ᠵᠤᠬᠢᠶᠠᠭᠴᠢ: ᠴᠠᠭ:2021-11-09 ᠥᠵᠡᠭᠰᠡᠨ : ᠢᠷᠡᠯᠲᠡ: ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ ᠱᠢ ᠲᠠᠢ ᠹᠧᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ

ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ 2021 ᠣᠨ ᠤ 11 ᠳ᠋ᠦ᠋ᠭᠡᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠶ ᠴᠢᠬᠤᠯᠠ ᠥᠭᠦᠯᠡᠯᠲᠡ ᠪᠠ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠥᠩ ᠯᠢᠶᠠᠩ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠬᠡᠷᠡᠭ ᠲᠤ ᠢᠯᠡᠷᠡᠭᠰᠡᠨ ᠲᠣᠪᠣᠶᠢᠮ᠎ᠠ ᠠᠰᠠᠭᠤᠳᠠᠯ ᠲᠠᠢ ᠬᠠᠷᠭᠤᠭᠤᠯᠵᠤ᠂ ᠬᠡᠷᠡᠭ ᠢᠶᠠᠷ ᠲᠣᠯᠢ ᠪᠣᠯᠭᠠᠵᠦ᠂ ᠥᠪᠡᠷ ᠤᠨ ᠪᠡᠶ᠎ᠡ ᠪᠠᠨ ᠲᠤᠩᠭᠠᠨ ᠪᠤᠳᠤᠵᠤ᠂ ᠰᠠᠨᠠᠭᠠᠴᠢᠯᠠᠭ᠎ᠠ ᠠᠴᠠ ᠪᠠᠨ ᠬᠡᠯᠪᠡᠶᠢᠭᠦᠦ ᠪᠠᠨ ᠵᠠᠯᠠᠷᠠᠭᠤᠯᠵᠤ᠂ ᠬᠠᠯᠠᠨ ᠰᠠᠶᠢᠵᠢᠷᠠᠭᠤᠯᠤᠨ ᠳᠡᠭᠡᠭᠰᠢᠯᠡᠭᠦᠯᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠦ ᠵᠢᠭᠠᠨ ᠵᠢᠯᠣᠭᠤᠳᠪᠠ᠃ 

ᠬᠤᠷᠠᠯ ᠠᠴᠠ᠂ ᠡᠩ ᠲᠡᠷᠢᠭᠦᠨ ᠳᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ᠬᠠᠷᠭᠤᠭᠤᠯᠤᠨ ᠪᠠᠶᠢᠴᠠᠭᠠᠯᠳᠠ ᠬᠢᠭᠰᠡᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠭᠤᠭᠤᠯᠤᠨ ᠪᠠᠶᠢᠴᠠᠭᠠᠯᠲᠠ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠢᠭᠡᠳ ᠨᠢᠭᠡ ᠪᠠᠷ ᠬᠤᠪᠢ ᠬᠦᠮᠦᠨ ᠤ ᠬᠠᠷᠭᠤᠭᠤᠯᠤᠨ ᠪᠠᠶᠢᠴᠠᠭᠠᠯᠳᠠ ᠬᠢᠪᠡ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡ ᠪᠦᠷᠢ ᠦᠭᠡ ᠬᠡᠯᠡᠭᠰᠡᠨ ᠤ ᠳᠠᠷᠠᠭ᠎ᠠ᠂ ᠪᠤᠰᠤᠳ ᠨᠥᠬᠦᠳ ᠲᠡᠰ ᠳᠠᠷᠠᠭᠠᠯᠠᠨ ᠰᠢᠭᠦᠮᠵᠢᠯᠡᠬᠦ ᠰᠠᠨᠠᠯ ᠳᠤᠷᠠᠳᠪᠠ᠃ ᠤᠯᠠᠨ ᠢᠶᠠᠷ ᠢᠶᠠᠨ ᠦᠭᠡ ᠬᠡᠯᠡᠬᠦ ᠳᠤᠮᠳᠠ᠂ ᠠᠵᠢᠯ ᠦᠢᠯᠡᠰ ᠲᠡᠭᠡᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠪᠠ ᠨᠥᠬᠦᠳ ᠢᠶᠠᠨ ᠬᠠᠯᠠᠮᠵᠢᠯᠠᠨ ᠬᠠᠪᠰᠤᠷᠬᠤ ᠣᠪᠣᠷ ᠢᠶᠠᠷ᠂ ᠰᠢᠭᠤᠳ ᠰᠢᠯᠤᠭᠤᠨ ᠢᠶᠠᠷ ᠠᠰᠠᠭᠤᠳᠠᠯ ᠢ ᠳᠡᠯᠭᠡᠵᠦ᠂ ᠵᠥᠷᠢᠶ᠎ᠡ ᠪᠠᠨ ᠡᠷᠢᠵᠦ᠂ ᠦᠨᠡᠨ ᠪᠣᠳᠠᠲᠠᠢ ᠪᠠᠷ ᠪᠤᠳᠤᠯ  ᠢᠶᠠᠨ ᠶᠠᠷᠢᠵᠤ᠂ ᠰᠠᠨᠠᠯ ᠢᠶᠠᠨ ᠳᠤᠷᠠᠳᠴᠤ᠂ ᠲᠠᠨᠢᠯᠲᠠ ᠪᠠᠨ ᠳᠡᠭᠡᠭᠰᠢᠯᠡᠭᠦᠯᠬᠦ᠂ ᠦᠵᠡᠯ ᠰᠠᠨᠠᠭ᠎ᠠ ᠪᠠᠨ ᠨᠢᠭᠡᠳᠭᠡᠬᠦ᠂ ᠠᠵᠢᠯ ᠢᠶᠠᠨ ᠠᠬᠢᠭᠤᠯᠬᠤ ᠵᠣᠷᠢᠯᠭ᠎ᠠ ᠳᠠᠭᠠᠨ ᠬᠦᠷᠴᠡᠢ᠃ 

ᠱᠢ ᠲᠠᠢ ᠹᠧᠩ᠂ ᠤᠯᠤᠰ ᠲᠥᠷᠥ ᠶᠢ ᠡᠷᠬᠢᠮᠯᠡᠬᠦ ᠬᠥᠪᠴᠢ ᠶᠢ ᠨᠠᠩ ᠴᠢᠩᠳᠠᠯᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠭᠡᠭᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠠᠯᠢᠪᠠ ᠠᠵᠢᠯ ᠢᠶᠠᠨ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠳᠤ ᠴᠢᠭᠯᠡᠬᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠢ ᠰᠠᠶᠢᠲᠤᠷ ᠨᠢᠭᠲᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠶᠯᠡᠳᠦᠯ ᠢ ᠰᠠᠶᠢᠲᠤᠷ ᠪᠠᠳᠠᠷᠠᠭᠤᠯᠵᠤ᠂ 《ᠳᠥᠷᠪᠡᠨ ᠤᠬᠠᠮᠰᠠᠷ》᠂ 《ᠳᠥᠷᠪᠡᠨ ᠢᠲᠡᠭᠡᠯ》᠂ 《ᠬᠤᠶᠠᠷ ᠢ ᠬᠠᠮᠠᠭᠠᠯᠠᠬᠤ》 ᠶᠢ ᠦᠨᠡᠨ ᠬᠦ ᠨᠠᠮ ᠤᠨ ᠵᠢᠯᠣᠭᠤᠳᠣᠯᠭ᠎ᠠ ᠶᠢ ᠳᠠᠭᠠᠬᠤ᠂ ᠨᠠᠮ ᠤᠨ ᠲᠥᠯᠥᠭᠡ ᠬᠠᠷᠢᠭᠤᠴᠠᠯᠭ᠎ᠠ ᠪᠠᠨ ᠭᠦᠶᠴᠡᠳᠭᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠳᠡᠢ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠠᠷᠢᠮᠵᠢᠶ᠎ᠠ ᠶᠢ ᠨᠡᠩ ᠴᠢᠩᠭ᠎ᠠ ᠲᠣᠭᠲᠠᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠡᠨᠡ ᠬᠦ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠶᠢ ᠠᠬᠢᠭᠤᠯᠬᠤ ᠲᠡᠷᠢᠭᠦᠨ ᠴᠢᠬᠤᠯᠠ ᠭᠤᠭᠴᠤᠭ᠎ᠠ᠂ ᠰᠠᠭᠤᠷᠢ ᠢᠨᠵᠧᠨᠧᠷᠢᠩ ᠢ ᠰᠠᠶᠢᠲᠤᠷ ᠠᠳᠬᠤᠵᠤ᠂ ᠨᠠᠮ ᠤᠨ ᠳᠣᠲᠣᠭᠠᠳᠤ ᠶᠢᠨ ᠨᠥᠬᠦᠳ ᠤᠨ ᠬᠠᠷᠢᠴᠠᠭ᠎ᠠ ᠶᠢ ᠴᠡᠪᠡᠷᠰᠢᠭᠦᠯᠬᠦ ᠡᠨᠡ ᠬᠦ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠬᠤ ᠶᠢᠨ ᠵᠠᠩᠭᠢᠯᠠᠭ᠎ᠠ ᠶᠢ ᠴᠢᠩᠭ᠎ᠠ ᠠᠳᠬᠤᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠤᠨ ᠵᠢᠯᠣᠭᠤᠳᠴᠤ ᠪᠠᠶᠢᠭᠠᠳ ᠪᠠᠶᠢᠩᠭᠤᠵᠢᠬᠰᠠᠨ ᠤᠯᠤᠰ ᠲᠥᠷᠥ ᠶᠢᠨ ᠪᠠᠶᠢᠴᠠᠭᠠᠯᠲᠠ ᠶᠢᠨ ᠳᠤᠮᠳᠠ ᠤᠯᠤᠰ ᠲᠥᠷᠥ ᠶᠢᠨ ᠡᠭᠡᠯᠢᠯᠡᠭᠡ ᠶᠢᠨ ᠴᠢᠳᠠᠪᠤᠷᠢ ᠪᠠᠨ ᠴᠢᠩᠭᠠᠳᠬᠠᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠬᠠᠷᠢᠯᠴᠠᠭᠠᠨ ᠤ ᠳᠤᠮᠳᠠ ᠪᠣᠯᠬᠢᠴᠢᠯᠠᠬᠤ᠂ ᠠᠷᠠᠯᠵᠢᠶᠠᠯᠠᠬᠤ ᠵᠡᠷᠭᠡ ᠮᠠᠭᠤ ᠦᠵᠡᠭᠳᠡᠯ ᠢ ᠡᠷᠡᠰ ᠲᠡᠪᠴᠢᠵᠦ᠂ ᠬᠠᠷᠢᠯᠴᠠᠨ ᠰᠦᠯᠪᠡᠭᠡᠯᠡᠬᠦ᠂ ᠬᠠᠷᠢᠯᠴᠠᠨ ᠡᠷᠭᠦᠨ ᠮᠠᠭᠲᠠᠬᠤ ᠪᠠ ᠳᠣᠷᠣᠭᠰᠢ ᠪᠠᠨ ᠤᠮᠤᠷᠬᠠᠭ ᠪᠠᠷᠳᠠᠮ᠂ ᠳᠡᠭᠡᠭᠰᠢ ᠪᠠᠨ ᠵᠠᠷᠴᠢᠮ ᠦᠭᠡᠢ ᠪᠠᠷ ᠳᠠᠭᠠᠬᠤ ᠵᠡᠷᠭᠡ ᠭᠠᠵᠢᠭᠤ ᠰᠤᠷᠲᠠᠯ ᠢ ᠡᠷᠡᠰ ᠵᠠᠯᠠᠷᠠᠭᠤᠯᠵᠦ᠂ ᠠᠷᠢᠭᠤᠨ ᠴᠢᠭᠡᠴᠢ᠂ ᠶᠣᠰᠣ ᠵᠢᠷᠤᠮ ᠲᠠᠢ᠂ ᠲᠥᠪ ᠴᠢᠩᠭ᠎ᠠ ᠰᠤᠷᠲᠠᠯ ᠲᠠᠢ ᠨᠠᠮ ᠤᠨ ᠳᠣᠲᠣᠭᠠᠳᠤ ᠶᠢᠨ ᠨᠥᠬᠦᠳ ᠤᠨ ᠬᠠᠷᠢᠴᠠᠭ᠎ᠠ ᠪᠦᠷᠢᠯᠳᠦᠬᠦᠯᠬᠦ ᠶᠢ ᠠᠬᠢᠭᠤᠯᠬᠤ ᠬᠡᠷᠡᠭᠳᠡᠢ᠃ ᠬᠥᠮᠦᠨ ᠰᠣᠩᠭᠤᠵᠤ ᠬᠥᠮᠦᠨ ᠬᠡᠷᠡᠭᠯᠡᠬᠦ ᠡᠨᠡ ᠬᠦ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠵᠦᠭᠯᠡᠭᠦ ᠢ ᠰᠠᠶᠢᠲᠤᠷ ᠪᠤᠢ ᠪᠣᠯᠭᠠᠵᠤ᠂ ᠤᠯᠤᠰ ᠲᠦᠷᠦ ᠶᠢᠨ ᠪᠣᠭᠤᠮᠲᠠ ᠶᠢ ᠰᠠᠶᠢᠲᠤᠷ ᠰᠠᠬᠢᠬᠤ ᠳᠡᠭᠡᠷ᠎ᠡ ᠨᠡᠩ ᠶᠡᠭᠡ ᠬᠦᠴᠦ ᠣᠷᠣᠭᠤᠯᠵᠤ᠂ 《ᠬᠤᠶᠠᠷ ᠨᠢᠭᠤᠷᠲᠠᠨ》 ᠪᠣᠯᠤᠨ ᠤᠯᠤᠰ ᠲᠦᠷᠦ ᠶᠢᠨ ᠵᠠᠪᠰᠢᠭᠴᠢ ᠡᠲᠡᠭᠡᠳ ᠢ ᠴᠠᠭ ᠲᠤᠬᠠᠢ ᠳᠤᠨᠢ ᠢᠯᠭᠠᠨ ᠲᠠᠨᠢᠵᠤ᠂ ᠡᠷᠡᠰ ᠴᠡᠪᠡᠷᠯᠡᠨ ᠭᠠᠷᠭᠠᠵᠤ᠂ ᠲᠡᠳᠡᠭᠡᠷ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠠᠵᠢᠯ ᠬᠢᠵᠦ ᠴᠢᠳᠠᠬᠤ ᠠᠵᠢᠯ ᠬᠢᠭᠦ ᠳᠡᠭᠡᠨ ᠴᠢᠳᠠᠮᠠᠭᠠᠢ ᠨᠤᠮᠤᠬᠠᠨ ᠰᠢᠳᠤᠷᠭᠤ ᠬᠥᠮᠦᠨ ᠢ ᠬᠡᠷᠡᠭᠯᠡᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠩ ᠪᠣᠳᠠᠲᠠᠶ ᠨᠠᠶᠢᠳᠠᠪᠤᠷᠢᠵᠢᠭᠤᠯᠵᠤ᠂ ᠦᠨᠡᠨ ᠬᠦ ᠬᠠᠮᠢᠶᠠᠷᠴᠤ ᠦᠨᠡᠨ ᠬᠦ ᠴᠢᠩᠳᠠᠯᠠᠵᠤ᠂ ᠵᠣᠷᠢᠭᠲᠠᠶ ᠪᠠᠷ ᠬᠠᠮᠢᠶᠠᠷᠴᠤ ᠵᠣᠷᠢᠭᠲᠠᠶ ᠪᠠᠷ ᠴᠢᠩᠳᠠᠯᠠᠵᠤ᠂ ᠣᠷᠳᠣ ᠬᠤᠭᠤᠴᠠᠭ᠎ᠠ ᠪᠠᠷ ᠬᠠᠮᠢᠶᠠᠷᠴᠤ ᠣᠷᠳᠣ ᠬᠤᠭᠤᠴᠠᠭ᠎ᠠ ᠪᠠᠷ ᠴᠢᠩᠳᠠᠯᠠᠬᠤ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠰᠤᠯᠠᠷᠠᠬᠤ᠂ ᠨᠠᠮ ᠤᠨ ᠪᠠᠶᠢᠭᠤᠯᠤᠯᠲᠠ ᠬᠡᠶᠢᠰᠪᠦᠷᠢᠵᠢᠬᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠷᠴᠢᠮ ᠰᠤᠯᠠ ᠪᠠᠶᠢᠬᠤ ᠡᠨᠡ ᠬᠦ ᠢᠯᠵᠠᠷᠠᠯ ᠤᠨ ᠬᠡᠷᠡᠭ ᠪᠠᠶᠢᠨ ᠳᠠᠬᠢᠨ ᠤᠯᠠᠨᠳᠠ ᠡᠭᠦᠰᠴᠤ ᠪᠠᠶᠢᠭ᠎ᠠ ᠦᠨᠳᠦᠰᠦᠨ ᠴᠢᠨᠠᠷᠲᠠᠶ ᠰᠢᠯᠲᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠳᠤ ᠬᠠᠷᠢᠭᠤᠴᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠲᠥᠷᠥ ᠶᠢᠨ ᠠᠮᠢ ᠠᠬᠤᠶ ᠳᠤ ᠬᠠᠷᠢᠭᠤᠴᠠᠬᠤ᠂ ᠺᠠᠳ᠋ᠷᠴᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠠᠷᠢᠭᠤᠴᠠᠬᠤ ᠣᠪᠣᠷ ᠢᠶᠠᠷ ᠳᠠᠷᠤᠯᠲᠠ ᠶᠢ ᠱᠠᠲᠤ ᠪᠦᠷᠢ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠨᠢᠭᠡ ᠪᠦᠷᠢ ᠳᠤ ᠳᠠᠮᠵᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠰᠢᠨ᠎ᠡ ᠦᠷ᠎ᠡ ᠪᠦᠲᠦᠮᠵᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠪᠠ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃



   :                    
   :           
备案序号:蒙ICP备05003250号 公安备案15010502000173