠡᠭᠡ ᠬᠤᠷᠠᠯ ᠤᠨ ᠳᠡᠯᠡᠬᠡᠢ ᠶᠢᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠤ ᠪᠢᠴᠢᠭ ᠤᠨ ᠬᠡᠯᠪᠡᠷᠢ ᠪᠠᠷ ᠪᠠᠶᠠᠷ ᠤᠨ ᠦᠭᠡ ᠬᠡᠯᠡᠪᠡ᠃
ᠰᠢ ᠶᠢᠨ ᠫᠢᠩ᠂ ᠣᠳᠣᠬᠠᠨ ᠳᠤ ᠠᠭᠤᠷ ᠠᠮᠢᠰᠬᠤᠯ ᠤᠨ ᠬᠤᠪᠢᠷᠠᠯᠲᠠ ᠶᠢᠨ ᠠᠰᠢᠭ ᠦᠭᠡᠢ ᠨᠥᠯᠥᠭᠡ ᠡᠳᠦᠷ ᠢᠷᠡᠬᠦᠶ᠎ᠡ ᠢᠯᠡᠷᠡᠵᠦ᠂ ᠪᠦᠬᠦ ᠪᠥᠮᠪᠥᠷᠴᠡᠭ ᠤᠨ ᠠᠵᠢᠯᠯᠠᠭᠠᠨ ᠤ ᠲᠤᠯᠭᠠᠮ ᠴᠢᠨᠠᠷ ᠦᠷᠭᠦᠯᠵᠢᠯᠡᠨ ᠳᠡᠭᠡᠭᠰᠢᠯᠡᠵᠦ ᠪᠠᠶᠢᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢ ᠬᠡᠷᠬᠢᠨ ᠠᠷᠭᠠᠴᠠᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢ ᠠᠬᠢᠭᠤᠯᠬᠤ ᠪᠣᠯ ᠪᠢᠳᠡᠨ ᠳᠤ ᠲᠤᠯᠭᠠᠷᠠᠵᠤ ᠪᠠᠶᠢᠭ᠎ᠠ ᠴᠠᠭ ᠦᠶ᠎ᠡ ᠶᠢᠨ ᠰᠡᠳᠦᠪ ᠮᠥᠨ ᠭᠡᠵᠤ ᠵᠢᠭᠠᠵᠤ ᠭᠠᠷᠭᠠᠪᠠ᠃
ᠰᠢ ᠶᠢᠨ ᠫᠢᠩ ᠭᠤᠷᠪᠠᠨ ᠳᠠᠯ᠎ᠠ ᠶᠢᠨ ᠰᠠᠨᠠᠭᠤᠯᠭ᠎ᠠ ᠳᠤᠷᠠᠳᠪᠠ᠃
ᠨᠢᠭᠡᠳᠦᠭᠡᠷ ᠲᠤ᠂ ᠤᠯᠠᠨ ᠲᠠᠯᠠᠲᠤ ᠬᠠᠮᠲᠤ ᠶᠢᠨ ᠲᠠᠨᠢᠯᠲᠠ ᠶᠢ ᠬᠠᠮᠠᠭᠠᠯᠠᠶ᠎ᠠ᠃ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠰᠢᠯᠭᠠᠯᠲᠠ ᠶᠢ ᠠᠷᠭᠠᠴᠠᠬᠤ ᠳᠤ ᠤᠯᠠᠨ ᠲᠠᠯᠠᠲᠤ ᠦᠵᠡᠯ ᠪᠣᠯ ᠰᠠᠶᠢᠨ ᠵᠣᠷ ᠶᠤᠮ᠃ 《ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠲᠤᠬᠠᠢ ᠪᠦᠳᠦᠬᠦᠪᠴᠢ ᠨᠡᠶᠢᠲᠡ ᠶᠢᠨ ᠭᠡᠷ᠎ᠡ》 ᠵᠢᠴᠢ 《ᠫᠠᠷᠢᠰ ᠤᠨ ᠬᠡᠯᠡᠯᠴᠡᠭᠡᠷ》 ᠪᠣᠯ ᠠᠭᠤᠷ ᠠᠮᠢᠰᠬᠤᠯ ᠤᠨ ᠬᠤᠪᠢᠷᠠᠯᠲᠠ ᠶᠢ ᠬᠠᠮᠲᠤᠷᠠᠨ ᠠᠷᠭᠠᠴᠠᠬᠤ ᠳᠡᠯᠡᠬᠡᠢ ᠨᠡᠶᠢᠲᠡ ᠶᠢᠨ ᠦᠨᠳᠦᠰᠦᠨ ᠬᠠᠤᠯᠢ ᠴᠠᠭᠠᠵᠠ ᠶᠢᠨ ᠵᠢᠷᠤᠮᠯᠠᠯ ᠮᠥᠨ᠃ ᠡᠯ᠎ᠡ ᠲᠠᠯ᠎ᠠ ᠶᠢᠨ ᠬᠢᠨ ᠬᠠᠮᠲᠤ ᠶᠢᠨ ᠲᠠᠨᠢᠯᠲᠠ ᠶᠢᠨ ᠰᠠᠭᠤᠷᠢᠨ ᠳᠡᠭᠡᠷ᠎ᠡ ᠢᠲᠡᠭᠡᠯᠴᠡᠭᠡ ᠪᠠᠨ ᠨᠡᠮᠡᠭᠳᠡᠭᠦᠯᠵᠦ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠯᠠᠰᠭᠤ᠋ ᠶᠢᠨ ᠶᠡᠭᠡ ᠬᠤᠷᠠᠯ ᠤᠨ ᠠᠮᠵᠢᠯᠲᠠ ᠣᠯᠬᠤ ᠶᠢ ᠦᠨᠡᠨ ᠬᠦ ᠪᠠᠲᠤᠯᠠᠪᠠᠯ ᠵᠣᠬᠢᠨ᠎ᠠ᠃
