ᠵᠤᠬᠢᠶᠠᠭᠴᠢ:
ᠴᠠᠭ:2021-10-28
ᠥᠵᠡᠭᠰᠡᠨ : ℃
ᠢᠷᠡᠯᠲᠡ: ᠥᠪᠥᠷ ᠮᠣᠩᠭᠤᠯ ᠤᠨ ᠡᠳᠦᠷ ᠤᠨ ᠰᠣᠨᠢᠨ
ᠰᠢ ᠶᠢᠨ ᠫᠢᠩ ᠬᠤᠷᠢᠨ ᠤᠯᠤᠰ ᠤᠨ ᠪᠥᠯᠥᠭᠯᠡᠯ ᠤᠨ ᠤᠳᠤᠷᠢᠳᠬᠤ ᠬᠦᠮᠦᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠨᠢᠭᠡᠳᠦᠭᠡᠷ ᠱᠠᠲᠤᠨ ᠤ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
2021 10 ᠰᠠᠷ᠎ᠠ ᠶᠢᠨ 30 ᠤ ᠡᠳᠤᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ ᠬᠤᠷᠢᠨ ᠤᠯᠤᠰ ᠤᠨ ᠪᠥᠯᠥᠭᠯᠡᠯ ᠤᠨ ᠤᠳᠤᠷᠢᠳᠬᠤ ᠬᠥᠮᠦᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠨᠢᠭᠡᠳᠦᠭᠡᠷ ᠱᠠᠲᠤᠨ ᠤ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
ᠰᠢ ᠶᠢᠨ ᠫᠢᠩ᠂ ᠣᠳᠣᠬᠠᠨ ᠳᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠲᠠᠬᠢᠨ ᠳᠠᠪᠲᠠᠨ ᠡᠭᠦᠰᠴᠦ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠡᠪᠡᠷᠡᠭ᠂ ᠠᠭᠤᠷ ᠠᠮᠢᠰᠬᠤᠯ ᠤᠨ ᠬᠤᠪᠢᠷᠠᠯᠲᠠ ᠶᠢᠨ ᠥᠷᠢᠰᠥᠯᠳᠦᠭᠡᠨ ᠳᠣᠪᠣᠶᠢᠮ᠎ᠠ᠂ ᠭᠠᠵᠠᠷ ᠣᠷᠣᠨ ᠤ ᠬᠠᠯᠠᠮᠰᠢᠯ ᠠᠰᠠᠭᠤᠳᠠᠯ ᠤᠯᠠᠨ ᠭᠠᠷᠴᠤ ᠪᠠᠶᠢᠨ᠎ᠠ᠃ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠤᠨ ᠡᠮᠦᠨ᠎ᠡ᠂ ᠬᠤᠷᠢᠨ ᠤᠯᠤᠰ ᠤᠨ ᠪᠥᠯᠥᠭᠯᠡᠯ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠭᠤᠣᠯ ᠶᠠᠷᠢᠶᠠᠨ ᠤ ᠲᠠᠪᠴᠠᠩ ᠪᠣᠯᠣᠭᠰᠠᠨ ᠤ ᠬᠤᠪᠢ ᠳᠤ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠬᠥᠮᠦᠨ ᠲᠦᠷᠦᠯᠬᠢᠲᠡᠨ ᠤ ᠢᠷᠡᠭᠡᠳᠦᠢ᠂ ᠠᠷᠠᠳ ᠲᠦᠮᠡᠨ ᠤ ᠪᠤᠶᠠᠨ ᠵᠢᠷᠭᠠᠯ ᠤᠨ ᠲᠥᠯᠥᠭᠡ ᠨᠡᠭᠡᠭᠡᠯᠲᠡᠲᠦ ᠪᠠᠭᠲᠠᠭᠠᠮᠵᠢᠲᠠᠢ᠂ ᠬᠠᠮᠳᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠶᠢ ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠬᠥᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃
ᠰᠢ ᠶᠢᠨ ᠫᠢᠩ 5 ᠳᠠᠯ᠎ᠠ ᠶᠢᠨ ᠰᠠᠨᠠᠭᠤᠯᠭ᠎ᠠ ᠳᠤᠷᠠᠳᠴᠠᠢ᠃
