ᠵᠤᠬᠢᠶᠠᠭᠴᠢ: ᠴᠠᠭ:2021-10-13 ᠥᠵᠡᠭᠰᠡᠨ : ᠢᠷᠡᠯᠲᠡ: ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
ᠯᠢᠨ ᠱᠤᠤ ᠴᠦ᠋ᠨ ᠥᠪᠡᠷᠲᠡᠭᠡᠨ ᠵᠠᠰᠠᠬᠤ ᠣᠷᠣᠨ ᠤ ᠤᠯᠤᠰ ᠲᠦ᠋ᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠪᠦᠬᠦ ᠲᠠᠯ ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠤᠷᠠᠯ ᠳᠡᠭᠡᠷ ᠡ ᠤᠯᠤᠰ ᠲᠦ᠋ᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢᠨ ᠴᠢᠬᠤᠯᠠ ᠶᠡᠭᠡ ᠬᠠᠷᠢᠭᠤᠴᠠᠯᠭ ᠠ ᠶᠢ ᠡᠷᠡᠰ ᠡᠭᠦᠷᠭᠡᠯᠡᠵᠦ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠬᠠᠷᠢᠭᠤᠴᠠᠯᠭ ᠠ  ᠶᠢᠨ ᠲᠣᠭᠲᠠᠯᠴᠠᠭ ᠠ ᠶᠢᠨ ᠥᠭᠡᠷᠡᠴᠢᠯᠡᠯᠲᠡ ᠶᠢ ᠪᠣᠳᠠᠲᠠᠶᠢᠵᠢᠭᠤᠯᠤᠨ ᠦᠷ ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠡᡁᠧᠩ ᠰᠢᠶᠤᠤ ᠹᠠᠨ ᠬᠤᠷᠠᠯ ᠢ ᠡᠷᠬᠢᠯᠡᠵᠦ ᠶᠠᠩ ᠽᠦ᠋ᠩ ᠷᠧᠨ ᠯᠢ ᠴᠢ ᠯᠢᠨ ᠣᠷᠣᠯᠴᠠᠵᠠᠢ

2021ᠣᠨ  ᠤ 9 ᠳ᠋ᠦᠭᠡᠷ ᠰᠠᠷ ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠪᠥᠬᠦ ᠲᠠᠯ ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠤᠷᠠᠯ ᠬᠥᠬᠡᠬᠤᠲᠠ ᠳ᠋ᠤ ᠬᠤᠷᠠᠯᠳᠤᠵᠤ᠂ ᠬᠤᠷᠠᠯ ᠠᠴᠠ ᠪᠥᠬᠦ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠪᠥᠬᠦ ᠲᠠᠯ ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠤᠷᠠᠯ ᠤᠨ ᠵᠣᠷᠢᠭ ᠰᠠᠨᠠᠭ ᠠ ᠶᠢ ᠤᠯᠠᠮᠵᠢᠯᠠᠨ ᠲᠤᠤᠱᠯᠠᠭᠤᠯᠵᠤ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠬᠠᠷᠢᠭᠤᠴᠠᠯᠭ ᠠ ᠶᠢᠨ ᠲᠣᠭᠲᠠᠯᠴᠠᠭ ᠠ ᠶᠢᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ 

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ ᠠ ᠶᠢᠨ ᠱᠦᠵᠢ ᠯᠢᠨ ᠱᠣᠤ ᠴᠦᠨ ᠬᠤᠷᠠᠯ ᠳ᠋ᠤ ᠣᠷᠣᠯᠴᠠᠨ ᠶᠠᠷᠢᠶ ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ ᠠ ᠾᠧᠩ ᠰᠢᠶᠤᠤ ᠹᠠᠨ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ ᠠ ᠶᠢᠨ ᠳᠠᠷᠤᠭ ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ ᠠ ᠶᠢᠨ ᠪᠠᠶᠢᠴᠠᠭᠠᠬᠤ ᠳᠠᠷᠤᠭ ᠠ ᠯᠢ ᠴᠢ ᠯᠢᠨ ᠬᠤᠷᠠᠯ ᠳ᠋ᠤ ᠣᠷᠣᠯᠴᠠᠵᠠᠶ᠃ 