ᠬᠤᠶᠠᠳᠤᠭᠠᠷ ᠲᠤ᠂ ᠪᠣᠳᠠᠲᠠᠢ ᠶᠢ ᠡᠷᠬᠢᠮᠯᠡᠬᠦ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠤᠶᠡ᠃ ᠬᠦᠳᠡᠯᠦᠯᠴᠡᠪᠡᠯ ᠬᠦᠰᠡᠯ ᠡᠷᠡᠮᠡᠯᠵᠡᠯ ᠪᠡᠶᠡᠯᠡᠭᠳᠡᠵᠦ ᠴᠢᠳᠠᠨ᠎ᠠ᠃ ᠡᠯ᠎ᠡ ᠲᠠᠯ᠎ᠠ ᠶᠢᠨ ᠬᠢᠨ ᠢᠲᠡᠭᠡᠯ ᠢ ᠡᠷᠬᠢᠮᠯᠡᠨ ᠠᠮᠠᠯᠠᠯᠲᠠ ᠪᠠᠨ ᠵᠢᠷᠤᠮᠯᠠᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠠᠷᠠᠯᠲᠠ ᠪᠠ ᠠᠯᠤᠰ ᠤᠨ ᠲᠥᠰᠥᠪ ᠢ ᠲᠣᠭᠲᠠᠭᠠᠬᠤ ᠶᠢᠨ ᠬᠠᠮᠲᠤ ᠤᠯᠤᠰ ᠤᠨ ᠪᠠᠶᠢᠳᠠᠯ ᠢᠶᠠᠨ ᠦᠨᠳᠦᠰᠦᠯᠡᠨ ᠴᠢᠳᠠᠯ ᠤᠨ ᠢᠶᠠᠨ ᠬᠢᠷᠢ ᠪᠠᠷ ᠴᠢᠷᠮᠠᠶᠢᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠪᠡᠯ ᠵᠤᠬᠢᠨ᠎ᠡ᠃ ᠬᠥᠭᠵᠢᠭᠰᠡᠨ ᠤᠯᠤᠰ ᠤᠳ ᠥᠪᠡᠷ ᠢᠶᠠᠨ ᠨᠡᠩ ᠤᠯᠠᠨ ᠬᠢᠬᠦ ᠪᠦᠭᠡᠳ ᠪᠠᠰᠠ ᠬᠥᠭᠵᠢᠵᠦ ᠪᠠᠶᠢᠭ᠎ᠠ ᠤᠯᠤᠰ ᠤᠳ ᠲᠤ ᠨᠡᠩ ᠰᠠᠶᠢᠨ ᠳᠡᠮᠵᠢᠯᠭᠡ ᠦᠵᠡᠭᠦᠯᠤᠶᠡ᠃
ᠭᠤᠷᠪᠠᠳᠤᠭᠠᠷ ᠲᠤ᠂ ᠪᠣᠬᠢᠷᠲᠤᠯ ᠦᠭᠡᠢ ᠲᠡᠶᠢᠰᠢ ᠰᠢᠯᠵᠢᠬᠦ ᠶᠢ ᠲᠦᠷᠭᠡᠳᠭᠡᠶ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠡᠨᠧᠷᠭᠢ ᠶᠢᠨ ᠡᠬᠢ ᠪᠠᠶᠠᠯᠢᠭ᠂ ᠠᠵᠤ ᠦᠢᠯᠡᠰ ᠤᠨ ᠪᠦᠲᠦᠴᠡ᠂ ᠬᠡᠷᠡᠭᠯᠡᠭᠡᠨ ᠤ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠥᠭᠵᠢᠯᠲᠡ ᠪᠠ ᠬᠠᠮᠠᠭᠠᠯᠠᠯᠲᠠ ᠶᠢ ᠬᠠᠷᠢᠯᠴᠠᠨ ᠬᠠᠮᠵᠢᠯᠴᠠᠭᠤᠯᠬᠤ ᠰᠢᠨ᠎ᠡ ᠠᠷᠭ᠎ᠠ ᠵᠠᠮ ᠢ ᠰᠦᠪᠡᠭᠴᠢᠯᠡᠶ᠎ᠡ᠃
ᠰᠢ ᠶᠢᠨ ᠫᠢᠩ᠂ ᠳᠤᠮᠳᠠᠳᠤ ᠤᠯᠤᠰ ᠬᠥᠮᠦᠨ ᠪᠠᠶᠢᠭᠠᠯᠢ ᠪᠤᠯ ᠠᠮᠢ ᠨᠠᠰᠤᠨ ᠤ ᠬᠠᠮᠲᠤ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠬᠥᠭᠵᠢᠯᠲᠡ ᠶᠢᠨ ᠠᠵᠤ ᠠᠬᠤᠶ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠨᠧᠷᠭᠢ ᠶᠢᠨ ᠬᠤᠷᠣᠭᠳᠠᠯ ᠶᠡᠬᠡᠲᠡᠶ᠂ ᠭᠠᠳᠠᠭᠰᠢᠯᠠᠭᠤᠯᠤᠯᠲᠠ ᠶᠡᠬᠡᠲᠡᠶ ᠲᠥᠷᠥᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ᠡᠨᠧᠷᠭᠢ ᠶᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠨ ᠠᠬᠢᠭᠤᠯᠵᠤ᠂ ᠳᠠᠬᠢᠯᠳᠠ ᠡᠨᠧᠷᠭᠢ ᠶᠢ ᠶᠡᠭᠡ ᠪᠠᠷ ᠬᠥᠭᠵᠢᠭᠦᠯᠵᠦ᠂ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠭᠡᠷᠡᠯᠴᠢ ᠴᠡᠨᠡᠭ ᠤᠨ ᠰᠠᠭᠤᠷᠢᠨ ᠤ ᠲᠥᠷᠥᠯ ᠵᠦᠢᠯ ᠢ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ ᠣᠶᠢᠷ᠎ᠠ ᠳᠤ᠂ ᠳᠤᠮᠳᠠᠳᠤ ᠤᠯᠤᠰ 《ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠬᠦ ᠲᠠᠯ᠎ᠠ ᠪᠠᠷ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠲᠤᠬᠠᠶ ᠰᠠᠨᠠᠯ》 ᠪᠠ 《2030 ᠣᠨ ᠠᠴᠠ ᠡᠮᠦᠨ᠎ᠠ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ ᠠᠵᠢᠯ ᠤᠨ ᠲᠥᠰᠦᠯ》 ᠢ ᠨᠡᠶᠢᠲᠡᠯᠡᠵᠦ᠂ ᠪᠠᠰᠠ ᠡᠨᠧᠷᠭᠢ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠨᠡᠭᠦᠷᠡᠰᠦ᠂ ᠴᠠᠬᠢᠯᠭᠠᠨ ᠬᠦᠴᠦ᠂ ᠪᠣᠯᠣᠳ ᠲᠡᠮᠦᠷ᠂ ᠱᠦᠢᠨᠢ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠡᠷᠡᠭᠵᠢᠭᠦᠯᠬᠦ ᠲᠥᠰᠦᠯ ᠢ ᠵᠠᠯᠭᠠᠭ᠎ᠠ ᠪᠠᠷ ᠨᠡᠶᠢᠲᠡᠯᠡᠵᠦ᠂ ᠰᠢᠨᠵᠢᠯᠡᠬᠦ ᠤᠬᠠᠭᠠᠨ ᠮᠡᠷᠭᠡᠵᠢᠯ᠂ ᠨᠡᠭᠦᠷᠡᠰᠦᠳᠦ᠋ᠷᠦᠭᠴᠢ ᠬᠤᠷᠠᠮᠳᠤᠭᠤᠯᠬᠤ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ 《1 + N》 ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠦᠷᠢᠯᠳᠦᠭᠦᠯᠦᠨ᠎ᠠ ᠭᠡᠵᠦ ᠴᠢᠬᠤᠯᠠᠴᠢᠯᠠᠪᠠ᠃
ᠰᠢ ᠶᠢᠨ ᠫᠢᠩ᠂ ᠳᠤᠮᠳᠠᠳᠤ ᠤᠯᠤᠰ ᠤᠨ ᠡᠷᠲᠡᠨ ᠤ ᠦᠬᠡᠨ ᠳᠤ᠂ 《ᠪᠤᠳᠠᠳᠤ ᠬᠦᠳᠡᠯᠮᠦᠷᠢ ᠵᠠᠷᠤᠴᠠᠭᠤᠯᠪᠠᠯ ᠲᠡᠯᠡᠭᠡᠢ ᠳ᠋ᠠᠬᠢᠨ ᠡᠩᠭᠡ ᠲᠠᠶᠢᠪᠤᠩ ᠪᠤᠯᠤᠮᠤᠢ》 ᠭᠡᠵᠦ ᠪᠠᠶᠢᠳᠠᠭ᠃ ᠳᠤᠮᠳᠠᠳᠤ ᠶᠢᠨ ᠲᠠᠯ᠎ᠠ ᠡᠯ᠎ᠡ ᠲᠠᠯ᠎ᠠ ᠶᠢᠨ ᠬᠢᠨ ᠤ ᠠᠵᠢᠯᠯᠠᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠶᠢᠨ ᠥᠷᠢᠰᠦᠯᠳᠦᠭᠡᠨ ᠢ ᠭᠠᠷ ᠬᠤᠯᠪᠣᠯᠴᠠᠨ ᠠᠷᠭᠠᠴᠠᠵᠤ᠂ ᠬᠥᠮᠦᠨ ᠲᠥᠷᠥᠯᠬᠢᠲᠡᠨ ᠤ ᠬᠠᠮᠲᠤ ᠶᠢᠨ ᠭᠡᠷ ᠤᠷᠤᠨ ᠪᠤᠯᠬᠤ ᠳᠡᠯᠡᠬᠡᠢ ᠶᠢᠨ ᠪᠥᠮᠪᠥᠷᠴᠡᠭ ᠢ ᠬᠦᠴᠦ ᠪᠠᠨ ᠬᠠᠮᠲᠤᠳᠬᠠᠨ ᠬᠠᠮᠠᠭᠠᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
ᠳᠡᠯᠡᠬᠡᠢ ᠶᠢᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ 11 ᠰᠠᠷ᠎ᠠ ᠶᠢᠨ 1 ᠤ ᠡᠳᠦᠷ ᠠᠴᠠ 2 ᠤᠨ ᠡᠳᠦᠷ ᠪᠣᠯᠲᠠᠯ᠎ᠠ ᠭᠯᠠᠰᠭᠤ᠋ ᠶᠢᠨ 《ᠠᠭᠤᠷ ᠠᠮᠢᠰᠬᠤᠯ ᠤᠨ ᠬᠤᠪᠢᠷᠠᠯᠲᠠ ᠶᠢᠨ ᠲᠤᠬᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠦᠳᠦᠭᠦᠪᠴᠢ ᠨᠡᠶᠢᠲᠡ ᠶᠢᠨ ᠭᠡᠷ᠎ᠡ》 ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠭᠡᠷᠡᠳᠤ ᠲᠠᠯ᠎ᠠ ᠶᠢᠨ ᠶᠡᠭᠡ ᠬᠤᠷᠠᠯ ᠤᠨ ᠬᠤᠭᠤᠴᠠᠭᠠᠨ ᠳᠤ ᠬᠤᠷᠠᠯᠳᠤᠪᠠ᠃