ᠵᠤᠬᠢᠶᠠᠭᠴᠢ: ᠴᠠᠭ:2021-11-09 ᠥᠵᠡᠭᠰᠡᠨ : ᠢᠷᠡᠯᠲᠡ: ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠰᠤᠳᠤᠯᠤᠨ ᠪᠠᠶᠢᠷᠢᠯᠠᠭᠤᠯᠵᠠᠢ

2021 ᠣᠨ ᠤ 11 ᠳ᠋ᠦ᠋ᠭᠡᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃

ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠳᠤᠤᠷ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠬᠦᠴᠦᠲᠡᠶ ᠵᠢᠯᠣᠭᠤᠳᠣᠯᠭ᠎ᠠ ᠳᠤᠤᠷ᠎ᠠ᠂ ᠡᠯ᠎ᠡ ᠲᠠᠯ᠎ᠠ ᠶᠢᠨ ᠬᠦᠴᠦᠨ ᠤ ᠬᠦᠴᠦᠲᠡᠢ ᠳᠡᠮᠵᠢᠯᠭᠡ ᠪᠠ ᠨᠢᠭᠲᠠ ᠬᠠᠮᠵᠢᠯᠴᠠᠭ᠎ᠠ ᠳᠤᠤᠷ᠎ᠠ᠂ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠳᠡᠪᠬᠢᠲᠡᠶ ᠠᠬᠢᠴᠠ ᠲᠠᠢ ᠪᠣᠯᠵᠣ᠂ ᠬᠢᠵᠢᠭ ᠤᠨ ᠪᠠᠶᠢᠳᠠᠯ ᠰᠠᠶᠢᠵᠢᠷᠠᠬᠤ ᠬᠠᠨᠳᠤᠰᠢ ᠢᠯᠡᠷᠡᠪᠡ᠃ ᠡᠭᠦᠨ ᠤ ᠬᠠᠮᠲᠤ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠮᠵᠢ ᠪᠠᠰᠠ ᠲᠣᠭᠲᠠᠭᠤᠨ ᠪᠤᠰᠤ᠂ ᠰᠡᠷᠭᠡᠶᠢᠯᠡᠨ ᠡᠵᠡᠮᠳᠡᠬᠦ ᠡᠭᠦᠷᠭᠡ ᠮᠥᠨ ᠬᠦ ᠪᠡᠷᠬᠡ ᠬᠠᠲᠠᠭᠤᠵᠢᠯᠲᠠᠶ ᠬᠦᠨᠳᠦ ᠪᠠᠶᠢᠨ᠎ᠠ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠲᠠᠯ᠎ᠠ ᠶᠢᠨ ᠬᠢᠨ ᠵᠠᠪᠠᠯ ᠭᠦᠶᠴᠡᠳ ᠰᠡᠷᠭᠡᠭ ᠰᠡᠷᠡᠮᠵᠢ ᠲᠠᠢ ᠪᠠᠶᠢᠵᠤ᠂ ᠶᠠᠭᠠᠬᠢᠭᠰᠠᠨ ᠴᠤ ᠰᠣᠬᠤᠷ ᠪᠠᠯᠠᠶ ᠪᠠᠷ ᠪᠠᠶᠠᠰᠤᠩᠭᠤᠢ ᠪᠠᠶᠢᠵᠤ ᠪᠣᠯᠬᠤ ᠥᠬᠡᠶ᠂ ᠥᠴᠦᠬᠡᠨ ᠴᠦ ᠰᠤᠯᠠᠷᠠᠭᠤᠯᠵᠤ ᠪᠣᠯᠬᠤ ᠥᠬᠡᠶ᠃ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠢᠮᠠᠭᠲᠠ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ᠂ ᠨᠢᠭᠡ ᠯᠡ ᠠᠮᠢᠰᠬᠤᠭ᠎ᠠ ᠪᠠᠷ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠤᠨ ᠰᠦᠨᠦᠭᠡᠯᠲᠡ ᠶᠢᠨ ᠡᠨᠡ ᠤᠳᠠᠭᠠᠨ ᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠢ᠃ ᠤᠢᠢᠷ᠎ᠠ ᠶᠢᠨ ᠬᠤᠭᠤᠴᠠᠭᠠᠨ ᠳᠤ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠯᠡᠷᠡᠭᠰᠡᠨ ᠲᠤᠪᠤᠶᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠶᠢ ᠭᠦᠨᠵᠡᠭᠡᠢ ᠲᠤᠩᠭᠠᠨ ᠪᠣᠳᠣᠯᠬᠢᠯᠠᠵᠤ᠂ ᠨᠠᠷᠢᠨ ᠬᠢᠨᠠᠮᠠᠭᠠᠢ ᠰᠤᠷᠭᠠᠮᠵᠢ ᠠᠪᠴᠤ᠂ ᠡᠭᠦᠨ ᠢᠶᠠᠷ ᠦᠨᠡᠨ ᠬᠦ ᠴᠡᠭᠡᠷᠯᠡᠯ ᠪᠣᠯᠭᠠᠵᠤ᠂ ᠨᠢᠭᠡ ᠠᠴᠠ ᠨᠦᠬᠦᠭᠡ ᠶᠢ ᠵᠦᠢᠴᠢᠯᠡᠨ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠵᠠᠯᠠᠷᠠᠭᠤᠯᠬᠤ ᠶᠤᠰᠤᠳᠠᠢ ᠠᠯᠳᠠᠬᠳᠠᠯ ᠢ ᠵᠠᠯᠠᠷᠠᠭᠤᠯᠵᠤ᠂ ᠨᠥᠬᠦᠪᠥᠷᠢᠯᠡᠬᠦ ᠶᠣᠰᠣᠲᠠᠢ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ ᠠᠴᠠ᠂ ᠣᠳᠣᠬᠠᠨ ᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠣᠨᠢᠨ ᠲᠡᠬᠡᠷ᠎ᠡ ᠨᠢ ᠪᠦᠲᠦᠮᠵᠢᠲᠡᠢ ᠰᠠᠶᠢᠲᠤᠷ ᠬᠢᠵᠦ᠂ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠲᠤᠰᠠᠭᠠᠷᠯᠠᠬᠤ ᠴᠡᠭ ᠤᠨ ᠬᠠᠮᠢᠶᠠᠷᠤᠯᠲᠠ ᠪᠣᠯᠤᠨ ᠳᠤᠮᠳᠠ ᠥᠨᠳᠥᠷ ᠠᠶᠤᠯ ᠲᠦᠭᠰᠢᠭᠦᠷᠢ ᠲᠠᠢ ᠨᠡᠶᠢᠭᠡᠮ ᠲᠣᠭᠤᠷᠢᠭ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠥᠪᠯᠡᠷᠡᠭᠦᠯᠦᠨ ᠲᠤᠰᠠᠭᠠᠷᠯᠠᠵᠤ ᠪᠠᠶᠢᠭ᠎ᠠ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠵᠤ᠂ ᠪᠢᠲᠡᠭᠦᠮᠵᠢᠯᠡᠨ ᠡᠵᠡᠮᠳᠡᠭᠰᠡᠨ ᠰᠠᠭᠤᠭᠠᠯᠢ ᠠᠷᠠᠳ ᠤᠨ ᠲᠣᠭᠤᠷᠢᠭ ᠤᠨ ᠭᠡᠷ ᠠᠴᠠ ᠪᠠᠨ ᠭᠠᠷᠬᠤ ᠦᠭᠡᠢ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠵᠠᠮ ᠱᠤᠭᠤᠮ ᠢ ᠦᠨᠡᠨ ᠬᠦ ᠲᠠᠰᠤᠯᠬᠤ ᠬᠡᠷᠡᠭᠲᠡᠢ᠃ ᠲᠤᠭᠤᠷᠢᠭ ᠱᠠᠲᠤ ᠬᠤᠪᠢᠶᠠᠨ ᠣᠨᠢᠨ ᠲᠡᠭᠡᠷ᠎ᠡ ᠨᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠬᠥᠮᠦᠰ ᠤᠨ ᠲᠤᠬᠠᠢ ᠬᠠᠮᠢᠶᠠᠷᠤᠯᠲᠠ ᠡᠵᠡᠮᠳᠡᠯ ᠢ ᠪᠥᠬᠦ ᠲᠠᠯ᠎ᠠ ᠪᠠᠷ ᠴᠢᠩᠭᠠᠳᠬᠠᠵᠤ᠂ ᠠᠶᠤᠯ ᠲᠦᠭᠰᠢᠭᠦᠷᠢ ᠬᠡᠮ ᠰᠣᠭᠤᠭ ᠢ ᠡᠷᠡᠰ ᠠᠷᠢᠯᠭᠠᠬᠤ ᠬᠡᠷᠡᠭᠲᠡᠶ᠃ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠡᠯ᠎ᠡ ᠪᠣᠭᠤᠮᠲᠠ ᠶᠢ ᠴᠢᠩᠭ᠎ᠠ ᠰᠠᠬᠢᠵᠤ᠂ ᠬᠢᠯᠢ ᠪᠠᠷ ᠣᠷᠣᠵᠤ ᠢᠷᠡᠬᠦ ᠶᠢ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠬᠢᠯᠢ ᠶᠢᠨ ᠪᠣᠭᠤᠮᠲᠠ ᠶᠢᠨ ᠡᠳ᠋ ᠪᠠᠷᠠᠭᠠᠨ ᠤ ᠬᠢᠯᠢ ᠪᠠᠷ ᠣᠷᠣᠵᠤ ᠢᠷᠡᠬᠦ ᠡᠯ᠎ᠡ ᠭᠤᠭᠴᠤᠭ᠎ᠠ ᠳᠤ ᠪᠠᠶᠢᠩᠭᠤᠵᠢᠬᠰᠠᠨ ᠠᠶᠤᠯ ᠲᠦᠭᠰᠢᠭᠦᠷᠢ ᠶᠢᠨ ᠵᠢᠭᠰᠠᠭᠠᠨ ᠪᠠᠶᠢᠴᠠᠭᠠᠯᠲᠠ ᠬᠢᠵᠦ᠂ ᠭᠠᠳᠠᠭᠠᠳᠤ ᠠᠴᠠ ᠣᠷᠣᠭᠤᠯᠬᠤ ᠬᠦᠢᠳᠡᠨ ᠢᠶᠠᠷ ᠵᠦᠭᠡᠭᠡᠪᠦᠷᠢᠯᠡᠬᠦ ᠢᠳᠡᠭᠡᠨ ᠪᠠ ᠬᠦᠢᠳᠡᠨ ᠢᠶᠠᠷ ᠵᠦᠭᠡᠭᠡᠪᠦᠷᠢᠯᠡᠬᠦ ᠪᠤᠰᠤ ᠡᠳ᠋ ᠪᠣᠳᠠᠰ ᠢ ᠲᠡᠭᠡᠭᠡᠪᠦᠷᠢᠯᠡᠬᠦ ᠪᠣᠭᠤᠮᠲᠠ ᠶᠢ ᠴᠢᠩᠭ᠎ᠠ ᠰᠠᠬᠢᠵᠤ᠂ ᠬᠢᠵᠢᠭ ᠬᠠᠯᠳᠠᠪᠤᠷᠢᠯᠠᠨ ᠣᠷᠣᠵᠤ ᠢᠷᠡᠬᠦ ᠰᠢᠨ᠎ᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠤ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠲᠤᠮᠳᠠ ᠭᠤᠭᠤᠵᠢᠭᠳᠠᠭᠤᠯᠵᠤ ᠡᠵᠡᠮᠳᠡᠵᠤ ᠲᠡᠶᠢᠯᠬᠦ ᠦᠬᠡᠢ ᠪᠤᠯᠬᠤ ᠠᠰᠠᠭᠤᠳᠠᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠡᠪᠡᠳᠴᠢᠲᠡᠨ ᠢ ᠠᠪᠤᠷᠠᠨ ᠡᠮᠨᠡᠬᠦ ᠪᠠ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠮᠦᠨ᠎ᠡ ᠹᠷᠣᠨᠲ ᠤᠨ ᠡᠮᠴᠢ ᠰᠤᠪᠢᠯᠠᠭᠴᠢ ᠶᠢᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠪᠠ ᠬᠤᠪᠢ ᠬᠥᠮᠦᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠬᠤᠴᠤᠷᠴᠤ ᠦᠯᠡᠳᠡᠭᠰᠡᠨ ᠵᠢᠭᠤᠯᠴᠢᠯᠠᠭᠰᠠᠳ ᠲᠤ ᠦᠶᠯᠡᠴᠢᠯᠡᠬᠦ ᠪᠠ ᠪᠠᠲᠤᠯᠠᠭ᠎ᠠ ᠬᠠᠩᠭᠠᠬᠤ ᠠᠵᠢᠯ ᠢ ᠨᠠᠷᠢᠯᠢᠭ ᠰᠠᠶᠢᠲᠤᠷ ᠬᠢᠵᠦ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠡᠯᠡᠳᠭᠡᠯ ᠲᠥᠰᠦᠯ ᠢ ᠲᠡᠭᠦᠯᠳᠡᠷᠵᠢᠭᠦᠯᠵᠦ᠂ ᠡᠮᠴᠢᠯᠡᠭᠡᠨ ᠤ ᠡᠬᠢ ᠪᠠᠶᠠᠯᠢᠭ ᠢ ᠨᠥᠭᠡᠴᠡᠯᠡᠬᠦ ᠪᠠ ᠲᠣᠬᠢᠷᠠᠭᠤᠯᠬᠤ ᠶᠢ ᠴᠢᠩᠭᠠᠳᠬᠠᠵᠤ᠂ ᠨᠡᠭᠦᠳᠡᠯ ᠪᠠᠶᠢᠴᠠᠭᠠᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠢᠳᠠᠪᠤᠷᠢ ᠶᠢ ᠴᠢᠩᠭᠠᠳᠬᠠᠵᠤ᠂ ᠲᠦᠷᠭᠡᠨ ᠲᠤᠰᠬᠠᠯ ᠭᠠᠷᠬᠤ ᠲᠣᠭᠲᠠᠴᠠ ᠶᠢ ᠪᠦᠷᠢᠨᠰᠢᠬᠦᠯᠵᠤ᠂ ᠬᠢᠵᠢᠭ ᠤᠨ ᠪᠠᠶᠢᠳᠠᠯ ᠢ ᠰᠢᠶᠳᠪᠦᠷᠢᠯᠡᠬᠦ ᠰᠠᠨᠠᠭᠠᠴᠢᠯᠠᠭᠠᠲᠤ ᠡᠷᠬᠡ ᠶᠢ ᠦᠨᠡᠨ ᠬᠦ ᠴᠢᠩᠭ᠎ᠠ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃



   :                    
   :           
备案序号:蒙ICP备05003250号 公安备案15010502000173