ᠵᠤᠬᠢᠶᠠᠭᠴᠢ: ᠴᠠᠭ:2021-08-20 ᠥᠵᠡᠭᠰᠡᠨ : ᠢᠷᠡᠯᠲᠡ: ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
ᠱᠢ ᠲᠠᠢ ᠹᠸᠡᠭ ᠬᠢᠨᠭ᠍ᠭᠠᠨ ᠠᠶᠢᠮᠠᠭ ᠲᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠦᠬᠦᠪᠦᠷᠢᠯᠡᠵᠤ ᠰᠢᠯᠢᠳᠡᠭ ᠢ ᠬᠥᠮᠦᠵᠢᠭᠦᠯᠵᠦ ᠦᠷ᠎ᠡ ᠠᠰᠢᠭ ᠢᠶᠠᠨ ᠨᠡᠮᠡᠭᠳᠡᠭᠦᠯᠵᠦ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ

2021  8  ᠰᠠᠷ᠎ᠠ ᠶᠢᠨ 18—19 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠤᠯᠠᠭᠠᠨᠬᠤᠲᠠ ᠳᠤ ᠭᠦᠨᠵᠡᠭᠡᠶᠢᠷᠡᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠬᠢᠩᠭᠠᠨ ᠠᠶᠢᠮᠠᠭ ᠤᠨ ᠲᠤᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠦᠬᠦᠪᠦᠷᠢᠯᠡᠵᠤ᠂ ᠰᠢᠯᠢᠳᠡᠭ ᠢ ᠬᠥᠮᠦᠵᠢᠭᠦᠯᠦᠨ ᠦᠷ᠎ᠡ ᠠᠰᠢᠭ ᠢᠶᠠᠨ ᠨᠡᠮᠡᠭᠳᠡᠭᠦᠯᠵᠦ᠂ ᠡᠯ᠎ᠡ ᠵᠦᠢᠯ ᠤᠨ ᠠᠵᠢᠯ ᠢ ᠬᠦᠴᠦᠯᠡᠨ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠠᠵᠤ ᠦᠢᠯᠡᠰ ᠬᠥᠭᠵᠢᠪᠡᠯ ᠠᠵᠤ ᠠᠬᠤᠢ ᠬᠦᠭᠵᠢᠵᠦ ᠴᠢᠳᠠᠨ᠎ᠠ᠃ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠶᠠᠮᠠᠷ ᠵᠡᠷᠭᠡ ᠪᠠᠶᠢᠬᠤ ᠶᠢ ᠱᠢ ᠲᠠᠢ ᠹᠧᠩ ᠮᠠᠰᠢ ᠠᠩᠬᠠᠷᠴᠤ ᠪᠠᠶᠢᠯ᠎ᠠ᠃ ᠲᠡᠷᠡ ᠡᠩ ᠲᠡᠷᠢᠭᠦᠨ ᠳᠤ ᠵᠥᠩ ᠯᠢ ᠴᠢᠨᠠᠷ ᠰᠠᠶᠢᠲᠠᠶ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠠᠯᠵᠢᠯ ᠤᠨ ᠲᠠᠯᠠᠪᠠᠶ ᠳᠤ ᠬᠦᠷᠴᠦ᠂ ᠦᠬᠡᠷ ᠤᠨ ᠬᠠᠰᠢᠶ᠎ᠠ᠂ ᠰᠦ ᠰᠠᠭᠠᠬᠤ ᠦᠶᠯᠡᠳᠪᠦᠷᠢ ᠶᠢᠨ ᠲᠠᠰᠤᠭ ᠲᠤ ᠭᠦᠨᠵᠡᠭᠡᠶᠢᠷᠡᠨ᠂ ᠲᠥᠷᠥᠯ ᠵᠦᠶᠯ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ᠂ ᠲᠡᠵᠢᠭᠡᠨ ᠦᠷᠡᠵᠢᠭᠦᠯᠬᠦ ᠬᠡᠪᠴᠢᠶ᠎ᠡ᠂ ᠠᠵᠤ ᠦᠶᠯᠡᠰ ᠤᠨ ᠢᠵᠢ ᠪᠥᠷᠢᠳᠦᠭᠰᠡᠨ ᠪᠠᠶᠢᠳᠠᠯ ᠵᠡᠷᠭᠡ ᠶᠢ ᠨᠠᠷᠢᠨ ᠠᠰᠠᠭᠤᠪᠠ᠃ ᠱᠢ ᠲᠠᠢ ᠹᠧᠩ᠂ ᠬᠢᠩᠭᠠᠨ ᠠᠶᠢᠮᠠᠭ ᠤᠨ ᠬᠢᠨ ᠲᠣᠰ ᠪᠡᠶ᠎ᠡ ᠶᠢᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠦᠬᠡᠷ ᠤᠨ ᠦᠶᠯᠡᠰ ᠢ ᠯᠠᠪᠳᠠᠭᠤᠨ ᠪᠠᠲᠤᠲᠠᠶ ᠰᠠᠶᠢᠲᠤᠷ ᠬᠥᠭᠵᠢᠭᠦᠯᠵᠦ᠂ ᠬᠡᠪᠴᠢᠶᠡᠵᠢᠭᠰᠡᠨ᠂ ᠡᠷᠴᠢᠮᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠦᠢᠯᠡᠰ ᠢ ᠶᠡᠭᠡ ᠪᠠᠷ ᠠᠬᠢᠭᠤᠯᠵᠤ᠂ ᠲᠠᠷᠠᠬᠠᠢ ᠪᠤᠳᠠᠷᠬᠠᠢ ᠬᠤᠪᠢ ᠡᠷᠦᠬᠡ ᠶᠢᠨ ᠲᠡᠵᠢᠭᠡᠨ ᠦᠷᠡᠵᠢᠭᠦᠯᠬᠦ ᠡᠵᠡᠩᠨᠡᠯᠲᠡ ᠶᠢᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠣᠶᠤᠨᠴᠢᠯᠠᠭᠰᠠᠨ᠂ ᠲᠣᠭᠠᠴᠢᠯᠠᠭᠰᠠᠨ ᠰᠦ ᠰᠠᠭᠠᠯᠢ ᠶᠢᠨ ᠦᠶᠯᠡᠰ ᠤᠨ ᠦᠶᠯᠡᠳᠪᠦᠷᠢᠯᠡᠯ ᠤᠨ ᠰᠠᠭᠤᠷᠢᠨ ᠢ ᠬᠦᠴᠦᠯᠡᠨ ᠂ ᠪᠥᠬᠦ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠰᠦ ᠦᠶᠯᠡᠰ ᠤᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠴᠢᠨᠠᠬᠰᠢᠳᠠ ᠲᠡᠭᠦᠯᠳᠡᠷᠵᠢᠭᠦᠯᠵᠦ᠂ ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠪᠣᠯᠤᠨ ᠰᠦ   ᠶᠢᠨ ᠦᠢᠯᠡᠰ ᠤᠨ ᠠᠵᠤ ᠦᠢᠯᠡᠰ ᠤᠨ ᠨᠥᠯᠥᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠳᠤ ᠨᠡᠩ  ᠠᠰᠢᠭ ᠬᠦᠷᠲᠡᠭᠡᠵᠦ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠣᠲᠠᠴᠢ ᠮᠣᠩᠭᠤᠯ ᠡᠮ ᠤᠨ ᠺᠣᠮᠫᠠᠨᠢ ᠶᠢᠨ ᠡᠮ ᠤᠨ ᠵᠦᠶᠯ ᠢ ᠰᠤᠳᠤᠯᠤᠨ ᠂ ᠂     ᠵᠡᠷᠭᠡ ᠪᠠᠶᠢᠳᠠᠯ ᠢ ᠭᠦᠨᠵᠡᠭᠡᠶ ᠰᠢᠨᠵᠢᠯᠡᠨ ᠪᠠᠶᠢᠴᠠᠭᠠᠬᠤ ᠳᠠᠭᠠᠨ ᠱᠢ ᠲᠠᠢ ᠹᠧᠩ᠂ ᠪᠠᠷᠢᠮᠵᠢᠶᠠᠵᠢᠭᠤᠯᠤᠭᠰᠠᠨ ᠦᠶᠯᠡᠳᠪᠦᠷᠢᠯᠡᠯ ᠢ ᠨᠠᠩ ᠢᠯᠡᠬᠦᠦ ᠴᠢᠬᠤᠯᠠᠴᠢᠯᠠᠵᠤ᠂   ᠦᠢᠯᠡᠳᠬᠦᠨ ᠢ ᠬᠦᠴᠦᠯᠡᠨ ᠡᠭᠦᠳᠴᠦ᠂ ᠮᠣᠩᠭᠤᠯ ᠡᠮ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠣᠩᠭᠤᠯ ᠡᠮ ᠢᠶᠠᠷ ᠠᠷᠠᠳ ᠣᠯᠠᠨ ᠳᠤ ᠨᠠᠩ ᠰᠠᠶᠢᠨ ᠪᠤᠶᠠᠨ ᠦᠢᠯᠡᠳᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠢᠯᠡᠰ ᠪᠤᠰᠬᠠᠵᠦ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠳᠤ᠂ ᠱᠢ ᠲᠠᠢ ᠹᠧᠩ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠵᠢᠴᠢ ᠠᠵᠤ ᠦᠢᠯᠡᠰ ᠢ ᠲᠡᠳᠬᠦᠨ ᠳᠡᠮᠵᠢᠬᠦ᠂ ᠴᠢᠳᠠᠪᠤᠷᠢᠲᠠᠨ  ᠂ ᠬᠠᠮᠢᠶᠠᠷᠤᠯᠲᠠ ᠦᠢᠯᠡᠴᠢᠯᠡᠭᠡ ᠵᠡᠷᠭᠡ ᠲᠠᠯ᠎ᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠠᠪᠴᠠᠩ ᠢ ᠰᠠᠶᠢᠲᠤᠷ ᠪᠠᠶᠢᠭᠤᠯᠵᠤ᠂ ᠦᠢᠯᠡᠴᠢᠯᠡᠭᠡ ᠶᠢ ᠰᠠᠶᠢᠲᠤᠷ ᠬᠢᠵᠦ᠂ ᠠᠰᠠᠭᠤᠳᠠᠯ ᠢ ᠲᠠᠰᠤᠷᠠᠯᠲᠠ ᠦᠭᠡᠢ ᠰᠢᠢᠳᠪᠦᠷᠢᠯᠡᠬᠦ ᠳᠤᠮᠳᠠ ᠥᠪᠡᠷᠮᠢᠴᠡ ᠣᠨᠴᠠᠯᠢᠭ ᠲᠠᠢ ᠰᠢᠨ᠎ᠡ ᠵᠠᠮ ᠢᠶᠠᠷ ᠵᠠᠮᠨᠠᠵᠤ᠂ ᠦᠢᠯᠡᠰ ᠪᠤᠰᠬᠠᠵᠦ ᠰᠢᠨ᠎ᠡ ᠶᠢ ᠡᠭᠦᠳᠬᠦ ᠪᠠᠷ ᠳᠠᠮᠵᠢᠭᠤᠯᠤᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠭᠤᠣᠯᠳᠠᠯᠭ᠎ᠠ ᠲᠠᠢ ᠠᠭᠤᠯᠭ᠎ᠠ ᠪᠣᠯᠤᠨ᠎ᠠ᠃ ᠱᠢ ᠲᠠᠢ ᠹᠧᠩ ᠤᠷᠢᠳ ᠬᠤᠵᠢᠳ ᠤᠯᠠᠭᠠᠨᠬᠤᠲᠠ ᠶᠢᠨ ᠰᠠᠨ ᠾᠧ ᠲᠣᠰᠬᠤᠨ᠂ ᠭᠤᠤ ᠶᠢᠨ  ᠭᠠᠴᠠᠭ᠎ᠠ ᠳᠤ ᠬᠦᠷᠴᠦ᠂ ᠤᠨᠴᠠᠯᠢᠬᠳᠤ ᠠᠵᠤ ᠦᠶᠯᠡᠰ ᠤᠨ ᠬᠥᠭᠵᠢᠯᠲᠡ᠂ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ᠂ ᠠᠷᠠᠳ ᠤᠨ ᠵᠠᠩ ᠦᠶᠯᠡ ᠰᠣᠶᠣᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ 《ᠮᠢᠩᠭᠠᠨ ᠲᠣᠰᠬᠤᠨ ᠢ ᠨᠢᠭᠡ ᠯᠡ ᠠᠳᠠᠯᠢ》 ᠪᠣᠯᠭᠠᠬᠤ ᠶᠢ ᠡᠷᠡᠰ ᠴᠡᠭᠡᠷᠯᠡᠬᠦ ᠬᠡᠷᠡᠭᠲᠡᠢ᠂ ᠵᠠᠪᠠᠯ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠣᠨᠴᠠᠯᠢᠭ ᠢᠶᠠᠨ ᠢᠯᠡᠷᠡᠭᠦᠯᠵᠦ᠂ ᠢᠯᠠᠩᠭᠤᠶ᠎ᠠ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ    ᠠᠵᠤ ᠦᠢᠯᠡᠰ ᠢ ᠰᠠᠶᠢᠲᠤᠷ ᠰᠣᠩᠭᠤᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠮᠢ ᠠᠬᠤᠶ ᠶᠢᠨ ᠡᠬᠢ ᠪᠠᠶᠠᠯᠢᠭ    ᠪᠣᠯ ᠬᠢᠩᠭᠠᠨ ᠠᠶᠢᠮᠠᠭ ᠤᠨ ᠡᠷᠬᠢᠮ ᠨᠠᠨᠳᠢᠨ ᠡᠳ᠋ ᠪᠠᠶᠠᠯᠢᠭ ᠪᠠ ᠬᠠᠮᠤᠭ ᠤᠨ ᠶᠡᠭᠡ ᠳᠠᠪᠠᠭᠤᠯᠢᠭ ᠮᠥᠨ᠂ ᠠᠮᠢ ᠠᠬᠤᠶ ᠶᠢᠨ ᠲᠠᠪᠠᠭᠤᠯᠢᠭ ᠢᠶᠠᠨ ᠦᠨᠡᠨ ᠬᠦ ᠰᠠᠶᠢᠲᠤᠷ ᠠᠰᠢᠬᠯᠠᠵᠤ᠂ ᠣᠨᠴᠠᠯᠢᠭᠲᠤ ᠵᠢᠭᠤᠯᠴᠢᠯᠠᠯ ᠤᠨ ᠦᠶᠯᠡᠰ ᠢ ᠶᠡᠭᠡ ᠪᠠᠷ ᠬᠥᠭᠵᠢᠭᠦᠯᠦᠨ᠂ ᠲᠠᠷᠢᠶᠠᠯᠠᠩ ᠪᠠ ᠵᠢᠭᠤᠯᠴᠢᠯᠠᠯ ᠤᠨ ᠠᠭᠤᠰᠤᠯᠴᠠᠯ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠠᠮᠢ ᠠᠬᠤᠶ ᠶᠢᠨ ᠳᠠᠪᠠᠭᠤᠯᠢᠭ ᠢ ᠦᠨᠡᠨ ᠬᠦ ᠠᠵᠤ ᠦᠶᠯᠡᠰ ᠤᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠨᠠᠩ ᠣᠯᠠᠨ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠴᠢᠨᠠᠭᠰᠢᠳᠠ ᠬᠥᠭᠵᠢᠭᠦᠯᠦᠨ ᠪᠤᠵᠠᠭᠠᠶᠢᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠣᠯᠠᠨ ᠲᠦᠮᠡᠨ ᠢ ᠨᠢᠭᠲᠠᠷᠠᠭᠤᠯᠤᠨ ᠤᠯᠠᠨ ᠲᠦᠮᠡᠨ ᠳᠤ ᠦᠶᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃ ᠲᠡᠷᠡ ᠲᠤᠬᠠᠶ ᠶᠢᠨ ᠭᠠᠵᠠᠷ ᠤᠨ ᠬᠢᠨ ᠳᠤ᠂ ᠰᠠᠨ ᠾᠧ ᠲᠣᠰᠬᠤᠨ ᠤ    ᠲᠣᠰᠬᠤᠨ ᠪᠠᠶᠢᠭᠤᠯᠤᠭᠳᠠᠭᠰᠠᠨ ᠠᠴᠠ  ᠰᠣᠯᠣᠩᠭᠤᠰ ᠦᠨᠳᠦᠰᠦᠲᠡᠨ ᠤ ᠣᠯᠠᠨ ᠲᠦᠮᠡᠨ ᠤ ᠬᠦᠴᠢᠷ ᠪᠡᠷᠬᠡᠰᠢᠶᠡᠯ ᠲᠠᠢ ᠠᠮᠢᠳᠤᠷᠠᠵᠤ ᠪᠠᠶᠢᠭᠰᠠᠨ ᠠᠴᠠ ᠵᠣᠯ ᠵᠢᠷᠭᠠᠯᠲᠤ ᠠᠮᠢᠳᠤᠷᠠᠯ ᠢ ᠡᠳ᠋ᠯᠡᠭᠰᠡᠨ ᠠᠮᠢᠳᠤᠯᠢᠭ ᠥᠯᠢᠭᠡᠷ ᠢ ᠭᠦᠨᠵᠡᠭᠡᠶ ᠠᠭᠤᠳᠠᠯᠵᠤ᠂ ᠦᠨᠡᠨ ᠬᠦ ᠰᠠᠶᠢᠲᠤᠷ ᠶᠠᠷᠢᠵᠤ᠂ ᠨᠠᠩ ᠣᠯᠠᠨ ᠬᠥᠮᠦᠨ ᠳᠤ ᠳᠤᠮᠳᠠᠳᠤ ᠶᠢᠨ ᠦᠨᠳᠦᠰᠦᠲᠡᠨ ᠤ ᠪᠠᠭᠲᠠᠭᠠᠮᠵᠢᠲᠤ ᠴᠢᠨᠠᠷ ᠢ ᠭᠦᠨᠵᠡᠭᠡᠶ ᠮᠡᠳᠡᠷᠡᠭᠦᠯᠵᠦ᠂ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠶ ᠭᠡᠵᠦ ᠵᠠᠬᠢᠪᠠ᠃

ᠰᠢᠩ ᠺᠧ ᠨᠡᠶᠢᠭᠡᠮ ᠲᠣᠭᠤᠷᠢᠭ ᠲᠤ᠂ ᠱᠢ ᠲᠠᠢ ᠹᠧᠩ ᠨᠡᠶᠢᠭᠡᠮ ᠲᠣᠭᠤᠷᠢᠭ ᠤᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ ᠠᠰᠠᠭᠤᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠰᠢᠨᠵᠢᠯᠡᠨ ᠪᠠᠶᠢᠴᠠᠭᠠᠪᠠ᠃ ᠲᠡᠷᠡ᠂ ᠦᠨᠳᠦᠰᠦᠲᠡᠨ ᠤ ᠪᠦᠯᠬᠦᠮᠳᠡᠯ ᠪᠣᠯ ᠪᠣᠳᠠᠲᠠᠢ ᠶᠤᠮ᠂ ᠡᠳᠦᠷ ᠲᠤᠳᠤᠮ ᠤᠨ ᠠᠮᠢᠳᠤᠷᠠᠯ ᠳᠤᠮᠳᠠ ᠢᠯᠡᠷᠡᠵᠦ᠂ ᠵᠢᠵᠢᠭ ᠰᠠᠵᠢᠭ ᠵᠦᠢᠯ ᠳᠡᠭᠡᠷ᠎ᠡ ᠢᠯᠡᠷᠡᠨ᠎ᠠ᠃ ᠴᠢᠨᠠᠬᠰᠢᠳᠠ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠠᠳᠬᠤᠴᠠ ᠶᠢ ᠪᠣᠳᠠᠲᠠᠶᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠪᠣᠳᠠᠲᠠᠢ ᠬᠢᠵᠦ᠂ ᠨᠠᠷᠢᠯᠢᠭ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠤᠯᠠᠨ ᠢᠶᠠᠷ ᠢᠶᠠᠨ   ᠤᠤᠯ ᠠᠴᠠ ᠪᠠᠨ ᠳᠤᠮᠳᠠᠳᠤ ᠶᠢᠨ ᠦᠨᠳᠦᠰᠦᠲᠡᠨ ᠭᠡᠬᠦ ᠡᠨᠡ ᠬᠦ ᠪᠠᠶᠠᠷ ᠪᠠᠶᠠᠰᠤᠯᠲᠤ ᠲᠤᠮᠤ ᠭᠡᠷ ᠪᠦᠯᠢ ᠳᠤ ᠠᠮᠢᠳᠤᠷᠠᠵᠤ ᠪᠠᠶᠢᠬᠤ ᠶᠢ ᠦᠨᠡᠨ ᠬᠦ ᠮᠡᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠬᠤ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠢ ᠣᠯᠠᠨ ᠶᠠᠩᠵᠤ ᠶᠢᠨ ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠴᠢᠳᠠᠪᠤᠷᠢ ᠶᠢ ᠤᠯᠠᠮᠵᠢᠯᠠᠨ ᠵᠠᠯᠭᠠᠮᠵᠢᠯᠠᠬᠤ᠂ ᠠᠵᠢᠯ ᠣᠯᠭᠤᠯᠲᠠ ᠦᠢᠯᠡᠰ ᠪᠤᠰᠬᠠᠬᠤ ᠶᠢ ᠠᠬᠢᠭᠤᠯᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠳᠠᠬ ᠬᠡᠵᠤ ᠵᠢᠭᠠᠵᠤ ᠭᠠᠷᠭᠠᠪᠠ᠃ ᠱᠢ ᠲᠠᠢ ᠹᠧᠩ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠢᠨᠵᠢᠯᠡᠨ ᠪᠠᠶᠢᠴᠠᠭᠠᠵᠤ᠂ ᠲᠤᠰᠬᠠᠶ ᠮᠡᠷᠭᠡᠵᠢᠯ ᠤᠨ ᠲᠣᠬᠢᠷᠠᠭᠤᠯᠤᠯᠲᠠ᠂ ᠰᠣᠷᠣᠭᠴᠢ ᠡᠯᠰᠡᠵᠦ ᠠᠵᠢᠯ ᠣᠯᠭᠤᠬᠤ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ  ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠂ ᠲᠡᠷᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠳᠤ ᠰᠢᠨᠵᠢᠯᠡᠬᠦ ᠤᠬᠠᠭᠠᠨᠴᠢ ᠪᠠᠷ ᠪᠠᠶᠢᠷᠢ ᠲᠣᠭᠲᠠᠭᠠᠯᠲᠠ ᠬᠢᠬᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠣᠨᠣᠴᠠᠲᠠᠶ ᠵᠣᠯᠭᠠᠭᠤᠯᠵᠤ᠂ ᠠᠵᠤ ᠦᠶᠯᠡᠰ ᠪᠠ    ᠰᠤᠷᠭᠠᠨ ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠨᠴᠠᠯᠢᠬᠳᠤ ᠰᠤᠷᠭᠠᠭᠤᠯᠢ ᠡᠷᠭᠢᠯᠡᠬᠦ ᠶᠢ ᠰᠢᠨ᠎ᠡ ᠶᠢ ᠡᠭᠦᠳᠦᠨ ᠠᠬᠢᠭᠤᠯᠵᠤ᠂ ᠬᠥᠮᠦᠨ ᠬᠥᠮᠦᠵᠢᠭᠦᠯᠬᠦ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠰᠠᠶᠢᠲᠤᠷ ᠵᠣᠬᠢᠴᠠᠬᠤ ᠪᠠ ᠦᠶᠯᠡᠴᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃

2021 ᠣᠨ ᠤ 8  ᠰᠠᠷ᠎ᠠ ᠶᠢᠨ 19 ᠤ ᠡᠳᠦᠷ ᠪᠣᠯ ᠳᠥᠷᠪᠡᠳᠦᠭᠡᠷ ᠬᠤᠭᠤᠴᠠᠭᠠᠨ ᠤ 《ᠳᠤᠮᠳᠠᠳᠤ ᠤᠯᠤᠰ ᠤᠨ ᠡᠮᠴᠢ ᠶᠢᠨ ᠪᠠᠶᠠᠷ ᠤᠨ ᠡᠳᠦᠷ》ᠪᠣᠯᠤᠨ᠎ᠠ᠃ ᠪᠠᠶᠢᠴᠠᠭᠠᠨ   ᠬᠤᠭᠤᠴᠠᠭᠠᠨ ᠳᠠᠭᠠᠨ᠂ ᠱᠢ ᠲᠠᠢ ᠹᠧᠩ ᠲᠤᠰᠬᠠᠶᠢᠯᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ᠂ ᠦᠨᠳᠦᠰᠦᠨ ᠱᠠᠲᠤᠨ ᠤ ᠡᠮᠴᠢᠯᠡᠭᠡᠨ ᠤ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠪᠥᠬᠦ ᠣᠷᠣᠨ ᠤ ᠥᠷᠭᠡᠨ ᠣᠯᠠᠨ ᠡᠷᠡᠭᠦᠯ ᠡᠩᠬᠡ ᠶᠢᠨ ᠡᠯᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠲᠤᠬᠤᠨᠢᠭᠤᠯᠤᠯ ᠳᠡᠪᠰᠢᠭᠦᠯᠪᠡ᠃ ᠡᠮᠨᠡᠯᠭᠡ ᠶᠢᠨ ᠬᠤᠷᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠱᠢ ᠲᠠᠢ ᠹᠧᠩ᠂ ᠣᠳᠣᠬᠠᠨ ᠤ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠂ ᠡᠮᠨᠡᠯᠭᠡ ᠶᠢᠨ ᠬᠤᠷᠢᠶ᠎ᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠭᠠᠵᠠᠷ ᠮᠥᠨ᠂ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠪᠠᠷ ᠪᠠᠷᠠᠬᠤ ᠥᠬᠡᠶ ᠪᠠᠰᠠ ᠡᠮᠴᠢᠯᠡᠭᠡᠨ ᠤ ᠬᠡᠪ ᠤᠨ ᠡᠮᠬᠢ ᠵᠢᠷᠤᠮ ᠢ ᠦᠨᠡᠨ ᠬᠦ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃ ᠲᠡᠷᠡ᠂ ᠲᠡᠪᠡᠨᠡ ᠶᠢᠨ ᠴᠢᠨᠡᠭᠡ ᠨᠦᠬᠡ ᠪᠠᠷ ᠲᠡᠮᠡᠭᠡᠨ ᠴᠢᠨᠡᠭᠡ ᠵᠢᠪᠡᠷ ᠨᠡᠪᠳᠡᠷᠡᠨ᠎ᠠ᠂ ᠵᠢᠭᠠᠬᠠᠨ ᠠᠯᠮᠠᠶᠢᠷᠠᠯ ᠬᠦᠩᠭᠡᠨ ᠬᠠᠭᠤᠳᠠᠮ ᠨᠢ ᠴᠥᠮ ᠬᠦᠨᠳᠦ ᠨᠣᠴᠢᠲᠠᠢ ᠦᠷ᠎ᠡ ᠳ᠋ᠦᠩ ᠢ ᠡᠭᠦᠰᠭᠡᠵᠦ ᠮᠡᠳᠡᠨ᠎ᠠ᠂ ᠵᠠᠪᠠᠯ ᠴᠢᠩᠭ᠎ᠠ ᠠᠴᠠ ᠴᠢᠩᠭ᠎ᠠ᠂ ᠪᠣᠳᠠᠲᠠᠢ ᠠᠴᠠ ᠪᠣᠳᠠᠲᠠᠢ᠂ ᠨᠠᠷᠢᠯᠢᠭ ᠠᠴᠠ ᠨᠠᠷᠢᠯᠢᠭ ᠢᠶᠠᠷ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠶᠤᠯ ᠲᠦᠭᠰᠢᠭᠦᠷᠢ ᠶᠢ ᠵᠢᠬᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠴᠢᠩᠭᠠᠳᠬᠠᠵᠤ᠂ ᠴᠠᠭ ᠲᠤᠬᠠᠢ ᠳᠤᠨᠢ ᠠᠷᠭ᠎ᠠ ᠬᠡᠮᠵᠢᠶ᠎ᠡ ᠠᠪᠴᠤ ᠠᠯᠳᠠᠰᠢ ᠭᠠᠷᠬᠤ ᠶᠢ ᠬᠤᠷᠢᠬᠯᠠᠵᠤ᠂ ᠭᠤᠭᠴᠤᠭ᠎ᠠ ᠪᠤᠯᠭᠠᠨ ᠢ ᠰᠠᠶᠢᠲᠤᠷ ᠡᠵᠡᠮᠳᠡᠵᠦ᠂ ᠪᠣᠭᠤᠮᠲᠠ ᠨᠢᠭᠡ ᠪᠦᠷᠢ ᠶᠢ ᠴᠢᠩᠭ᠎ᠠ ᠰᠠᠬᠢᠵᠤ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠳ᠋ᠢᠩ ᠰᠢᠤ ᠹᠧᠩ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃

 



   :                    
   :           
备案序号:蒙ICP备05003250号 公安备案15010502000173