ᠨᠢᠭᠡᠳᠦᠭᠡᠷ ᠲᠤ᠂ ᠪᠦᠯᠬᠦᠮᠳᠡᠨ ᠬᠠᠮᠲᠤᠷᠠᠯᠴᠠᠵᠤ᠂ ᠭᠠᠷ ᠬᠤᠯᠪᠣᠯᠴᠠᠨ ᠬᠢᠵᠢᠭ ᠲᠠᠢ ᠲᠡᠮᠡᠴᠡᠶ᠎ᠡ᠃ ᠳᠡᠯᠡᠬᠡᠢ ᠨᠡᠶᠢᠭᠡᠮ ᠢᠶᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠨᠵᠢᠯᠡᠬᠦ ᠤᠬᠠᠭᠠᠨᠴᠢ ᠣᠪᠣᠷ ᠢᠶᠠᠷ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠶᠢᠨ ᠬᠠᠮᠲᠤ ᠢᠯᠠᠨ ᠳᠠᠪᠠᠵᠤ᠂ ᠰᠡᠷᠭᠡᠶᠢᠯᠡᠨ ᠡᠵᠡᠮᠳᠡᠬᠦ᠂ ᠣᠨᠣᠰᠢᠯᠠᠨ ᠡᠮᠨᠡᠬᠦ ᠠᠷᠭ᠎ᠠ ᠪᠠᠷᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠦᠨᠳᠦ ᠶᠡᠭᠡ ᠭᠡᠨᠡᠳᠲᠡ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠪᠡᠯ ᠵᠣᠬᠢᠨ᠎ᠠ᠃ ᠬᠤᠷᠢᠨ ᠤᠯᠤᠰ ᠤᠨ ᠪᠥᠯᠥᠭᠯᠡᠯ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠡᠬᠢ ᠪᠠᠶᠠᠯᠢᠭ ᠢ ᠳᠠᠶᠢᠴᠢᠯᠠᠬᠤ᠂ ᠬᠠᠮᠲᠤᠷᠠᠯᠴᠠᠭ᠎ᠠ ᠶᠢ ᠠᠬᠢᠭᠤᠯᠬᠤ ᠲᠠᠯ᠎ᠠ ᠪᠠᠷ ᠬᠦᠳᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠪᠠᠯ ᠵᠣᠬᠢᠨ᠎ᠠ᠃
ᠪᠢ ᠳᠤᠷᠠᠲᠠᠶ᠎ᠠ ᠪᠥᠬᠦ ᠪᠦᠮᠪᠦᠷᠴᠡᠭ ᠤᠨ ᠸᠠᠺᠼᠢᠨ ᠤ ᠬᠠᠮᠲᠤᠷᠠᠯᠴᠠᠭᠠᠨ ᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢ ᠤᠯᠠᠮ ᠴᠢᠨᠠᠬᠰᠢᠳᠠ ᠳᠤᠷᠠᠳᠤᠨ᠎ᠠ᠄ ᠨᠢᠭᠡ ᠳᠤ᠂ ᠸᠠᠺᠼᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠸᠠᠺᠼᠢᠨ ᠤ ᠠᠵᠤ ᠠᠬᠤᠶᠢᠯᠠᠯ ᠤᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤᠷᠠᠨ ᠰᠤᠳᠤᠯᠤᠨ ᠨᠡᠭᠡᠭᠡᠵᠦ ᠦᠢᠯᠡᠳᠪᠦᠷᠢᠯᠡᠬᠦ ᠶᠢ ᠳᠡᠮᠵᠢᠶ᠎ᠠ᠃ ᠬᠤᠶᠠᠷ ᠲᠤ᠂ ᠡᠷᠬᠡ ᠲᠡᠭᠰᠢ᠂ ᠲᠥᠪ ᠭᠤᠣᠯᠴᠢ ᠶᠢ ᠪᠠᠷᠢᠮᠲᠠᠯᠠᠵᠤ᠂ ᠬᠥᠭᠵᠢᠵᠦ ᠪᠠᠶᠢᠭ᠎ᠠ ᠤᠯᠤᠰ ᠤᠳ ᠲᠤ ᠸᠠᠺᠼᠢᠨ ᠬᠠᠩᠭᠠᠬᠤ ᠡᠷᠴᠢᠮ ᠢᠶᠠᠨ ᠴᠢᠩᠭᠠᠷᠠᠭᠤᠯᠵᠤ᠂ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ 2022 ᠣᠨ ᠤ ᠪᠥᠬᠦ ᠪᠦᠮᠪᠦᠷᠴᠡᠭ ᠤᠨ ᠲᠠᠷᠢᠯᠭ᠎ᠠ ᠲᠠᠷᠢᠬᠤ ᠬᠠᠷᠠᠯᠲᠠ ᠶᠢ ᠨᠠᠶᠢᠳᠠᠪᠤᠷᠢᠵᠢᠭᠤᠯᠤᠶ᠎ᠠ᠃ ᠭᠤᠷᠪᠠ ᠳᠤ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠸᠠᠺᠼᠢᠨ ᠤ ᠮᠡᠳᠡᠯᠭᠡ ᠶᠢᠨ ᠡᠷᠬᠡ ᠶᠢᠨ ᠬᠡᠯᠲᠦᠷᠢᠭᠦᠯᠦᠯ ᠤᠨ ᠲᠤᠬᠠᠶ ᠡᠷᠲᠡᠬᠡᠨ ᠲᠣᠭᠲᠠᠭᠠᠯ ᠭᠠᠷᠭᠠᠬᠤ ᠶᠢ ᠳᠡᠮᠵᠢᠵᠦ᠂ ᠸᠠᠺᠼᠢᠨ ᠤ ᠠᠵᠤ ᠠᠬᠤᠶᠢᠯᠠᠯ ᠤᠨ ᠬᠥᠭᠵᠢᠵᠦ ᠪᠠᠶᠢᠭ᠎ᠠ ᠤᠯᠤᠰ ᠤᠳ ᠲᠤ ᠮᠡᠷᠭᠡᠵᠢᠯ ᠢᠶᠠᠨ ᠰᠢᠯᠵᠢᠭᠦᠯᠦᠨ ᠥᠭᠬᠦ ᠶᠢ ᠵᠣᠷᠢᠭᠵᠢᠭᠤᠯᠤᠶ᠎ᠠ᠃ ᠳᠥᠷᠪᠡ ᠳᠤ᠂ ᠬᠢᠯᠢ ᠠᠯᠤᠰᠯᠠᠭᠰᠠᠨ ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠸᠠᠺᠼᠢᠨ ᠵᠢᠴᠢ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠠᠷᠠᠯᠵᠢᠶᠠᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠶᠡ᠃ ᠲᠠᠪᠤ ᠳᠤ᠂ ᠡᠯ᠎ᠡ ᠵᠦᠢᠯ ᠤᠨ ᠸᠠᠺᠼᠢᠨ ᠳᠤ ᠡᠷᠬᠡ ᠲᠡᠭᠰᠢ ᠪᠠᠷ ᠬᠠᠨᠳᠤᠵᠤ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠸᠠᠺᠼᠢᠨ ᠢ ᠪᠠᠴᠢᠮ ᠬᠡᠷᠡᠭᠯᠡᠬᠦ ᠨᠠᠷᠢᠨ ᠳᠠᠩᠰᠠ ᠪᠠᠷ ᠦᠨᠳᠦᠰᠦᠯᠡᠯ ᠪᠣᠯᠭᠠᠵᠤ ᠸᠠᠺᠼᠢᠨ ᠢ ᠬᠠᠷᠢᠯᠴᠠᠨ ᠮᠡᠳᠡᠷᠡᠬᠦ ᠶᠢ ᠠᠬᠢᠭᠤᠯᠤᠶ᠎ᠡ᠃ ᠵᠢᠷᠭᠤᠭ᠎ᠠ ᠳᠤ᠂ ᠪᠥᠬᠦ ᠪᠦᠮᠪᠦᠷᠴᠡᠭ ᠤᠨ ᠸᠠᠺᠼᠢᠨ ᠤ ᠬᠠᠮᠲᠤᠷᠠᠯᠴᠠᠭ᠎ᠠ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠤᠳ ᠤᠨ ᠸᠠᠺᠼᠢᠨ ᠣᠯᠬᠤ ᠳᠤ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠶᠡ᠃
ᠣᠳᠣᠬᠠᠨ ᠳᠤ᠂ ᠳᠤᠮᠳᠠᠳᠤ ᠤᠯᠤᠰ ᠨᠢᠭᠡᠨᠲᠡ 100 ᠭᠠᠷᠤᠶ ᠤᠯᠤᠰ ᠪᠠ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠳᠤ 16 ᠳ᠋ᠦᠩᠰᠢᠭᠤᠷ ᠭᠠᠷᠤᠶ ᠸᠠᠺᠼᠢᠨ ᠬᠠᠩᠭᠠᠵᠤ᠂ ᠡᠨᠡ ᠵᠢᠯ ᠳᠤ ᠭᠠᠳᠠᠭᠠᠳᠤ ᠳᠤ 20 ᠳ᠋ᠦᠩᠰᠢᠭᠤᠷ ᠭᠠᠷᠤᠶ ᠸᠠᠺᠼᠢᠨ ᠬᠠᠩᠭᠠᠬᠤ ᠪᠣᠯᠤᠨ᠎ᠠ᠃ ᠳᠤᠮᠳᠠᠳᠤ ᠤᠯᠤᠰ ᠶᠠᠭ 16 ᠤᠯᠤᠰ ᠯᠤᠭ᠎ᠠ ᠸᠠᠺᠼᠢᠨ ᠤ ᠬᠠᠮᠲᠤᠷᠠᠭᠰᠠᠨ ᠦᠢᠯᠡᠳᠪᠦᠷᠢᠯᠡᠯ ᠥᠷᠨᠢᠭᠦᠯᠵᠦ᠂ 30 ᠤᠯᠤᠰ ᠲᠠᠢ ᠬᠠᠮᠲᠤ ᠪᠠᠷ 《ᠨᠢᠭᠡ ᠪᠦᠰᠡ ᠨᠢᠭᠡ ᠵᠠᠮ》 ᠤᠨ ᠸᠠᠺᠼᠢᠨ ᠤ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠰᠠᠨᠠᠭᠠᠴᠢᠯᠠᠭ᠎ᠠ ᠭᠠᠷᠭᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠭᠠᠷ ᠬᠤᠯᠪᠣᠯᠴᠠᠨ ᠴᠢᠷᠮᠠᠶᠢᠵᠤ ᠪᠠᠶᠢᠭᠠᠳ ᠸᠠᠺᠼᠢᠨ ᠤ ᠬᠥᠭᠵᠢᠵᠦ ᠪᠠᠶᠢᠭ᠎ᠠ ᠤᠯᠤᠰ ᠲᠠᠬᠢ ᠪᠣᠯᠤᠮᠵᠢᠲᠤ ᠴᠢᠨᠠᠷ ᠪᠣᠯᠤᠨ ᠡᠭᠦᠷᠭᠡᠯᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠵᠦ᠂ ᠪᠥᠬᠦ ᠪᠦᠮᠪᠦᠷᠴᠡᠭ ᠤᠨ ᠸᠠᠺᠼᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃
ᠬᠤᠶᠠᠳᠤᠭᠠᠷ ᠲᠤ᠂ ᠵᠣᠬᠢᠴᠠᠭᠤᠯᠭ᠎ᠠ ᠪᠠᠨ ᠴᠢᠩᠭᠠᠳᠬᠠᠵᠤ᠂ ᠰᠡᠷᠭᠦᠯᠲᠡ ᠶᠢ ᠠᠬᠢᠭᠤᠯᠤᠶ᠎ᠠ᠃ ᠬᠤᠷᠸ᠎ᠠ ᠠᠵᠤ ᠠᠬᠤᠢ ᠶᠢᠨ ᠲᠥᠷᠥ ᠶᠢᠨ ᠪᠤᠳᠤᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠲᠥᠷᠥ ᠶᠢᠨ ᠪᠤᠳᠤᠯᠭ᠎ᠠ ᠶᠢᠨ ᠦᠷᠭᠦᠯᠵᠢᠯᠡᠬᠦᠶᠢᠴᠡ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠪᠠᠲᠤᠯᠠᠪᠠᠯ ᠵᠣᠬᠢᠨ᠎ᠠ᠃ ᠭᠤᠣᠯ ᠪᠣᠯᠬᠤ ᠠᠵᠤ ᠠᠬᠤᠢ ᠶᠢᠨ ᠴᠣᠭᠴᠠ ᠬᠠᠷᠢᠭᠤᠴᠠᠯᠭ᠎ᠠ ᠲᠠᠢ ᠬᠤᠷᠸ᠎ᠠ ᠠᠵᠤ ᠠᠬᠤᠢ ᠶᠢᠨ ᠲᠥᠷᠥ ᠶᠢᠨ ᠪᠤᠳᠤᠯᠭ᠎ᠠ ᠠᠪᠴᠤ᠂ ᠬᠥᠭᠵᠢᠵᠦ ᠪᠠᠶᠢᠭ᠎ᠠ ᠤᠯᠤᠰ ᠤᠳ ᠲᠤ ᠨᠠᠵᠠᠭᠠᠢ ᠨᠥᠯᠥᠭᠡ ᠦᠵᠡᠭᠦᠯᠬᠦ ᠠᠴᠠ ᠵᠠᠶᠢᠯᠠᠰᠭᠢᠵᠦ᠂ ᠤᠯᠠᠨ ᠤᠯᠤᠰ ᠤᠨ ᠠᠵᠤ ᠠᠬᠤᠢ ᠮᠥᠩᠭᠦᠨ ᠭᠦᠢᠯᠭᠡᠭᠡᠨ ᠤ ᠰᠢᠰᠲ᠋ᠧᠮ ᠤᠨ ᠲᠣᠭᠲᠠᠭᠤᠨ ᠠᠵᠢᠯᠯᠠᠭᠠᠨ ᠢ ᠬᠠᠮᠠᠭᠠᠯᠠᠶ᠎ᠠ᠃
ᠡᠭᠦᠨ ᠤ ᠵᠡᠷᠭᠡ ᠪᠠᠷ ᠠᠯᠤᠰ ᠬᠡᠲᠦ ᠶᠢ ᠪᠣᠳᠣᠯᠬᠢᠯᠠᠨ᠂ ᠪᠦᠬᠦ ᠪᠦᠮᠪᠦᠷᠴᠡᠭ ᠤᠨ ᠠᠵᠤ ᠠᠬᠤᠢ ᠶᠢᠨ ᠵᠠᠰᠠᠯᠲᠠ ᠶᠢᠨ ᠪᠣᠯᠤᠨ ᠳᠦᠷᠢᠮ ᠢ ᠲᠡᠭᠦᠯᠳᠡᠷᠵᠢᠭᠦᠯᠵᠦ᠂ ᠤᠯᠠᠨ ᠤᠯᠤᠰ ᠤᠨ ᠠᠵᠤ ᠠᠬᠤᠢ ᠶᠢᠨ ᠪᠠᠶᠢᠷᠢᠰᠢᠯ ᠤᠨ ᠬᠤᠪᠢᠷᠠᠯᠲᠠ ᠶᠢ ᠦᠨᠡᠨ ᠬᠦ ᠲᠤᠰᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠦᠭᠡ ᠬᠡᠯᠡᠬᠦ ᠡᠷᠬᠡ ᠶᠢ ᠳᠡᠭᠡᠭᠰᠢᠯᠡᠭᠦᠯᠪᠡᠯ ᠵᠣᠬᠢᠨ᠎ᠠ᠃ ᠣᠯᠠᠨ ᠤᠯᠤᠰ ᠤᠨ ᠵᠣᠭᠤᠰᠣᠨ ᠤ ᠰᠠᠭᠤᠷᠢ ᠮᠥᠩᠭᠦᠨ ᠤ ᠵᠣᠬᠢᠶᠠᠨ ᠪᠠᠶᠢᠭᠤᠯᠤᠯᠲᠠ ᠠᠴᠠ ᠣᠨᠴᠠᠭᠠᠶ ᠵᠣᠭᠤᠰ ᠭᠠᠷᠭᠠᠨ ᠠᠪᠬᠤ ᠡᠷᠬᠡ ᠨᠡᠮᠡᠵᠦ ᠣᠯᠭᠤᠬᠤ ᠶᠢ ᠳᠤᠮᠳᠠᠳᠤ ᠤᠯᠤᠰ ᠪᠠᠶᠠᠷᠯᠠᠨ ᠤᠭᠲᠤᠵᠤ᠂ ᠬᠢᠵᠢᠭ ᠤᠨ ᠪᠠᠶᠢᠳᠠᠯ ᠳᠤ ᠬᠦᠨᠳᠦ ᠨᠣᠴᠢᠲᠠᠶ ᠨᠥᠯᠥᠭᠡᠯᠡᠭᠳᠡᠭᠰᠡᠨ ᠣᠷᠣᠯᠭ᠎ᠠ ᠲᠤᠤᠷ᠎ᠠ ᠤᠯᠤᠰ ᠲᠤ ᠳᠤᠷᠠᠲᠠᠶ᠎ᠠ ᠰᠢᠯᠵᠢᠭᠦᠯᠦᠨ ᠵᠢᠭᠡᠯᠡᠭᠦᠯᠵᠦ ᠥᠭᠭᠦᠨ᠎ᠡ᠃
ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠬᠠᠮᠠᠭᠠᠯᠠᠵᠤ᠂ ᠨᠡᠭᠡᠭᠡᠯᠲᠡᠲᠦ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠡᠷᠬᠡ ᠠᠰᠢᠭ ᠪᠣᠯᠤᠨ ᠬᠥᠭᠵᠢᠯᠲᠡ ᠶᠢᠨ ᠣᠷᠣᠨ ᠵᠠᠢ ᠶᠢ ᠪᠠᠲᠤᠯᠠᠪᠠᠯ ᠵᠣᠬᠢᠨ᠎ᠠ᠃ ᠮᠠᠷᠭᠤᠭᠠᠨ ᠢ ᠰᠢᠢᠳᠪᠦᠷᠢᠯᠡᠬᠦ ᠲᠣᠭᠲᠠᠴᠠ ᠶᠢᠨ ᠬᠡᠪ ᠤᠨ ᠠᠵᠢᠯᠯᠠᠭ᠎ᠠ ᠶᠢ ᠳᠠᠷᠤᠢ ᠲᠦᠷᠭᠡᠨ ᠰᠡᠷᠭᠦᠭᠡᠵᠦ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠲᠠᠯ ᠢ ᠬᠠᠮᠠᠭᠠᠯᠠᠪᠠᠯ ᠵᠤᠬᠢᠨ᠎ᠠ᠃ ᠳᠤᠮᠳᠠᠳᠤ ᠤᠯᠤᠰ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠠ ᠶᠢᠨ ᠤᠶᠠᠨ ᠬᠠᠳᠠᠨ ᠴᠢᠨᠠᠷ ᠪᠣᠯᠤᠨ ᠲᠣᠭᠲᠠᠭᠤᠨ ᠤ ᠲᠤᠬᠠᠢ ᠤᠯᠠᠨ ᠤᠯᠤᠰ ᠤᠨ ᠶᠠᠷᠢᠶᠠᠨ ᠤ ᠲᠠᠪᠴᠠᠩ ᠢ ᠡᠷᠬᠢᠯᠡᠬᠦ ᠶᠢ ᠰᠠᠨᠠᠭᠠᠴᠢᠯᠠᠵᠤ᠂ ᠬᠤᠷᠢᠨ ᠤᠯᠤᠰ ᠤᠨ ᠪᠥᠯᠥᠭᠯᠡᠯ ᠤᠨ ᠪᠦᠷᠢᠯᠳᠦᠬᠦᠨ ᠪᠣᠯᠤᠨ ᠬᠤᠯᠪᠣᠭᠳᠠᠯ ᠪᠦᠬᠦᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ 《ᠨᠢᠭᠡ ᠪᠦᠰᠡ ᠨᠢᠭᠡ ᠵᠠᠮ》 ᠢ ᠴᠢᠨᠠᠷ ᠰᠠᠶᠢᠲᠠᠢ ᠬᠠᠮᠲᠤ ᠪᠠᠷ ᠪᠥᠲᠥᠭᠡᠨ ᠪᠠᠶᠢᠭᠤᠯᠬᠤ ᠠᠵᠢᠯ ᠨᠠᠩ ᠣᠯᠠᠨ ᠡᠯᠪᠡᠭ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃
ᠭᠤᠷᠪᠠᠳᠤᠭᠠᠷ ᠲᠤ᠂ ᠲᠦᠭᠡᠮᠡᠯ ᠬᠠᠷᠠᠭᠠᠯᠵᠠᠯ ᠠᠭᠤᠳᠠᠮ ᠪᠠᠭᠲᠠᠭᠠᠮᠵᠢᠲᠠᠢ ᠪᠠᠶᠢᠵᠥ᠂ ᠬᠠᠮᠲᠤ ᠪᠠᠷ ᠬᠥᠭᠵᠢᠶ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠦᠬᠦ ᠪᠦᠮᠪᠦᠷᠴᠡᠭ ᠤᠨ ᠬᠥᠭᠵᠢᠯᠲᠡ ᠶᠢᠨ ᠲᠥᠪ ᠭᠤᠣᠯᠴᠢ ᠴᠢᠨᠠᠷ᠂ ᠪᠦᠳᠦᠮᠵᠢᠳᠤ ᠴᠢᠨᠠᠷ᠂ ᠪᠠᠭᠲᠠᠭᠠᠮᠵᠢᠲᠤ ᠴᠢᠨᠠᠷ ᠢ ᠳᠡᠭᠡᠭᠰᠢᠯᠡᠭᠦᠯᠵᠦ᠂ ᠶᠠᠮᠠᠷᠪᠠ ᠤᠯᠤᠰ ᠢ ᠴᠦ ᠡᠩᠨᠡᠭᠡ ᠠᠴᠠ ᠬᠤᠴᠣᠷᠭᠠᠬᠤ ᠦᠭᠡᠢ ᠪᠠᠷ ᠴᠢᠷᠮᠠᠶᠢᠪᠠᠯ ᠵᠣᠬᠢᠨ᠎ᠠ᠃ ᠬᠤᠷᠢᠨ ᠤᠯᠤᠰ ᠤᠨ ᠪᠥᠯᠥᠭᠯᠡᠯ ᠬᠥᠭᠵᠢᠯᠲᠡ ᠶᠢ ᠬᠤᠷᠸ᠎ᠠ ᠲᠥᠷᠥ ᠶᠢᠨ ᠪᠤᠳᠤᠯᠭ᠎ᠠ ᠶᠢᠨ ᠵᠣᠬᠢᠴᠠᠭᠤᠯᠭ᠎ᠠ ᠶᠢᠨ ᠳᠣᠪᠣᠶᠢᠮ᠎ᠠ ᠪᠠᠶᠢᠷᠢᠨ ᠳᠤ ᠲᠠᠯᠪᠢᠵᠤ᠂ ᠠᠹᠷᠢᠺᠠ ᠲᠢᠪ ᠪᠣᠯᠤᠨ ᠬᠠᠮᠤᠭ ᠤᠨ ᠬᠥᠭᠵᠢᠭᠡᠳᠦᠢ ᠤᠯᠤᠰ ᠤᠨ ᠠᠵᠤ ᠦᠢᠯᠡᠳᠪᠦᠷᠢᠵᠢᠯᠲᠡ ᠶᠢ ᠪᠡᠶᠡᠯᠡᠭᠦᠯᠬᠦ ᠶᠢ ᠳᠡᠮᠵᠢᠬᠦ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠪᠠᠯ ᠵᠣᠬᠢᠨ᠎ᠠ᠃ ᠬᠥᠭᠵᠢᠭᠰᠡᠨ ᠠᠵᠤ ᠠᠬᠤᠢ ᠶᠢᠨ ᠴᠣᠭᠴᠠ ᠠᠯᠪᠠᠨ ᠤ ᠲᠠᠯ᠎ᠠ ᠶᠢᠨ ᠬᠥᠭᠵᠢᠯᠲᠡ ᠶᠢᠨ ᠲᠤᠰᠠᠯᠠᠮᠵᠢ ᠦᠵᠡᠭᠦᠯᠬᠦ ᠠᠮᠠᠯᠠᠯᠲᠠ ᠪᠠᠨ ᠭᠦᠢᠴᠡᠳᠭᠡᠵᠦ᠂ ᠬᠥᠭᠵᠢᠵᠦ ᠪᠠᠶᠢᠭ᠎ᠠ ᠤᠯᠤᠰ ᠲᠤ ᠨᠡᠩ ᠤᠯᠠᠨ ᠡᠬᠢ ᠪᠠᠶᠠᠯᠢᠭ ᠬᠠᠩᠭᠠᠪᠠᠯ ᠵᠤᠬᠢᠨ᠎ᠠ᠃ ᠮᠢᠨᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠰᠠᠨᠠᠭᠠᠴᠢᠯᠠᠭᠰᠠᠨ ᠪᠦᠬᠦ ᠪᠦᠮᠪᠦᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠬᠤᠷᠢᠨ ᠤᠯᠤᠰ ᠤᠨ ᠪᠥᠯᠥᠭᠯᠡᠯ ᠤᠨ ᠪᠦᠬᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠬᠤ ᠵᠣᠷᠢᠯᠲᠠ ᠪᠠ ᠭᠤᠣᠯᠳᠠᠯᠭᠠᠳᠦ ᠴᠢᠭᠯᠡᠯ ᠲᠠᠢ ᠳᠡᠭᠡᠳᠦ ᠬᠡᠮᠵᠢᠶ᠎ᠠ ᠪᠠᠷ ᠨᠡᠶᠢᠴᠡᠵᠦ ᠶᠤᠮ᠃ ᠡᠯ᠎ᠡ ᠤᠯᠤᠰ ᠤᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃
ᠳᠥᠷᠪᠡᠳᠦᠭᠡᠷ ᠲᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠬᠥᠳᠡᠯᠭᠡᠬᠦ ᠬᠦᠴᠦᠨ ᠢ ᠠᠭᠤᠳᠠᠯᠤᠶ᠎ᠠ᠃ ᠬᠤᠷᠢᠨ ᠤᠯᠤᠰ ᠤᠨ ᠪᠥᠯᠥᠭᠯᠡᠯ ᠬᠦᠴᠦ ᠪᠠᠨ ᠬᠠᠮᠲᠤᠳᠬᠠᠵᠤ ᠰᠢᠨ᠎ᠡ ᠶᠢ ᠡᠭᠦᠳᠬᠦ ᠨᠡᠮᠡᠭᠳᠡᠯ ᠤᠨ ᠲᠠᠯᠳᠠ ᠬᠦᠴᠦᠨ ᠢ ᠢᠯᠡᠷᠡᠭᠦᠯᠵᠦ᠂ ᠭᠦᠢᠴᠡᠳ ᠣᠷᠣᠯᠴᠠᠬᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠤᠯᠬᠤ ᠰᠠᠭᠤᠷᠢᠨ ᠳᠡᠭᠡᠷ᠎ᠡ ᠲᠦᠷᠢᠮ ᠲᠣᠭᠲᠠᠭᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠳᠤ ᠰᠠᠶᠢᠨ ᠰᠠᠶᠢᠬᠠᠨ ᠠᠮᠢ ᠠᠬᠤᠢ ᠶᠢ ᠪᠤᠢ ᠪᠣᠯᠭᠠᠶ᠎ᠠ᠃ ᠵᠣᠷᠢᠭᠤᠳᠠ ᠵᠢᠵᠢᠭ ᠪᠦᠯᠬᠦᠮ ᠪᠠᠶᠢᠭᠤᠯᠬᠤ᠂ ᠴᠢᠨᠠᠭᠰᠢᠯᠠᠪᠠᠯ ᠦᠵᠡᠯ ᠤᠬᠠᠮᠰᠠᠷ ᠤᠨ ᠬᠡᠯᠪᠡᠷᠢ ᠪᠠᠷ ᠵᠠᠭᠠᠭ ᠱᠤᠭᠤᠮ ᠲᠣᠭᠲᠠᠭᠠᠬᠤ ᠨᠢ ᠵᠥᠪᠬᠡᠨ ᠵᠠᠪᠰᠠᠷᠳᠠᠯ ᠭᠠᠷᠭᠠᠵᠤ᠂ ᠬᠠᠷᠰᠢ ᠰᠠᠭᠠᠳ ᠢ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠤᠣᠷ ᠬᠥᠨᠥᠭᠡᠯ ᠲᠠᠢ ᠠᠴᠠ ᠪᠢᠰᠢ ᠠᠰᠢᠭ ᠦᠭᠡᠢ ᠶᠤᠮ᠃
ᠲᠣᠭᠠᠴᠢᠯᠠᠭᠰᠠᠨ ᠴᠠᠭ ᠦᠶ᠎ᠡ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠰᠢᠨ᠎ᠡ ᠬᠡᠯᠪᠡᠷᠢ ᠶᠢᠨ ᠲᠣᠭᠠᠴᠢᠯᠠᠭᠰᠠᠨ ᠰᠠᠭᠤᠷᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠲᠣᠭᠠᠴᠢᠯᠠᠭᠰᠠᠨ ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠢ ᠬᠠᠪᠰᠤᠷᠤᠨ 《ᠲᠣᠭᠠᠴᠢᠯᠠᠯᠲᠠ ᠶᠢᠨ ᠵᠠᠪᠰᠡᠷ ᠵᠠᠭᠠᠭ》 ᠢ ᠠᠷᠢᠯᠭᠠᠶ᠎ᠠ᠃ ᠳᠤᠮᠳᠠᠳᠤ ᠤᠯᠤᠰ ᠨᠢᠭᠡᠨᠲᠡ 《ᠪᠦᠬᠦ ᠪᠥᠮᠪᠥᠷᠴᠡᠭ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠰᠠᠨᠠᠭᠠᠴᠢᠯᠠᠭ᠎ᠠ》 ᠶᠢ ᠳᠤᠷᠠᠳᠪᠠ᠂ ᠪᠢᠳᠡ ᠡᠯ᠎ᠡ ᠲᠠᠯ᠎ᠠ ᠶᠢᠨ ᠬᠢᠨ ᠤ ᠬᠦᠰᠡᠯ ᠰᠠᠨᠠᠭ᠎ᠠ ᠶᠢ ᠲᠤᠰᠬᠠᠬᠤ᠂ ᠡᠯ᠎ᠡ ᠲᠠᠯ᠎ᠠ ᠶᠢᠨ ᠬᠢᠨ ᠤ ᠠᠰᠢᠭ ᠲᠤᠰᠠ ᠶᠢ ᠬᠦᠨᠳᠦᠳᠭᠡᠬᠦ ᠲᠣᠭᠠᠴᠢᠯᠠᠭᠰᠠᠨ ᠵᠠᠰᠠᠯᠲᠠ ᠶᠢᠨ ᠤᠯᠠᠨ ᠤᠯᠤᠰ ᠤᠨ ᠲᠦᠷᠢᠮ ᠢ ᠬᠠᠮᠲᠤ ᠪᠠᠷ ᠰᠤᠳᠤᠯᠤᠨ ᠲᠣᠭᠲᠠᠭᠠᠵᠤ᠂ ᠨᠡᠭᠡᠭᠡᠯᠲᠡᠲᠡᠢ᠂ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ ᠲᠣᠭᠠᠴᠢᠯᠠᠭᠰᠠᠨ ᠬᠥᠭᠵᠢᠯᠲᠡ ᠶᠢᠨ ᠣᠷᠴᠢᠨ ᠨᠥᠬᠦᠴᠡᠯ ᠢ ᠢᠳᠡᠪᠬᠢᠲᠡᠢ ᠪᠤᠢ ᠪᠣᠯᠭᠠᠵᠤ ᠪᠣᠯᠤᠨ᠎ᠠ᠃ ᠳᠤᠮᠳᠠᠳᠤ ᠤᠯᠤᠰ ᠲᠣᠭᠠᠴᠢᠯᠠᠭᠰᠠᠨ ᠠᠵᠤ ᠠᠬᠤᠶ ᠶᠢᠨ ᠣᠯᠠᠨ ᠤᠯᠤᠰ ᠤᠨ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 《ᠲᠣᠭᠠᠴᠢᠯᠠᠭᠰᠠᠨ ᠠᠵᠤ ᠠᠬᠤᠶ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ》 ᠲᠤ ᠣᠷᠣᠯᠴᠠᠬᠤ ᠭᠤᠶᠤᠴᠢᠯᠠᠯ ᠭᠠᠷᠭᠠᠬᠤ ᠪᠠᠷ ᠨᠢᠭᠡᠨᠲᠡ ᠲᠣᠭᠲᠠᠵᠤ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠦᠴᠦ ᠪᠠᠨ ᠬᠠᠮᠲᠤᠳᠬᠠᠨ ᠲᠣᠭᠠᠴᠢᠯᠠᠭᠰᠠᠨ ᠠᠵᠤ ᠠᠬᠤᠶ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠤᠨ᠎ᠠ᠃
ᠲᠠᠪᠤᠳᠤᠭᠠᠷ ᠲᠤ᠂ ᠡᠶ᠎ᠡ ᠵᠣᠬᠢᠴᠠᠩᠭᠤᠢ ᠪᠠᠷ ᠬᠠᠮᠲᠤ ᠣᠷᠣᠰᠢᠵᠤ᠂ ᠪᠣᠬᠢᠷᠲᠤᠯ ᠦᠭᠡᠢ ᠬᠦᠭᠵᠢᠯᠳᠡ ᠶᠢ ᠥᠨᠢᠳᠡ ᠡᠷᠬᠢᠮᠯᠠᠶᠡ᠃ ᠬᠤᠷᠢᠨ ᠤᠯᠤᠰ ᠤᠨ ᠪᠥᠯᠥᠭᠯᠡᠯ ᠠᠳᠠᠯᠢ ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ 《ᠫᠠᠷᠢᠰ ᠤᠨ ᠬᠡᠯᠡᠯᠴᠡᠭᠡᠷ》 ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ 《ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ》 ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠪᠣᠯᠤᠨ 《 ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ》 ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠠᠮᠵᠢᠯᠲᠠ ᠣᠯᠬᠤ ᠶᠢ ᠳᠡᠮᠵᠢᠪᠡᠯ ᠵᠣᠬᠢᠨ᠎ᠠ᠃ ᠬᠥᠭᠵᠢᠭᠰᠡᠨ ᠤᠯᠤᠰ ᠤᠳ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠰᠠᠭᠤᠳᠠᠯ ᠤᠨ ᠲᠠᠯ᠎ᠠ ᠪᠠᠷ ᠦᠯᠢᠭᠡᠷ ᠳᠠᠭᠤᠷᠢᠶᠠᠯ ᠦᠵᠡᠭᠦᠯᠵᠦ᠂ ᠬᠥᠭᠵᠢᠵᠦ ᠪᠠᠶᠢᠭ᠎ᠠ ᠤᠯᠤᠰ ᠤᠳ ᠤᠨ ᠣᠨᠴᠠᠭᠠᠢ ᠬᠦᠴᠢᠷᠳᠡᠯ ᠪᠠ ᠠᠩᠬᠠᠷᠤᠯ ᠢ ᠭᠦᠢᠴᠡᠳ ᠬᠠᠷᠠᠭᠠᠯᠵᠠᠨ᠂ ᠠᠭᠤᠷ ᠠᠮᠢᠰᠬᠤᠯ ᠤᠨ ᠪᠡᠯᠡ ᠮᠦᠩᠭᠦ ᠴᠤᠭᠯᠠᠭᠤᠯᠬᠤ ᠠᠮᠠᠯᠠᠯᠲᠠ ᠪᠠᠨ ᠨᠠᠶᠢᠳᠠᠪᠤᠷᠢᠵᠢᠭᠤᠯᠬᠤ ᠶᠢᠨ ᠬᠠᠮᠲᠤ ᠮᠡᠷᠭᠡᠵᠢᠯ᠂ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠬᠥᠭᠵᠢᠵᠦ ᠪᠠᠶᠢᠭ᠎ᠠ ᠤᠯᠤᠰ ᠤᠳ ᠲᠤ ᠳᠡᠮᠵᠢᠯᠭᠡ ᠬᠠᠩᠭᠠᠶ᠎ᠠ᠃
ᠳᠤᠮᠳᠠᠳᠤ ᠤᠯᠤᠰ ᠢᠮᠠᠭᠲᠠ ᠤᠯᠤᠰ ᠤᠨ ᠪᠠᠶᠢᠳᠠᠯ ᠲᠠᠢ ᠪᠠᠨ ᠵᠣᠬᠢᠴᠠᠭᠰᠠᠨ ᠤᠯᠠᠨ ᠤᠯᠤᠰ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠵᠤ ᠠᠬᠤᠢ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠠᠵᠢᠯᠯᠠᠭ᠎ᠠ ᠶᠢᠨ ᠡᠷᠴᠢᠮ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ ᠪᠠᠶᠢᠨ᠎ᠠ᠃ ᠳᠤᠮᠳᠠᠳᠤ ᠤᠯᠤᠰ 2030 ᠣᠨ ᠠᠴᠠ ᠡᠮᠦᠨ᠎ᠡ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ 2060 ᠣᠨ ᠠᠴᠠ ᠡᠮᠦᠨ᠎ᠡ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠪᠢᠳᠡ ᠠᠮᠠᠯᠠᠯᠲᠠ ᠪᠠᠨ ᠪᠡᠶᠡᠯᠡᠭᠦᠯᠵᠦ᠂ ᠡᠯ᠎ᠡ ᠤᠯᠤᠰ ᠲᠠᠢ ᠭᠠᠷ ᠬᠤᠯᠪᠣᠯᠴᠠᠨ ᠪᠣᠬᠢᠷᠲᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠳᠤ᠂ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠵᠠᠮᠨᠠᠨ᠎ᠠ᠃
《 ᠳᠡᠯᠡᠬᠡᠢ ᠳ᠋ᠠᠬᠢᠨ ᠤ ᠬᠦᠷᠢᠶᠡᠯᠡᠯ ᠢ ᠤᠯᠤᠮᠤᠢ》 ᠬᠡᠵᠥ ᠪᠠᠶᠢᠳᠠᠭ᠃ ᠳᠠᠷᠤᠶ ᠦᠨᠡᠨᠴᠢ ᠢᠲᠡᠭᠡᠮᠵᠢ ᠪᠣᠯ ᠳᠡᠯᠡᠬᠡᠶ ᠳ᠋ᠠᠬᠢᠨ ᠲᠠᠢ ᠨᠠᠶᠢᠵᠠᠯᠠᠬᠤ ᠶᠢᠨ ᠦᠨᠳᠦᠰᠦ ᠮᠥᠨ᠃ ᠳᠤᠮᠳᠠᠳᠤ ᠤᠯᠤᠰ ᠭᠠᠳᠠᠭᠰᠢ ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠨ᠂ ᠬᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠪᠠ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠵᠢᠮ᠎ᠠ ᠶᠤᠰᠤ᠂ ᠲᠦᠷᠢᠮ ᠲᠤᠭᠳᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠲᠦᠷᠢᠮ ᠤᠨ ᠬᠡᠯᠪᠡᠷᠢ ᠶᠢᠨ ᠨᠡᠭᠡᠭᠡᠯᠲᠡ ᠶᠢ ᠬᠦᠴᠦᠯᠡᠨ ᠠᠬᠢᠭᠤᠯᠵᠤ᠂ ᠮᠡᠳᠡᠯᠭᠡ ᠶᠢᠨ ᠡᠷᠬᠡ ᠶᠢ ᠬᠠᠮᠠᠭᠠᠯᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠴᠤᠭᠴᠠᠯᠠᠵᠤ᠂ ᠳᠤᠮᠳᠠᠳᠤ ᠭᠠᠳᠠᠭᠠᠳᠤ ᠶᠢᠨ ᠠᠵᠤ ᠠᠬᠤᠶᠢᠯᠠᠯ ᠳᠤ ᠡᠷᠭᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠩᠭᠠᠨ᠎ᠠ᠃ ᠳᠤᠮᠳᠠᠳᠤ ᠤᠯᠤᠰ ᠤᠨ ᠬᠥᠭᠵᠢᠯᠲᠡ ᠨᠢ ᠡᠯ᠎ᠡ ᠤᠯᠤᠰ ᠲᠤ ᠨᠡᠩ ᠤᠯᠠᠨ ᠰᠢᠨ᠎ᠡ ᠠᠵᠠ ᠲᠣᠬᠢᠶᠠᠯ ᠣᠯᠭᠤᠵᠤ᠂ ᠳᠡᠯᠡᠬᠡᠢ ᠶᠢᠨ ᠠᠵᠤ ᠠᠬᠤᠢ ᠳᠤ ᠨᠡᠩ ᠤᠯᠠᠨ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠶᠢ ᠪᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
ᠰᠢ ᠶᠢᠨ ᠫᠢᠩ ᠡᠴᠦᠰ ᠲᠤ᠂ ᠬᠥᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠳᠤ ᠳᠡᠯᠡᠬᠡᠢ ᠶᠢᠨ ᠡᠯ᠎ᠡ ᠤᠯᠤᠰ ᠤᠨ ᠴᠥᠬᠦᠷᠡᠰᠢ ᠦᠭᠡᠢ ᠴᠢᠷᠮᠠᠶᠢᠯᠭ᠎ᠠ ᠱᠠᠭᠠᠷᠳᠠᠭᠳᠠᠨ᠎ᠠ᠃ ᠬᠤᠯᠠ ᠬᠡᠮᠡᠨ ᠪᠦᠦ ᠴᠦᠬᠦ ᠶᠠᠪᠤᠪᠠᠰᠤ ᠬᠦᠷᠦᠮᠦᠢ᠃ ᠪᠢᠳᠡ ᠪᠦᠯᠬᠦᠮᠳᠡᠵᠡᠭᠡᠵᠦ᠂ ᠬᠢᠵᠢᠭ ᠤᠨ ᠪᠠᠶᠢᠳᠠᠯ ᠤᠨ ᠬᠦᠳᠡᠩ ᠮᠠᠨᠠᠨ ᠢ ᠡᠷᠲᠡᠬᠡᠨ ᠰᠠᠷᠨᠢᠭᠤᠯᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠭᠠᠷ ᠬᠤᠯᠪᠣᠯᠴᠠᠨ ᠬᠠᠮᠲᠤ ᠪᠠᠷ ᠪᠠᠶᠢᠭᠤᠯᠤᠶ᠎ᠠ ᠭᠡᠵᠦ ᠴᠢᠬᠤᠯᠠᠴᠢᠯᠠᠪᠠ᠃
ᠲᠦᠷᠦᠭᠦᠴᠦᠳ ᠤᠨ ᠬᠤᠷᠠᠯ ᠢ ᠬᠤᠷᠢᠨ ᠤᠯᠤᠰ ᠤᠨ ᠪᠥᠯᠥᠭᠯᠡᠯ ᠤᠨ ᠲᠡᠷᠢᠭᠦᠯᠡᠭᠴᠢ ᠤᠯᠤᠰ ᠢᠲ᠋ᠠᠯᠢ ᠶᠢᠨ ᠶᠡᠷᠦᠩᠬᠡᠶ ᠰᠠᠶᠢᠳ ᠳ᠋ᠧᠯᠠᠵᠢ ᠡᠷᠭᠢᠯᠡᠪᠡ᠃ ᠬᠤᠷᠢᠨ ᠤᠯᠤᠰ ᠤᠨ ᠪᠥᠯᠥᠭᠯᠡᠯ ᠤᠨ ᠪᠦᠷᠢᠯᠳᠦᠬᠦᠨ ᠤᠳᠤᠷᠢᠳᠬᠤ ᠬᠥᠮᠦᠰ᠂ ᠵᠣᠴᠢᠨ ᠤᠯᠤᠰ ᠤᠨ ᠤᠳᠤᠷᠢᠳᠬᠤ ᠬᠥᠮᠦᠰ ᠵᠢᠴᠢ ᠬᠤᠯᠪᠣᠭᠳᠠᠯ ᠪᠦᠬᠦᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠢ ᠤᠶᠠᠯᠳᠤᠭᠤᠯᠬᠤ ᠬᠡᠯᠪᠡᠷᠢ ᠪᠠᠷ ᠬᠤᠷᠠᠯ ᠳᠤ ᠣᠷᠣᠯᠴᠠᠪᠠ᠃
ᠲᠥᠷᠥ ᠶᠢᠨ ᠶᠠᠪᠤᠳᠠᠯ ᠤᠨ ᠭᠡᠰᠢᠭᠦᠨ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠲᠡᠷᠢᠭᠦᠯᠡᠭᠴᠢ ᠰᠢ ᠶᠢᠨ ᠫᠢᠩ ᠤᠨ ᠣᠨᠴᠠ ᠲᠥᠯᠥᠭᠡᠯᠡᠭᠴᠢ ᠶᠢᠨ ᠬᠤᠪᠢ ᠪᠠᠷ ᠢᠲ᠋ᠠᠯᠢ ᠶᠢᠨ ᠲᠤᠬᠠᠢ ᠶᠢᠨ ᠲᠠᠯᠠᠪᠠᠢ ᠳᠤ ᠬᠤᠷᠠᠯ ᠳᠤ ᠣᠷᠣᠯᠴᠠᠪᠠ᠃