ᠵᠤᠬᠢᠶᠠᠭᠴᠢ:
ᠴᠠᠭ:2021-09-02
ᠥᠵᠡᠭᠰᠡᠨ : ℃
ᠢᠷᠡᠯᠲᠡ: ᠱᠢᠯᠢ ᠶ᠋ᠢᠨ ᠭᠣᠣᠯ ᠠᠢᠮᠠᠭ
ᠶᠤᠤ ᠶᠦᠩ ᠪᠥᠸᠧ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠢᠨ ᠬᠤᠷᠠᠯ ᠢ ᠡᠷᠬᠢᠯᠡᠨ ᠬᠤᠷᠠᠯᠳᠤᠭᠤᠯᠵᠦ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠬᠠᠤᠯᠢ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠶᠢ ᠰᠤᠳᠤᠯᠤᠨ ᠪᠠᠶᠢᠷᠢᠯᠠᠭᠤᠯᠪᠠ
2021 8 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠤᠤ ᠶᠦᠩ ᠪᠥᠸᠧ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠠᠶᠢᠮᠠᠭ ᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠬᠠᠤᠯᠢ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠬᠠᠷᠭᠤᠭᠤᠯᠤᠨ ᠪᠠᠶᠢᠴᠠᠭᠠᠵᠤ ᠴᠡᠭᠴᠡᠯᠡᠨ ᠵᠠᠰᠠᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠶᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃
ᠠᠶᠢᠮᠠᠭ ᠤᠨ ᠤᠳᠤᠷᠢᠳᠤᠯᠭ᠎ᠠ ᠸᠠᠩ ᠵᠤᠤ ᠱᠧᠩ᠂ ᠸᠠᠩ ᠰᠠᠨ ᠱᠢ᠂ ᠼᠤᠤ ᠸᠧᠨ ᠴᠢᠩ᠂ ᠬᠤ᠋ ᠴᠧᠩ ᠳ᠋ᠦᠩ᠂ ᠯᠢ ᠶᠦᠩ ᠱᠧᠩ᠂ ᠪᠢ ᠴᠧᠨ᠂ ᠼᠤᠤ ᠽᠢ ᠭᠠᠩ ᠨᠠᠷ ᠬᠤᠷᠠᠯ ᠳᠤ ᠣᠷᠣᠯᠴᠠᠪᠠ᠃
ᠶᠤᠤ ᠶᠦᠩ ᠪᠥᠸᠧ ᠠᠴᠠ᠂ ᠣᠳᠣᠬᠠᠨ ᠳᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠨᠢᠭᠡᠨᠲᠡ ᠰᠠᠭᠠᠳ ᠪᠡᠷᠬᠡ ᠶᠢ ᠳᠤᠭᠤᠯᠤᠨ᠂ ᠬᠦᠴᠢᠷ ᠪᠡᠷᠭᠡᠰᠢᠶᠡᠯ ᠢ ᠢᠯᠠᠨ ᠳᠠᠪᠠᠭ᠋ᠤ ᠵᠠᠩᠭᠢᠯᠠᠭ᠎ᠠ ᠶᠢᠨ ᠴᠠᠭ ᠦᠶ᠎ᠡ ᠳᠤ ᠪᠠᠶᠢᠭ᠎ᠠ ᠪᠤᠯᠬᠤᠷ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠡᠯ᠎ᠡ ᠲᠦᠷᠦᠯ ᠤᠨ ᠠᠵᠢᠯ ᠢ ᠠᠬᠢᠭᠤᠯᠤᠨ ᠱᠠᠲᠤᠴᠢ ᠴᠢᠨᠠᠷᠲᠠᠢ ᠦᠷ᠎ᠡ ᠪᠦᠲᠦᠮᠵᠢ ᠤᠯᠤᠭᠰᠠᠨ ᠪᠣᠯᠪᠠᠴᠤ ᠴᠡᠭᠴᠡᠯᠡᠨ ᠵᠠᠰᠠᠬᠤ ᠠᠬᠢᠴᠠ ᠨᠢ ᠳᠡᠶᠢᠮᠦ ᠰᠠᠶᠢᠨ ᠪᠢᠰᠢ᠂ ᠴᠡᠭᠴᠡᠯᠡᠨ ᠵᠠᠰᠠᠬᠤ ᠠᠬᠢᠴᠡ ᠨᠢ ᠲᠡᠩᠴᠡᠭᠦᠷᠢ ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠷᠠᠭᠤᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠵᠢᠳᠭᠦᠯ ᠴᠢᠷᠮᠠᠶᠢᠯᠭ᠎ᠠ ᠭᠠᠷᠭᠠᠨ᠂ ᠵᠣᠷᠢᠭ ᠢᠶᠠᠨ ᠬᠤᠪᠢᠷᠠᠭᠤᠯᠬᠤ ᠦᠭᠡᠢ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ᠂ ᠡᠷᠴᠢᠮ ᠬᠦᠴᠦ ᠪᠠᠨ ᠰᠤᠯᠠᠳᠬᠠᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠵᠥᠪᠳᠡᠯᠴᠡᠨ ᠰᠤᠳᠤᠯᠤᠨ ᠮᠠᠭᠠᠳᠯᠠᠵᠦ᠂ ᠴᠢᠩᠭ᠎ᠠ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠭᠤᠣᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠦ ᠭᠠᠷᠭᠠᠪᠠ᠃
ᠶᠤᠤ ᠶᠦᠩ ᠪᠥᠸᠧ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠣᠨᠣᠪᠴᠢᠲᠠᠢ ᠡᠵᠡᠮᠳᠡᠵᠦ᠂ ᠰᠠᠭᠤᠳᠠᠯ ᠢ ᠲᠦᠷᠦᠯ ᠬᠤᠪᠢᠶᠠᠨ ᠵᠤᠷᠪᠤᠰ ᠳᠠᠷᠠᠭᠠᠯᠠᠨ ᠵᠠᠳᠠᠯᠤᠨ ᠡᠮᠬᠢᠯᠡᠵᠦ᠂ ᠠᠰᠠᠭᠤᠳᠠᠯ ᠢ ᠰᠢᠢᠳᠪᠦᠷᠢᠯᠡᠬᠦ 《ᠴᠠᠭ ᠤᠨ ᠬᠦᠰᠦᠨᠦᠭᠲᠦ》 ᠪᠠ 《ᠵᠠᠮ ᠱᠤᠭᠤᠮ ᠤᠨ ᠵᠢᠷᠤᠭ》 ᠢ ᠤᠯᠠᠮ ᠴᠢᠨᠠᠭᠰᠢᠳᠠ ᠲᠣᠳᠣᠷᠬᠠᠶᠢᠯᠠᠵᠤ᠂ ᠠᠵᠢᠯ ᠤᠨ ᠳᠠᠭᠤᠰᠬᠤ ᠬᠤᠭᠤᠴᠠᠭ᠎ᠠ ᠶᠢ ᠲᠤᠭᠳᠠᠭᠠᠵᠦ᠂ ᠵᠢᠷᠤᠭ ᠳᠦᠰᠦᠯ ᠢᠶᠠᠷ ᠠᠵᠢᠯ ᠢᠶᠠᠨ ᠪᠠᠶᠢᠷᠢᠯᠠᠭᠤᠯᠤᠨ᠂ ᠤᠨᠢᠨ ᠳᠡᠭᠡᠷ᠎ᠡ ᠨᠢ ᠲᠦᠷᠦᠯ ᠬᠤᠪᠢᠶᠠᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷᠯᠢᠭ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠴᠢᠩᠭᠠᠳᠬᠠᠵᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠷᠠᠭᠤᠯᠵᠦ᠂ ᠳᠡᠭᠡᠳᠦ ᠳᠤᠤᠷᠠᠳᠤ ᠱᠠᠲᠤᠨ ᠤ ᠨᠡᠪᠲᠡᠷᠡᠯᠴᠡᠭᠡ ᠶᠢ ᠰᠠᠶᠢᠲᠤᠷ ᠬᠢᠵᠦ᠂ ᠦᠷᠭᠦᠯᠵᠢᠯᠡᠨ ᠬᠦᠴᠦᠯᠡᠵᠦ ᠪᠠᠶᠢᠭᠠᠳ ᠬᠦᠴᠢᠷ ᠢ ᠲᠤᠭᠤᠯᠤᠨ ᠪᠡᠷᠬᠡ ᠳᠠᠪᠠᠵᠤ᠂ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠲᠦᠷᠭᠡᠨ ᠠᠬᠢᠭᠤᠯᠬᠤ ᠬᠡᠷᠡᠭᠲᠡᠢ ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠬᠠᠮᠢᠶ᠎ᠠ ᠪᠦᠬᠦᠢ ᠭᠠᠵᠠᠷ ᠣᠷᠣᠨ ᠤ ᠭᠤᠣᠯ ᠤᠳᠤᠷᠢᠳᠤᠯᠭ᠎ᠠ ᠠᠵᠢᠯ ᠤᠨ ᠬᠠᠷᠢᠭᠤᠴᠠᠯᠭ᠎ᠠ ᠪᠠᠨ ᠰᠠᠬᠢᠬᠤ ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠂ ᠪᠡᠶ᠎ᠡ ᠪᠠᠷ ᠢᠶᠠᠨ ᠪᠠᠶᠢᠷᠢᠯᠠᠭᠤᠯᠬᠤ ᠂ ᠪᠡᠶ᠎ᠡ ᠪᠠᠷ ᠢᠶᠠᠨ ᠰᠤᠳᠤᠯᠬᠤ᠂ ᠪᠡᠶ᠎ᠡ ᠪᠠᠷ ᠢᠶᠠᠨ ᠵᠤᠬᠢᠴᠠᠭᠤᠯᠬᠤ ᠂ ᠪᠡᠶ᠎ᠡ ᠪᠠᠷ ᠢᠶᠠᠨ ᠱᠠᠯᠠᠪᠳᠠᠭᠤᠯᠤᠨ ᠭᠦᠢᠴᠡᠳᠭᠡᠬᠦ ᠶᠢ ᠪᠠᠷᠢᠮᠲᠠᠯᠠᠵᠦ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠡᠯ᠎ᠡ ᠲᠠᠯ᠎ᠠ ᠶᠢᠨ ᠠᠵᠢᠯ ᠢ ᠲᠤᠭᠤᠰᠢᠲᠠᠢ ᠠᠳᠬᠤᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ 《ᠡᠷᠬᠢᠨ ᠬᠠᠷᠠᠬᠤ》ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠲᠦᠷᠢᠮ ᠤᠨ ᠰᠢᠰᠲ᠋ᠧᠮᠵᠢ ᠶᠢ ᠦᠨᠡᠨᠬᠦ ᠲᠡᠭᠦᠯᠳᠡᠷᠵᠢᠭᠦᠯᠦᠨ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠦᠭᠦᠴᠡᠯ ᠢ ᠪᠣᠶ ᠪᠣᠯᠭᠠᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃
ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠨᠠᠮ ︵ᠠᠵᠢᠯ︶ ᠤᠨ ᠬᠤᠷᠢᠶᠠᠨ ᠤ ᠱᠦᠵᠢ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