ᠯᠢᠨ ᠱᠤᠤ ᠴᠦᠨ ᠵᠢᠭᠠᠭᠰᠠᠨ ᠨᠢ᠂ ᠤᠢᠢᠷ ᠠ ᠶᠢᠨ ᠵᠢᠯ ᠤᠨ ᠲᠤᠷᠰᠢ᠂ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ ᠠ ᠶᠢᠨ ᠬᠢᠨ ᠨᠠᠮ ᠤᠨ ᠲᠥᠪ ᠬᠤᠷᠢᠶ ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ ᠠ ᠶᠢᠨ ᠥᠭᠡᠷᠡᠴᠢᠯᠡᠯᠲᠡ ᠶᠢᠨ ᠰᠢᠢᠳᠪᠦᠷᠢᠲᠦ ᠪᠤᠳᠤᠯᠭ ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠵᠤ᠂ ᠨᠢᠭᠡ ᠪᠦᠯᠦᠭ ᠴᠢᠬᠤᠯᠠ ᠶᠡᠭᠡ ᠠᠷᠭ ᠠ ᠬᠡᠮᠵᠢᠶ ᠡ ᠶᠢ ᠪᠣᠳᠠᠲᠠᠶᠢᠵᠢᠭᠤᠯᠤᠨ ᠦᠷ ᠡ ᠪᠦᠲᠦᠮᠵᠢ ᠣᠯᠵᠤ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠪᠦᠬᠦ ᠲᠠᠯ ᠠ ᠶᠢᠨ ᠭᠦᠨ ᠳᠠᠪᠬᠤᠷᠭ ᠠ ᠶᠢᠨ ᠥᠭᠡᠷᠡᠴᠢᠯᠡᠯᠲᠡ ᠶᠢᠨ ᠰᠢᠨ ᠡ ᠪᠠᠶᠢᠷᠢᠰᠢᠯ ᠢ ᠠᠩᠬ ᠠ ᠠᠯᠬᠤᠮ ᠪᠦᠷᠢᠯᠳᠦᠭᠦᠯᠵᠡᠢ᠃ ᠭᠡᠪᠡᠴᠦ ᠡᠭᠦᠨ ᠤ ᠬᠠᠮᠲᠤ ᠮᠠᠨ ᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠳ᠋ᠤ ᠪᠠᠰᠠ  ᠴᠥᠬᠡᠨ ᠪᠤᠰᠤ ᠵᠥᠷᠢᠶ ᠡ ᠣᠷᠣᠰᠢᠵᠤ ᠪᠠᠶᠢᠭ ᠠ ᠪᠣᠯᠬᠤᠷ ᠪᠢᠳᠡ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ  ᠪᠠᠷ ᠳᠠᠮᠵᠢᠭᠤᠯᠤᠨ ᠰᠢᠢᠳᠪᠦᠷᠢᠯᠡᠬᠦ ᠴᠢᠬᠤᠯᠠᠲᠠᠶ᠃ ᠪᠦᠬᠦ ᠣᠷᠣᠨ ᠤ ᠡᠯ ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ ᠠ ᠪᠣᠯᠤᠨ ᠥᠷᠭᠡᠨ ᠣᠯᠠᠨ ᠤᠯᠤᠰ ᠲᠥᠷᠥ ᠬᠠᠤᠯᠢ ᠴᠠᠭᠠᠵᠠ ᠶᠢᠨ ᠺᠠᠳᠷ ᠴᠠᠭᠳᠠᠭ ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠬᠠᠷᠢᠭᠤᠴᠠᠯᠭ ᠠ ᠶᠢᠨ ᠲᠣᠭᠲᠠᠯᠴᠠᠭ ᠠ ᠶᠢᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠲᠥᠷᠭᠡᠳᠬᠡᠨ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤᠥᠭᠡᠷᠡᠴᠢᠯᠡᠯᠲᠡ ᠶᠢ ᠪᠦᠬᠦ ᠲᠠᠯ ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠦᠵᠡᠯ ᠰᠠᠨᠠᠭ ᠠ ᠪᠠ ᠦᠢᠯᠡ ᠠᠵᠢᠯᠯᠠᠭ ᠠ  ᠪᠠᠨ ᠤᠬᠠᠮᠰᠠᠷ ᠠᠴᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ ᠠ ᠶᠢᠨ ᠪᠠᠶᠢᠷᠢᠯᠠᠭᠤᠯᠤᠯᠲᠠ ᠲᠠᠢ ᠨᠢᠭᠡᠳᠬᠡᠵᠦ᠂ ᠪᠠᠲᠤ ᠴᠢᠩᠭ ᠠ ᠵᠣᠷᠢᠭ ᠰᠥᠰᠥ᠂ ