ᠵᠤᠬᠢᠶᠠᠭᠴᠢ: ᠴᠠᠭ:2021-11-09 ᠥᠵᠡᠭᠰᠡᠨ : ᠢᠷᠡᠯᠲᠡ: ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠳᠠ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ ᠸᠠᠩ ᠯᠢ ᠰᠢᠶᠠ ᠡᠵᠡᠨ᠎ᠡ ᠬᠤᠰᠢᠭᠤᠨ ᠳᠤ ᠬᠤᠷᠠᠯ ᠢ ᠡᠷᠬᠢᠯᠡᠵᠡᠢ

ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ 11 ᠰᠠᠷ᠎ᠠ ᠶᠢᠨ 4 ᠤ ᠤᠷᠤᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠳᠠ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠰᠦᠩ ᠯᠢᠶᠠᠩ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠬᠡᠷᠡᠭ ᠢᠶᠠᠷ ᠴᠡᠭᠡᠷᠯᠡᠯ ᠪᠣᠯᠭᠠᠵᠤ᠂ ᠣᠶᠢᠷ᠎ᠠ ᠶᠢᠨ ᠵᠢᠯ ᠤᠳ ᠤᠨ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠳᠤ ᠡᠭᠦᠰᠦᠭᠰᠡᠨ ᠠᠯᠢ ᠤᠯᠠᠨ ᠢᠯᠵᠠᠷᠠᠯ ᠤᠨ ᠬᠡᠷᠡᠭ ᠲᠠᠢ ᠬᠤᠯᠪᠣᠭᠳᠠᠭᠤᠯᠵᠤ᠂ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠦᠨᠳᠦᠰᠦ ᠰᠤᠷᠪᠤᠯᠵᠢ ᠶᠢ ᠨᠢ ᠭᠦᠨᠵᠡᠭᠡᠢ ᠵᠠᠳᠠᠯᠤᠨ ᠰᠢᠨᠵᠢᠯᠡᠵᠦ᠂ ᠨᠠᠮᠴᠢ ᠴᠢᠨᠠᠷ ᠤᠨ ᠵᠠᠳᠠᠯᠤᠯᠲᠠ ᠶᠢ ᠭᠦᠨᠵᠡᠭᠡᠶᠢᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠳᠤᠳᠤᠷᠬᠠᠶᠢᠯᠠᠪᠠ᠃ 

ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠵᠡᠨ᠎ᠡ ᠬᠤᠰᠢᠭᠤ᠂ ᠬᠥᠬᠡᠬᠤᠲᠠ᠂ ᠡᠷᠢᠶᠡᠨ ᠬᠤᠲᠠ ᠳᠤ ᠲᠣᠰ ᠪᠦᠷᠢ ᠬᠤᠷᠠᠯ ᠤᠨ ᠲᠠᠯᠠᠪᠠᠶ ᠲᠤᠬᠢᠷᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠡᠵᠡᠨ᠎ᠡ ᠬᠤᠰᠢᠭᠤᠨ ᠳᠤ ᠬᠤᠷᠠᠯ ᠢ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠣᠯᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠥ ᠵᠢᠭᠠᠨ ᠵᠢᠯᠣᠭᠤᠳᠤᠬᠰᠠᠨ ᠪᠦᠬᠡᠳ ᠦᠨᠡᠯᠡᠯᠳᠡ ᠬᠢᠪᠠ᠃ 

ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠡᠨᠡ ᠤᠳᠠᠭ᠎ᠠ ᠶᠢᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠠᠴᠠ ᠡᠮᠦᠨ᠎ᠡ ᠨᠠᠮ ᠤᠨ ᠲᠥᠪ ᠬᠤᠷᠢᠶᠠᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠳᠠ ᠶᠢ ᠠᠬᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠬᠢᠨᠠᠮᠠᠭᠠᠶ ᠪᠢᠴᠢᠵᠦ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠶᠴᠡᠳ ᠪᠡᠯᠡᠳᠭᠡᠯ ᠬᠢᠵᠡᠶ᠃ ᠬᠤᠷᠠᠯ ᠠᠴᠠ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠪᠡ᠃ ᠬᠤᠷᠠᠯ ᠳᠡᠭᠡᠷ᠎ᠡ᠂ ᠸᠠᠩ ᠯᠢ ᠰᠢᠶᠠ ᠡᠩ ᠲᠡᠷᠢᠭᠦᠨ ᠳᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠡᠮᠦᠨ᠎ᠡ ᠠᠴᠠ ᠬᠠᠷᠭᠤᠭᠤᠯᠤᠨ ᠪᠠᠶᠢᠴᠠᠭᠠᠵᠤ᠂ ᠲᠦᠷᠦᠭᠦᠯᠡᠨ ᠥᠪᠡᠷ ᠤᠨ ᠰᠢᠭᠦᠮᠵᠢᠯᠡᠯ ᠬᠢᠪᠡ᠃ ᠳᠠᠷᠠᠭ᠎ᠠ ᠨᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠵᠤ᠂ ᠬᠠᠷᠢᠯᠴᠠᠨ ᠰᠢᠭᠦᠮᠵᠢᠯᠡᠯ ᠥᠷᠨᠢᠭᠦᠯᠪᠡ᠃

ᠸᠠᠩ ᠯᠢ ᠰᠢᠶᠠ ᠳ᠋ᠦᠩᠨᠡᠯᠲᠡ ᠶᠢᠨ ᠶᠠᠷᠢᠶᠠᠨ ᠳᠠᠭᠠᠨ᠂ ᠰᠦᠩ ᠯᠢᠶᠠᠩ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠤᠨ ᠬᠤᠣᠷ ᠬᠥᠨᠥᠭᠡᠯ ᠬᠦᠨᠳᠦ ᠨᠣᠴᠢᠲᠠᠢ ᠪᠠᠶᠢᠵᠤ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠲᠤᠶᠢᠯ ᠤᠨ ᠭᠦᠨᠵᠡᠭᠡᠢ ᠰᠤᠷᠭᠠᠮᠵᠢ ᠣᠯᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠳᠠ ᠶᠢ ᠠᠬᠢᠭᠤᠯᠬᠤ ᠡᠭᠦᠷᠭᠡ ᠲᠤᠶᠢᠯ ᠤᠨ ᠪᠡᠷᠬᠡ ᠬᠠᠲᠠᠭᠤᠵᠢᠯᠲᠠᠢ ᠪᠠᠶᠢᠨ᠎ᠠ᠃ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ᠂ ᠤᠯᠤᠰ ᠲᠥᠷᠥ ᠶᠢᠨ ᠠᠮᠢ ᠠᠬᠤᠶ᠂ ᠤᠯᠤᠰ ᠲᠥᠷᠥ ᠶᠢᠨ ᠪᠠᠶᠢᠭᠤᠯᠤᠯᠲᠠ᠂ ᠤᠯᠤᠰ ᠲᠥᠷᠥ ᠶᠢᠨ ᠰᠣᠶᠣᠯ ᠵᠡᠷᠭᠡ ᠲᠠᠯ᠎ᠠ ᠶᠢᠨ ᠵᠥᠷᠢᠴᠡᠯ ᠠᠰᠠᠭᠤᠳᠠᠯ ᠢ ᠡᠷᠬᠡᠪᠰᠢ ᠤᠯᠤᠰ ᠲᠥᠷᠥ ᠶᠢᠨ ᠲᠠᠯ᠎ᠠ ᠠᠴᠠ ᠦᠵᠡᠵᠦ᠂ ᠤᠯᠤᠰ ᠲᠥᠷᠥ ᠶᠢᠨ ᠲᠠᠯ᠎ᠠ ᠠᠴᠠ ᠬᠢᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠭᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠬᠦ ᠬᠡᠷᠡᠭᠲᠡᠶ᠃ ᠦᠨᠡᠨ ᠬᠦ ᠬᠠᠲᠠᠭᠤ ᠲᠠᠢ ᠨᠢ ᠬᠠᠯᠳᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠢᠯᠵᠡᠷᠠᠯ ᠢ ᠡᠰᠡᠷᠭᠦᠴᠡᠬᠦ ᠠᠶᠤᠯ ᠲᠦᠭᠰᠢᠬᠦᠷᠢ ᠶᠢ ᠠᠷᠢᠯᠭᠠᠬᠤ᠂ ᠬᠢᠨᠠᠨ ᠬᠠᠮᠢᠶᠠᠷᠴᠤ ᠵᠠᠰᠠᠬᠤ ᠡᠯ᠎ᠡ ᠵᠦᠢᠯ ᠤᠨ ᠡᠭᠦᠷᠭᠡ᠂ ᠭᠤᠣᠯᠳᠠᠯᠭ᠎ᠠ ᠲᠠᠢ ᠬᠦᠷᠢᠶᠡᠨ ᠳᠠᠬᠢ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠳᠠ ᠶᠢ ᠠᠬᠢᠭᠤᠯᠬᠤ᠂ ᠬᠡᠷᠡᠭ ᠢᠶᠠᠷ ᠵᠠᠰᠠᠯᠳᠠ ᠶᠢ ᠠᠬᠢᠭᠤᠯᠬᠤ ᠡᠯ‌‍᠎ᠡ᠎ᠡ ᠵᠦᠢᠯ ᠤᠨ ᠱᠠᠭᠠᠷᠳᠠᠯᠭ᠎ᠠ ᠶᠢ ᠡᠷᠬᠡᠪᠰᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠤᠰ ᠱᠠᠲᠤᠨ ᠠᠴᠠ ᠡᠬᠢᠯᠡᠨ ᠠᠳᠬᠤᠵᠤ᠂ ᠲᠤᠰᠬᠠᠢ ᠠᠩᠬᠢ ᠪᠠᠷ ᠬᠠᠷᠢᠭᠤᠴᠠᠭᠤᠯᠵᠤ᠂ ᠲᠤᠰᠬᠠᠢ ᠲᠦᠷᠦᠯ ᠢᠶᠠᠷ ᠠᠬᠢᠭᠤᠯᠵᠤ᠂ ᠲᠤᠰᠬᠠᠢ ᠰᠡᠳᠦᠪ ᠢᠶᠠᠷ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠤᠯᠲᠠ ᠴᠡᠭᠴᠡᠯᠡᠨ ᠵᠠᠰᠠᠯᠳᠠ ᠶᠢᠨ ᠦᠷ᠎ᠡ ᠠᠰᠢᠭ ᠭᠠᠷᠭᠠᠬᠤ᠂ ᠦᠷ᠎ᠡ ᠪᠦᠳᠦᠮᠵᠢ ᠭᠠᠷᠭᠠᠬᠤ᠂ ᠦᠷ᠎ᠡ ᠳ᠋ᠦᠩ ᠭᠠᠷᠭᠠᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂《ᠴᠡᠪᠡᠷ》ᠪᠠᠶᠢᠬᠤ ᠶᠢ ᠪᠠᠷᠢᠮᠲᠠᠯᠠᠬᠤ ᠪᠠᠷ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ 《ᠴᠢᠩᠭ᠎ᠠ》ᠪᠠᠶᠢᠬᠤ ᠶᠢ ᠪᠠᠷᠢᠮᠲᠠᠯᠠᠬᠤ ᠪᠠᠷ ᠭᠤᠣᠯᠳᠠᠭᠤᠯᠵᠤ ᠢᠯᠵᠠᠷᠠᠯ ᠤᠨ ᠠᠷᠬᠠᠭ ᠭᠡᠮ ᠪᠣᠯᠤᠨ ᠰᠤᠷᠲᠠᠯ ᠤᠨ ᠠᠷᠬᠠᠭ ᠭᠡᠮ ᠢ ᠠᠷᠢᠯᠭᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠣᠯᠤᠨ 《ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ ᠲᠠᠢ ᠪᠠᠶᠢᠬᠤ》 ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ᠂ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃



   :                    
   :           
备案序号:蒙ICP备05003250号 公安备案15010502000173