ᠵᠤᠬᠢᠶᠠᠭᠴᠢ:
ᠴᠠᠭ:2021-11-09
ᠥᠵᠡᠭᠰᠡᠨ : ℃
ᠢᠷᠡᠯᠲᠡ: ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
ᠮᠠᠨ ᠤ ᠣᠷᠣᠨ ᠤ ᠬᠤᠶᠠᠷ ᠭᠠᠵᠠᠷ ᠠᠩᠬᠠᠳᠤᠭᠠᠷ ᠪᠦᠯᠦᠭ ᠪᠥᠬᠦ ᠤᠯᠤᠰ ᠤᠨ ᠰᠡᠯᠡᠭᠦᠴᠡᠯ ᠲᠠᠷᠢᠶᠠᠯᠠᠩ ᠤᠨ ᠭᠤᠤᠯᠳᠠᠯᠭ᠎ᠠ ᠲᠠᠢ ᠰᠢᠶᠠᠨ ᠢᠶᠠᠷ ᠰᠣᠩᠭᠤᠭᠳᠠᠪᠠ
ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠠᠩᠬᠢᠮ ᠠᠴᠠ ᠣᠶᠢᠯᠠᠭᠠᠭᠰᠠᠨ ᠢᠶᠠᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠦᠷᠦᠭᠦᠬᠡᠨ ᠨᠡᠶᠢᠲᠡᠯᠡᠭᠰᠡᠨ ᠠᠩᠬᠠᠳᠤᠭᠠᠷ ᠪᠦᠯᠦᠭ ᠪᠥᠬᠦ ᠤᠯᠤᠰ ᠤᠨ ᠰᠡᠯᠡᠭᠦᠴᠡᠯ ᠲᠠᠷᠢᠶᠠᠯᠠᠩ ᠤᠨ ᠭᠤᠤᠯᠳᠠᠯᠭ᠎ᠠ ᠲᠠᠢ ᠰᠢᠶᠠᠨ ᠤ ᠨᠡᠷᠡᠰ ᠤᠨ ᠳᠣᠲᠣᠷ᠎ᠠ᠂ ᠮᠠᠨ ᠤ ᠣᠷᠣᠨ ᠤ ᠨᠢᠩᠴᠧᠩ ᠰᠢᠶᠠᠨ ᠪᠣᠯᠤᠨ ᠷᠠᠰᠢᠶᠠᠨ ᠬᠤᠲᠠ ᠬᠤᠶᠠᠷ ᠭᠠᠵᠠᠷ ᠰᠣᠩᠭᠤᠭᠳᠠᠵᠠᠶ᠃
ᠣᠶᠢᠯᠠᠭᠠᠭᠰᠠᠨ ᠢᠶᠠᠷ᠂ ᠰᠢᠶᠠᠨ ᠤ ᠱᠠᠲᠤᠨ ᠠᠴᠠ ᠭᠤᠶᠤᠴᠢᠯᠠᠨ ᠮᠡᠳᠡᠭᠦᠯᠬᠦ᠂ ᠮᠤᠵᠢ ᠶᠢᠨ ᠱᠠᠲᠤᠨ ᠠᠴᠠ ᠰᠢᠯᠢᠨ ᠰᠣᠩᠭᠤᠬᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠪᠠᠶᠢᠭᠠᠳ ᠬᠢᠨᠠᠨ ᠲᠣᠭᠲᠠᠭᠠᠬᠤ ᠪᠠ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠬᠦ ᠵᠡᠷᠭᠡ ᠶᠠᠪᠤᠴᠠ ᠪᠠᠷ ᠳᠡᠮᠵᠢᠨ᠂ ᠪᠥᠬᠦ ᠤᠯᠤᠰ ᠲᠤ ᠨᠡᠶᠢᠲᠡ 60 ᠰᠢᠶᠠᠨ ︵ᠬᠤᠲᠠ᠂ ᠲᠣᠭᠤᠷᠢᠭ︶ ᠢ 2021 ᠣᠨ ᠤ ᠪᠥᠬᠦ ᠤᠯᠤᠰ ᠤᠨ ᠰᠡᠯᠡᠭᠦᠴᠡᠯ ᠲᠠᠷᠢᠶᠠᠯᠠᠩ ᠤᠨ ᠭᠤᠤᠯᠳᠠᠯᠭ᠎ᠠ ᠲᠠᠢ ᠰᠢᠶᠠᠨ ᠢᠶᠠᠷ ᠮᠠᠭᠠᠳᠯᠠᠨ ᠲᠣᠭᠲᠠᠭᠠᠭᠰᠠᠨ ᠪᠠᠶᠢᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠰᠡᠯᠡᠭᠦᠴᠡᠯ ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠰᠢᠨ᠎ᠡ ᠬᠥᠭᠵᠢᠯᠲᠡ ᠶᠢᠨ ᠱᠠᠲᠤᠨ ᠳᠤ ᠪᠦᠬᠦ ᠤᠯᠤᠰ ᠤᠨ ᠰᠡᠯᠡᠭᠦᠴᠡᠯ ᠲᠠᠷᠢᠶᠠᠯᠠᠩ ᠤᠨ ᠭᠤᠣᠯᠳᠠᠯᠭ᠎ᠠ ᠲᠠᠢ ᠰᠢᠶᠠᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠪᠣᠬᠢᠷᠲᠤᠯ ᠥᠬᠡᠶ ᠪᠠᠷ ᠬᠥᠲᠥᠯᠦᠨ ᠳᠠᠭᠠᠭᠤᠯᠬᠤ᠂ ᠠᠳᠠᠯ ᠦᠢᠯᠡᠰ ᠴᠣᠭᠴᠠᠯᠠᠬᠤ ᠶᠢ ᠬᠥᠭᠵᠢᠶᠡᠨᠲᠡᠶ ᠪᠣᠯᠭᠠᠬᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠬᠢᠯᠢ ᠵᠠᠭᠠᠭ ᠠᠯᠤᠰᠯᠠᠨ ᠠᠭᠤᠰᠤᠯᠴᠠᠭᠤᠯᠬᠤ᠂ ᠲᠠᠷᠢᠶᠠᠯᠠᠩ ᠢ ᠳᠠᠶᠢᠴᠢᠯᠠᠨ ᠣᠷᠣᠯᠭ᠎ᠠ ᠶᠢ ᠨᠡᠮᠡᠭᠳᠡᠭᠦᠯᠬᠦ ᠪᠠᠷ ᠵᠠᠷᠴᠢᠮ ᠪᠣᠯᠭᠠᠵᠤ᠂ ᠲᠠᠷᠢᠶᠠᠯᠠᠩ ᠤᠨ ᠣᠯᠠᠨ ᠵᠦᠢᠯ ᠤᠨ ᠴᠢᠳᠠᠮᠵᠢ ᠶᠢ ᠥᠷᠭᠡᠳᠬᠡᠬᠦ᠂ ᠬᠥᠳᠡᠭᠡ ᠲᠣᠰᠬᠤᠨ ᠤ ᠠᠵᠤ ᠦᠢᠯᠡᠰ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠬᠤ ᠶᠢᠨ ᠲᠣᠭᠤᠷᠢᠨ ᠳᠤ ᠲᠠᠷᠢᠶᠠᠴᠢᠳ ᠤᠨ ᠠᠵᠢᠯ ᠤᠯᠬᠤ ᠣᠷᠣᠨ ᠵᠠᠶ ᠶᠢ ᠥᠷᠭᠡᠳᠬᠡᠵᠦ᠂ ᠣᠷᠣᠨ ᠪᠦᠰᠡ ᠶᠢᠨ ᠴᠢᠨᠠᠷ ᠲᠠᠢ᠂ ᠪᠥᠬᠦ ᠤᠯᠤᠰ ᠤᠨ ᠴᠢᠨᠠᠷ ᠲᠠᠢ ᠴᠢᠨᠠᠭᠰᠢᠯᠠᠪᠠᠯ ᠳᠡᠯᠡᠬᠡᠶ ᠳᠤ ᠠᠯᠳᠠᠷ ᠲᠠᠢ ᠪᠥᠭᠡᠳ ᠨᠥᠯᠥᠭᠡᠯᠡᠬᠦ ᠬᠦᠴᠦᠨ ᠪᠦᠬᠦᠢ ᠪᠥᠬᠦ ᠤᠯᠤᠰ ᠤᠨ ᠰᠡᠯᠡᠭᠦᠴᠡᠯ ᠲᠠᠷᠢᠶᠠᠯᠠᠩ ᠤᠨ 300 ᠭᠤᠤᠯᠳᠠᠯᠭ᠎ᠠ ᠲᠠᠢ ᠰᠢᠶᠠᠨ ᠢ ᠪᠥᠲᠥᠭᠡᠨ ᠪᠠᠶᠢᠭᠤᠯᠤᠨ᠎ᠠ᠃
ᠮᠠᠭᠠᠳᠯᠠᠨ ᠲᠣᠭᠲᠠᠭᠠᠭᠰᠠᠨ ᠠᠩᠬᠠᠳᠤᠭᠠᠷ ᠪᠦᠯᠦᠭ ᠭᠤᠤᠯᠳᠠᠯᠭ᠎ᠠ ᠲᠠᠢ ᠰᠢᠶᠠᠨ ᠨᠢ ᠰᠢᠶᠠᠨ ᠤ ᠬᠡᠪᠴᠢᠶᠡᠨ ᠤ ᠡᠬᠢ ᠪᠠᠶᠠᠯᠢᠭ ᠤᠨ ᠣᠨᠴᠠᠯᠢᠭ ᠢᠯᠡ ᠲᠣᠳᠣ᠂ ᠡᠵᠡᠩᠨᠡᠯᠲᠡ ᠶᠢᠨ ᠬᠡᠯᠪᠡᠷᠢ ᠪᠠᠶᠢᠳᠠᠯ ᠡᠯᠪᠡᠭ ᠮᠥᠷᠲᠡᠭᠡᠨ ᠲᠥᠪᠯᠡᠷᠡᠨ ᠲᠠᠷᠬᠠᠭᠰᠠᠨ᠂ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠦᠷ᠎ᠡ ᠪᠦᠲᠦᠮᠵᠢ ᠢᠯᠡᠷᠬᠡᠢ᠂ ᠲᠥᠷᠥ ᠶᠢᠨ ᠪᠣᠳᠣᠯᠭ᠎ᠠ ᠶᠢᠨ ᠰᠢᠨᠡᠴᠢᠯᠡᠯᠲᠡ ᠶᠢ ᠤᠷᠢᠳ ᠢᠶᠠᠷ ᠬᠠᠶᠢᠨ ᠰᠦᠪᠡᠭᠴᠢᠯᠡᠭᠰᠡᠨ ᠵᠡᠷᠭᠡ 4 ᠶᠡᠭᠡ ᠣᠨᠴᠠᠯᠢᠭ ᠲᠠᠢ ᠪᠠᠶᠢᠳᠠᠭ᠃ ᠨᠢᠩᠴᠧᠩ ᠰᠢᠶᠠᠨ ᠤ ᠲᠡᠦᠬᠡ ᠰᠣᠶᠣᠯ ᠥᠨᠢ ᠤᠳᠠᠭᠠᠨ᠂ ᠪᠠᠶᠢᠭᠠᠯᠢ ᠶᠢᠨ ᠡᠬᠢ ᠪᠠᠶᠠᠯᠢᠭ ᠡᠯᠪᠡᠭ ᠳᠡᠯᠪᠡᠭ᠂ ᠲᠠᠷᠢᠶᠠᠯᠠᠩ ᠤᠨ ᠠᠵᠤ ᠦᠢᠯᠡᠰ ᠤᠨ ᠣᠨᠴᠠᠯᠢᠭ ᠲᠣᠪᠤᠶᠢᠮ᠎ᠠ ᠪᠠᠶᠢᠵᠤ᠂ ᠲᠠᠷᠢᠶᠠᠴᠢᠨ ᠠᠶᠢᠯ ᠤᠨ ᠵᠤᠭᠠᠴᠠᠯ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ᠂ ᠰᠡᠯᠡᠭᠦᠴᠡᠯ ᠲᠠᠷᠢᠶᠠᠯᠠᠩ ᠤᠨ ᠲᠠᠯᠠᠪᠠᠶ᠂ ᠡᠷᠡᠭᠦᠯᠵᠢᠯ ᠰᠤᠪᠢᠯᠠᠯᠲᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠥᠷᠨᠢᠩᠭᠦᠶ ᠬᠥᠭᠵᠢᠵᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠦᠷ᠎ᠡ ᠪᠦᠲᠦᠮᠵᠢ ᠢᠯᠡᠳᠲᠡ ᠪᠠᠶᠢᠵᠤ᠂ ᠲᠠᠷᠢᠶᠠᠯᠠᠩ ᠪᠠ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠦᠭᠰᠡᠨ ᠨᠡᠶᠢᠲᠡᠯᠢᠭ ᠵᠢᠱᠢᠶ᠎ᠡ ᠪᠣᠯᠤᠨ᠎ᠠ᠃ ᠷᠠᠰᠢᠶᠠᠨ ᠬᠤᠲᠠ ᠪᠣᠯ ᠵᠢᠭᠤᠯᠴᠢᠯᠠᠯ ᠤᠨ ᠠᠯᠳᠠᠷᠲᠤ ᠦᠵᠡᠮᠵᠢ ᠶᠢᠨ ᠣᠷᠣᠨ ᠪᠠᠶᠢᠵᠤ᠂ ᠳᠡᠯᠡᠬᠡᠶ ᠳᠤ ᠠᠯᠳᠠᠷᠲᠠᠶ ᠪᠠᠶᠢᠭᠠᠯᠢ ᠰᠣᠶᠣᠯ ᠤᠨ ᠡᠬᠢ ᠪᠠᠶᠠᠯᠢᠭ ᠲᠠᠢ ᠪᠠᠶᠢᠵᠤ᠂ ᠥᠨᠳᠥᠷ ᠠᠭᠤᠯᠠ᠂ ᠣᠶ ᠰᠢᠭᠤᠶ᠂ ᠬᠠᠯᠠᠭᠤᠨ ᠷᠠᠰᠢᠶᠠᠨ᠂ ᠲᠠᠯ᠎ᠠ ᠨᠤᠲᠤᠭ᠂ ᠮᠥᠰᠥ ᠴᠠᠰᠤ᠂ ᠨᠠᠭᠤᠷ ᠴᠥᠭᠦᠷᠥᠮ᠂ ᠬᠤᠪᠣᠷ ᠴᠤᠬᠠᠭ ᠠᠮᠢᠲᠠᠨ ᠤᠷᠭᠤᠮᠠᠯ᠂ ᠲᠡᠤᠬᠡ ᠶᠢᠨ ᠦᠯᠡᠳᠡᠭᠳᠡᠯ ᠵᠡᠷᠭᠡ ᠠᠯᠢ ᠣᠯᠠᠨ ᠳᠠᠪᠠᠭᠤᠯᠢᠭ ᠡᠬᠢ ᠪᠠᠶᠠᠯᠢᠭ ᠨᠢ ᠨᠢᠭᠡ ᠭᠠᠵᠠᠷ ᠲᠤ ᠲᠥᠪᠯᠡᠷᠡᠭᠰᠡᠨ ᠪᠠᠶᠢᠳᠠᠭ᠃ ᠷᠠᠰᠢᠶᠠᠨ ᠤ ᠤᠯᠤᠰ ᠤᠨ ᠳᠡᠰ ᠤᠨ ᠤᠢ ᠰᠢᠭᠤᠢ ᠶᠢᠨ ᠴᠡᠴᠡᠷᠯᠢᠭ ᠤᠨ ᠦᠵᠡᠰᠬᠦᠯᠡᠩᠲᠦ ᠰᠠᠶᠢᠬᠠᠨ ᠤᠮᠠᠷᠠᠲᠤ ᠶᠢᠨ ᠦᠵᠡᠮᠵᠢ᠂ ᠪᠠᠶᠢᠯᠠᠩ ᠪᠠᠯᠭᠠᠰᠤ ᠶᠢᠨ ᠥᠪᠡᠷᠮᠢᠴᠡ ᠣᠨᠴᠠᠯᠢᠭ ᠪᠦᠬᠦᠢ ᠤᠢ ᠰᠢᠭᠤᠢ ᠶᠢᠨ ᠵᠠᠩ ᠳᠠᠳᠬᠠᠯ ᠤᠨ ᠰᠣᠶᠣᠯ᠂ ᠳᠡᠯᠡᠬᠡᠢ ᠳᠤ ᠠᠯᠳᠠᠷᠲᠠᠢ ᠷᠠᠰᠢᠶᠠᠨ ᠪᠤᠯᠠᠭ ᠤᠨ ᠴᠤᠭᠯᠠᠷᠠᠯ ᠨᠢ ᠲᠤᠬᠠᠢ ᠶᠢᠨ ᠭᠠᠵᠠᠷ ᠤᠨ ᠰᠡᠯᠡᠭᠦᠴᠡᠯ ᠲᠠᠷᠢᠶᠠᠯᠠᠩ ᠢ ᠬᠥᠭᠵᠢᠭᠦᠯᠬᠦ ᠳᠤ ᠣᠨᠴᠠ ᠰᠠᠶᠢᠨ ᠨᠥᠬᠦᠴᠡᠯ ᠬᠠᠩᠭᠠᠵᠤ᠂ ᠮᠠᠨ ᠤ ᠣᠷᠣᠨ ᠤ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ》ᠭᠡᠬᠦ ᠣᠨᠣᠯᠵᠢᠬᠤᠨ ᠢ ᠦᠢᠯᠡᠳᠦᠯᠭᠡᠵᠢᠭᠦᠯᠬᠦ᠂ ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢᠨ ᠵᠣᠬᠢᠴᠠᠩᠭᠤᠢ ᠬᠥᠭᠵᠢᠯᠲᠡ ᠶᠢ ᠦᠢᠯᠡᠳᠦᠯᠭᠡᠵᠢᠭᠦᠯᠬᠦ ᠶᠢᠨ ᠬᠤᠰᠢᠭᠤᠴᠢ ᠮᠥᠨ᠃ ᠡᠨᠡ ᠬᠤᠶᠠᠷ ᠭᠠᠵᠠᠷ ᠠᠩᠬᠠᠳᠤᠭᠠᠷ ᠪᠦᠯᠦᠭ ᠪᠥᠬᠦ ᠤᠯᠤᠰ ᠤᠨ ᠰᠡᠯᠡᠭᠦᠴᠡᠯ ᠲᠠᠷᠢᠶᠠᠯᠠᠩ ᠤᠨ ᠭᠤᠤᠯᠳᠠᠯᠭ᠎ᠠ ᠲᠠᠢ ᠰᠢᠶᠠᠨ ᠢᠶᠠᠷ ᠰᠣᠩᠭᠤᠭᠳᠠᠭᠰᠠᠨ ᠨᠢ ᠲᠤᠬᠠᠶ ᠶᠢᠨ ᠭᠠᠵᠠᠷ ᠤᠨ ᠨᠥᠯᠥᠭᠡᠯᠡᠬᠦ ᠬᠦᠴᠦᠨ ᠪᠠ ᠠᠯᠳᠠᠷ ᠴᠣᠯᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠮᠥᠷᠲᠡᠭᠡᠨ ᠮᠠᠨ ᠤ ᠣᠷᠣᠨ ᠤ ᠰᠡᠯᠡᠭᠦᠴᠡᠯ ᠲᠠᠷᠢᠶᠠᠯᠠᠩ ᠤᠨ ᠬᠥᠭᠵᠢᠯᠲᠡ ᠳᠤ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠪᠣᠯᠤᠨ᠎ᠠ᠃