ᠵᠤᠬᠢᠶᠠᠭᠴᠢ:
ᠴᠠᠭ:2021-11-09
ᠥᠵᠡᠭᠰᠡᠨ : ℃
ᠢᠷᠡᠯᠲᠡ: ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
ᠮᠠᠨ ᠤ ᠣᠷᠣᠨ ᠤ 3 ᠲᠦᠮᠡ ᠭᠠᠷᠤᠶ ᠵᠠᠯᠠᠭᠤ ᠰᠠᠶᠢᠨ ᠳᠤᠷᠠᠴᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯᠯᠠᠭ᠎ᠠ ᠳᠤ ᠣᠷᠣᠯᠴᠠᠪᠠ
ᠪᠥᠬᠦ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠲᠣᠮᠣ ᠳ᠋ᠠᠶᠢᠲ᠋ᠠ ᠶᠢᠨ ᠲᠠᠪᠴᠠᠩ ᠤᠨ ᠢᠯᠡᠷᠡᠭᠦᠯᠦᠭᠰᠡᠨ ᠢᠶᠠᠷ᠂ ᠣᠲᠣ ᠪᠣᠯᠲᠠᠯ᠎ᠠ᠂ ᠪᠥᠬᠦ ᠣᠷᠣᠨ ᠳᠤ ᠨᠡᠶᠢᠲᠡ 447 ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ 3.19 ᠲᠦᠮᠡᠨ ᠵᠠᠯᠠᠭᠤ ᠰᠠᠶᠢᠨ ᠳᠤᠷᠠᠴᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠪᠠ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠥᠷᠭᠡᠨ ᠢᠶᠠᠷ ᠣᠷᠣᠯᠴᠠᠵᠤ᠂ ᠨᠡᠶᠢᠲᠡ 18 ᠲᠦᠮᠡ ᠭᠠᠷᠤᠶ ᠴᠠᠭ ᠦᠢᠯᠡᠴᠢᠯᠡᠪᠡ᠃
ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠬᠤᠷᠢᠭᠯᠠᠬᠤ ᠪᠣᠯ ᠬᠠᠷᠢᠭᠤᠴᠠᠯᠭ᠎ᠠ ᠮᠥᠨ᠃ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠪᠦᠬᠦ ᠣᠷᠣᠨ ᠤ ᠡᠪ ᠬᠠᠮᠲᠤ ᠵᠠᠯᠠᠭᠤᠴᠤᠳ ᠤᠨ ᠡᠪᠯᠡᠯ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ ᠠᠵᠢᠯᠯᠠᠵᠤ᠂ ᠥᠷᠭᠡᠨ ᠤᠯᠠᠨ ᠵᠠᠯᠠᠭᠤ ᠰᠠᠶᠢᠨ ᠳᠤᠷᠠᠴᠢᠨ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠦᠳᠦᠯᠦᠨ ᠵᠢᠯᠣᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠪᠠᠴᠢᠮ ᠪᠠᠶᠢᠳᠠᠯ ᠢ ᠠᠷᠭᠠᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠥᠷᠨᠢᠭᠦᠯᠪᠡ᠃ ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠵᠠᠯᠠᠭᠤ ᠰᠠᠶᠢᠨ ᠳᠤᠷᠠᠴᠢᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠵᠠᠯᠠᠭᠤ ᠰᠠᠶᠢᠨ ᠳᠤᠷᠠᠴᠢᠨ ᠢ ᠲᠠᠶᠢᠴᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠡᠮᠦᠨ᠎ᠡ ᠹᠷᠣᠨᠲ ᠲᠤ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠭᠰᠡᠨ ᠤ ᠬᠠᠮᠲᠤ᠂ 《ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ》 ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ 《ᠡᠪᠯᠡᠯ ᠤᠨ ᠺᠠᠳ᠋ᠷ + ᠵᠠᠯᠠᠭᠤ ᠰᠠᠶᠢᠨ ᠳᠤᠷᠠᠴᠢᠨ》 ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠡᠮᠦᠨ᠎ᠡ ᠡᠩᠨᠡᠭᠡᠨ ᠳᠤ ᠭᠠᠪᠰᠢᠭᠠᠶᠢᠯᠠᠵᠤ᠂ ᠦᠯᠢᠭᠡᠷ ᠳᠠᠭᠤᠷᠢᠶᠠᠯ ᠪᠣᠯᠵᠤ ᠪᠤᠢ᠃
10 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠥᠪᠥᠷ ᠮᠣᠩᠭᠤᠯ ᠤᠨ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ᠂ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠢᠴᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠨᠢᠭᠡᠳᠦᠭᠡᠷ ᠹᠷᠣᠨᠲ ᠲᠤ ᠣᠴᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯᠯᠠᠭᠠᠨ ᠤ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃ 10 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠬᠠᠷᠢᠯᠴᠠᠬᠤ ᠠᠷᠭ᠎ᠠ ᠮᠠᠶ᠋ᠢᠭ ᠢ ᠨᠡᠶᠢᠲᠡᠯᠡᠵᠦ᠂ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠰᠠᠶᠢᠨ ᠳᠤᠷᠠᠴᠢᠨ ᠤ ᠬᠠᠷᠢᠶ᠎ᠠ ᠭᠠᠵᠠᠷ ᠤᠨ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠳᠤ ᠣᠷᠣᠯᠴᠠᠬᠤ ᠶᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠵᠢᠯᠣᠭᠤᠳᠴᠤ ᠪᠤᠢ᠃