ᠵᠤᠬᠢᠶᠠᠭᠴᠢ:
ᠴᠠᠭ:2021-11-06
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠬᠠᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠪᠠᠲᠤᠯᠠᠵᠤ ᠪᠠᠶᠢᠨ᠎ᠠ
ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠣᠯᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠦᠢᠲᠡᠨ ᠤᠷᠤᠰᠬᠠᠯ᠂ ᠵᠤᠳ ᠵᠡᠷᠭᠡ ᠡᠪᠦᠯ ᠤᠨ ᠴᠠᠭ ᠠᠭᠤᠷ ᠤᠨ ᠭᠠᠮᠰᠢᠭ ᠢ ᠢᠳᠡᠪᠬᠢᠲᠡᠶ ᠠᠷᠭᠠᠴᠠᠵᠤ ᠪᠠᠶᠢᠨ᠎ᠠ᠃
ᠣᠶᠢᠯᠠᠭᠠᠭᠰᠠᠨ ᠢᠶᠠᠷ᠂ 11 ᠳ᠋ᠦ᠋ᠭᠡᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ 《ᠶᠡᠭᠡ ᠬᠡᠪᠴᠢᠶ᠎ᠡ ᠪᠠᠷ ᠠᠭᠠᠷ ᠤᠨ ᠳᠤᠯᠠᠭᠠᠨ ᠪᠠᠭᠤᠷᠠᠬᠤ ᠪᠠ ᠪᠣᠷᠣᠭᠠᠨ ᠴᠠᠰᠤ ᠲᠠᠢ ᠴᠠᠭ ᠠᠭᠤᠷ ᠢ ᠰᠡᠷᠭᠡᠶᠢᠯᠡᠬᠦ ᠲᠤᠬᠠᠶ ᠪᠠᠴᠢᠮ ᠮᠡᠳᠡᠭᠳᠡᠯ》 ᠪᠠ 《ᠨᠠᠮᠤᠷ ᠡᠪᠦᠯ ᠤᠨ ᠢᠳᠡᠰᠢᠨ ᠨᠣᠭᠤᠭ᠎ᠠ ᠶᠢᠨ ᠤᠨᠠᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠠᠵᠢᠯ ᠢ ᠦᠨᠡᠨ ᠬᠦ ᠰᠠᠶᠢᠲᠤᠷ ᠠᠳᠬᠤᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠮᠡᠳᠡᠭᠳᠡᠯ》 ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠤᠷᠢᠳᠴᠢᠯᠠᠨ ᠪᠠᠶᠢᠷᠢᠯᠠᠭᠤᠯᠵᠤ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃ ᠡᠪᠦᠯ ᠣᠷᠣᠬᠤ ᠠᠴᠠ ᠡᠮᠦᠨ᠎ᠡ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠮᠠᠯᠴᠢᠳ᠂ ᠡᠪᠡᠰᠦᠨ ᠤ ᠦᠢᠯᠡᠰ ᠤᠨ ᠬᠤᠷᠰᠢᠶ᠎ᠠ᠂ ᠲᠤᠰᠬᠠᠶ ᠡᠷᠥᠭᠡ ᠶᠢ ᠵᠣᠬᠢᠶᠠᠨ ᠪᠠᠶᠢᠭᠤᠯᠤᠯᠲᠠ ᠲᠠᠢ᠂ ᠲᠥᠯᠥᠪᠯᠡᠭᠡ ᠲᠠᠢ ᠪᠠᠷ ᠬᠥᠲᠥᠯᠥᠨ ᠵᠢᠯᠣᠭᠤᠳᠴᠤ ᠪᠠᠶᠢᠭᠠᠳ ᠭᠠᠮᠰᠢᠭ ᠲᠠᠢ ᠲᠡᠮᠡᠴᠡᠬᠦ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠰᠠᠶᠢᠲᠤᠷ ᠬᠢᠯᠭᠡᠵᠦ᠂ ᠪᠥᠬᠦ ᠣᠷᠣᠨ ᠳᠤ 100 ᠳ᠋ᠦᠩᠰᠢᠭᠤᠷ ᠺᠢᠯᠣᠭ᠍ᠷᠠᠮ ᠠᠴᠠ ᠳᠡᠭᠡᠭᠰᠢᠬᠢ ᠡᠪᠡᠰᠦ ᠨᠥᠭᠡᠴᠡᠯᠡᠬᠦ ᠠᠵᠢᠯ ᠢ ᠰᠠᠶᠢᠲᠤᠷ ᠬᠢᠯᠭᠡᠪᠡ᠃
ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠬᠦᠢᠲᠡᠨ ᠤᠷᠤᠰᠬᠠᠯ ᠤᠨ Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠲᠡᠷᠡ ᠳᠠᠷᠤᠶ ᠳᠤ ᠨᠢ ᠴᠠᠰᠤᠨ ᠤ ᠪᠠᠶᠢᠳᠠᠯ ᠤᠨ ᠡᠳᠦᠷ ᠤᠨ ᠮᠡᠳᠡᠭᠦᠯᠦᠯᠲᠡ ᠶᠢᠨ ᠲᠦᠷᠢᠮ ᠢ ᠡᠬᠢᠯᠡᠭᠦᠯᠵᠦ᠂ ᠬᠤᠯᠪᠣᠭᠳᠠᠯ ᠪᠥᠬᠦᠶ ᠭᠠᠵᠠᠷ᠂ ᠂ ᠲᠣᠪᠴᠢᠶ᠎ᠠ ᠶᠢᠨ ᠴᠠᠭ ᠠᠭᠤᠷ᠂ ᠴᠠᠰᠤᠨ ᠤ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠨᠢᠭᠲᠠ ᠠᠵᠢᠭᠯᠠᠬᠤ ᠠᠵᠢᠯ ᠢ ᠪᠠᠶᠢᠷᠢᠯᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠢ ᠴᠢᠩᠭᠠᠳᠬᠠᠨ᠂ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠵᠥᠪᠳᠡᠯᠴᠡᠵᠦ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠲᠡᠯᠡᠵᠦ ᠪᠤᠢ᠃ ᠡᠭᠦᠨ ᠠᠴᠠ ᠭᠠᠳᠠᠨ᠎ᠠ ᠸᠢᠴᠠᠲ᠂ ᠣᠬᠤᠷ ᠮᠡᠳᠡᠭᠡ ᠵᠡᠷᠭᠡ ᠣᠯᠠᠨ ᠠᠷᠭ᠎ᠠ ᠵᠠᠮ ᠢᠶᠠᠷ ᠳᠠᠮᠵᠢᠭᠤᠯᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠥᠷᠭᠡᠨ ᠣᠯᠠᠨ ᠮᠠᠯᠴᠢᠨ ᠲᠠᠷᠢᠶᠠᠴᠢᠨ ᠳᠤ ᠴᠠᠭ ᠲᠤᠬᠠᠶ ᠳᠤ ᠨᠢ ᠬᠦᠷᠭᠡᠵᠦ᠂ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠰᠠᠨᠠᠭᠤᠯᠵᠠᠶ᠃
ᠭᠠᠮᠰᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠭᠠᠮᠰᠢᠭᠳᠠᠭᠰᠠᠨ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢ ᠲᠡᠷᠡ ᠳᠠᠷᠤᠶ ᠳᠤ ᠨᠢ ᠳᠣᠭᠢᠷᠠᠭᠤᠯᠤᠨ ᠪᠠᠶᠢᠷᠢᠯᠠᠭᠤᠯᠵᠤ᠂ ᠡᠷᠦᠬᠡ ᠶᠢ ᠬᠠᠪᠰᠤᠷᠤᠨ ᠮᠠᠯ ᠵᠢᠭᠦᠷᠲᠡᠨ ᠤ ᠬᠠᠰᠢᠶ᠎ᠠ ᠰᠠᠷᠠᠪᠴᠢ ᠳᠤ ᠬᠤᠷᠠᠭᠰᠠᠨ ᠴᠠᠰᠤ ᠶᠢ ᠴᠠᠭ ᠲᠤᠬᠠᠶ ᠳᠤ ᠨᠢ ᠴᠡᠪᠡᠷᠯᠡᠨ ᠠᠷᠢᠯᠭᠠᠵᠤ᠂ ᠪᠡᠯᠡᠳᠬᠡᠮᠵᠢ ᠶᠢᠨ ᠨᠤᠷᠠᠬᠤ ᠶᠢ ᠰᠡᠷᠭᠡᠶᠢᠯᠡᠨ᠂ ᠨᠢᠭᠡᠨᠲᠡ ᠡᠪᠳᠡᠭᠳᠡᠭᠰᠡᠨ ᠪᠡᠯᠡᠳᠬᠡᠮᠵᠢ ᠶᠢ ᠴᠠᠭ ᠲᠤᠬᠠᠶ ᠳᠤ ᠨᠢ ᠰᠡᠷᠭᠦᠭᠡᠨ ᠵᠠᠰᠠᠪᠠ᠃ ᠮᠠᠯ ᠤᠨ ᠬᠠᠰᠢᠶ᠎ᠠ ᠶᠢ ᠬᠠᠮᠠᠭᠠᠯᠠᠬᠤ᠂ ᠮᠠᠯ ᠤᠨ ᠬᠠᠰᠢᠶ᠎ᠠ ᠶᠢᠨ ᠬᠦᠢᠲᠡᠨ ᠢ ᠰᠡᠷᠭᠡᠶᠢᠯᠡᠨ ᠳᠤᠯᠠᠭᠠᠯᠭ᠎ᠠ ᠶᠢ ᠪᠠᠲᠤᠯᠠᠬᠤ᠂ ᠬᠡᠷ ᠤᠨ ᠲᠡᠵᠢᠭᠡᠪᠦᠷᠢ ᠶᠢᠨ ᠡᠳᠦᠷ ᠤᠨ ᠵᠣᠬᠢᠴᠠᠭᠤᠯᠬᠤ᠂ ᠲᠥᠯ ᠮᠠᠯ ᠢ ᠠᠷᠠᠴᠢᠯᠠᠨ ᠪᠤᠶᠢᠵᠢᠭᠤᠯᠬᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠰᠠᠶᠢᠲᠤᠷ ᠬᠢᠪᠡ᠃ ᠰᠠᠭᠤᠷᠢ ᠡᠬᠡ ᠮᠠᠯ᠂ ᠪᠡᠯᠡᠳᠬᠡᠯ ᠡᠬᠡ ᠮᠠᠯ ᠪᠣᠯᠤᠨ ᠡᠭᠦᠯᠳᠡᠷ ᠮᠠᠯ ᠢ ᠬᠠᠮᠠᠭᠠᠯᠠᠭᠰᠠᠨ ᠰᠠᠭᠤᠷᠢᠨ ᠳᠡᠭᠡᠷ᠎ᠡ᠂ ᠡᠯ᠎ᠡ ᠭᠠᠵᠠᠷ ᠣᠷᠣᠨ ᠤ ᠠᠷᠭ᠎ᠠ ᠪᠦᠬᠦᠨ ᠢ ᠰᠦᠪᠡᠭᠴᠢᠯᠡᠨ ᠢᠯᠡᠭᠦᠦ ᠬᠤᠳᠠᠯᠳᠤᠨ ᠵᠠᠷᠤᠬᠤ᠂ ᠡᠷᠲᠡ ᠬᠤᠳᠠᠯᠳᠤᠨ ᠵᠠᠷᠤᠬᠤ᠂ ᠲᠦᠷᠭᠡᠨ ᠬᠤᠳᠠᠯᠳᠤᠨ ᠵᠠᠷᠤᠬᠤ ᠶᠢ ᠵᠣᠷᠢᠭᠵᠢᠭᠤᠯᠵᠤ᠂ ᠬᠤᠳᠠᠯᠳᠤᠬᠤ ᠶᠣᠰᠣᠲᠠᠶ ᠶᠢ ᠨᠢ ᠪᠦᠬᠦᠨ ᠢ ᠬᠤᠳᠠᠯᠳᠤᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠤᠨ᠂ ᠵᠠᠬ᠎ᠠ ᠳᠡᠯᠭᠡᠭᠦᠷ ᠤᠨ ᠲᠦᠭᠰᠢᠭᠦᠷᠢ ᠠᠴᠠ ᠵᠠᠶᠢᠯᠠᠵᠤ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠪᠤᠢ᠃
ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠴᠠᠭ ᠠᠭᠤᠷ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠᠨ ᠦᠷᠭᠦᠯᠵᠢᠯᠡᠨ ᠴᠢᠩᠭᠠᠳᠬᠠᠵᠤ᠂ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠂ ᠴᠠᠭ ᠠᠭᠤᠷ ᠪᠠ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠲᠡᠯᠡᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠢ ᠵᠢᠯᠣᠭᠤᠳᠤᠨ᠎ᠠ᠃ ᠨᠢᠭᠡᠨᠲᠡ ᠬᠥᠯᠳᠡᠵᠦ ᠰᠢᠷᠬᠠᠲᠤᠭᠰᠠᠨ ᠪᠣᠯᠪᠠᠴᠤ ᠢᠳᠡᠵᠦ ᠪᠣᠯᠬᠤ ᠢᠳᠡᠰᠢᠨ ᠨᠣᠭᠤᠭ᠎ᠠ ᠶᠢ ᠠᠯᠢ ᠲᠦᠷᠭᠡᠨ ᠢᠶᠠᠷ ᠲᠡᠭᠦᠵᠦ ᠵᠠᠬ᠎ᠠ ᠳᠡᠯᠭᠡᠭᠦᠷ ᠲᠤ ᠭᠠᠷᠭᠠᠨ ᠬᠤᠬᠢᠷᠠᠯ ᠢ ᠪᠠᠭᠠᠰᠬᠠᠨ᠎ᠠ︔ ᠬᠥᠯᠳᠡᠭᠡᠳ ᠢᠳᠡᠵᠦ ᠪᠣᠯᠬᠤ ᠥᠬᠡᠶ ᠪᠣᠯᠣᠭᠰᠠᠨ ᠢᠳᠡᠰᠢᠨ ᠨᠣᠭᠤᠭ᠎ᠠ ᠲᠠᠷᠢᠭᠴᠢᠳ ᠢ ᠵᠢᠯᠣᠭᠤᠳᠤᠨ ᠴᠠᠭ ᠲᠤᠬᠠᠶ ᠳᠤ ᠨᠢ ᠴᠡᠪᠡᠷᠯᠡᠨ ᠠᠷᠢᠯᠭᠠᠬᠤ ᠪᠠ ᠨᠥᠬᠦᠨ ᠳᠠᠷᠢᠭᠤᠯᠵᠤ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠢ ᠰᠡᠷᠭᠦᠭᠡᠨ᠎ᠡ᠃ ᠡᠭᠦᠨ ᠤ ᠬᠠᠮᠲᠤ᠂ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠭᠠᠮᠰᠢᠭᠳᠠᠭᠰᠠᠨ ᠣᠷᠣᠨ ᠤ ᠳᠤᠮᠳᠠ ᠵᠢᠵᠢᠭ ᠡᠷᠦᠬᠡ ᠶᠢᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠪᠠᠶᠢᠳᠠᠯ ᠢ ᠴᠠᠭ ᠲᠤᠬᠠᠶ ᠳᠤ ᠨᠢ ᠣᠶᠢᠯᠠᠭᠠᠵᠤ᠂ ᠡᠪᠡᠰᠦ ᠪᠣᠷᠳᠤᠭ᠎ᠠ ᠶᠢ ᠳᠣᠭᠢᠷᠠᠭᠤᠯᠤᠨ ᠵᠥᠭᠡᠭᠡᠪᠦᠷᠢᠯᠡᠬᠦ ᠠᠵᠢᠯ ᠢ ᠰᠠᠶᠢᠲᠤᠷ ᠬᠢᠵᠦ᠂ ᠡᠪᠡᠰᠦ ᠪᠣᠷᠳᠤᠭ᠎ᠠ ᠳᠤᠲᠠᠭᠳᠠᠬᠤ ᠪᠠᠶᠢᠳᠠᠯ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠴᠠᠬᠢᠯᠭᠠᠨ ᠭᠠᠷᠭᠠᠬᠤ ᠪᠡᠯᠡᠳᠬᠡᠮᠵᠢ᠂ ᠲᠡᠵᠢᠭᠡᠯ ᠡᠪᠡᠰᠦ ᠪᠣᠷᠳᠤᠭ᠎ᠠ᠂ ᠮᠠᠯ ᠤᠨ ᠡᠮ ᠵᠢᠴᠢ ᠲᠦᠯᠡᠰᠢ ᠵᠡᠷᠭᠡ ᠬᠠᠮᠢᠶ᠎ᠠ ᠪᠥᠬᠦᠢ ᠡᠳ᠋ ᠪᠠᠷᠠᠭ᠎ᠠ ᠶᠢᠨ ᠨᠥᠭᠡᠴᠡᠯᠡᠯᠲᠡ ᠶᠢ ᠦᠨᠡᠨ ᠬᠦ ᠰᠠᠶᠢᠲᠤᠷ ᠬᠢᠵᠦ᠂ ᠴᠠᠬᠢᠯᠭᠠᠨ ᠵᠣᠭᠰᠣᠬᠤ᠂ ᠵᠠᠮ ᠪᠢᠲᠡᠭᠦᠮᠵᠢᠯᠡᠭᠳᠡᠬᠦ ᠪᠠ ᠲᠡᠵᠢᠭᠡᠯ ᠪᠣᠷᠳᠤᠭ᠎ᠠ᠂ ᠮᠠᠯ ᠤᠨ ᠡᠮ ᠳᠤᠲᠠᠭᠳᠠᠬᠤ ᠠᠴᠠ ᠪᠣᠯᠤᠭᠰᠠᠨ ᠮᠠᠯ ᠵᠢᠭᠦᠷᠲᠡᠨ ᠬᠥᠯᠳᠡᠵᠦ ᠦᠬᠦᠬᠦ᠂ ᠥᠯᠪᠡᠷᠴᠦ ᠦᠬᠦᠬᠦ ᠵᠢᠴᠢ ᠡᠪᠡᠳᠴᠢᠨ ᠢᠶᠠᠷ ᠦᠬᠦᠬᠦ ᠦᠵᠡᠭᠳᠡᠯ ᠭᠠᠷᠬᠤ ᠠᠴᠠ ᠵᠠᠶᠢᠯᠠᠰᠬᠢᠨ᠎ᠡ᠃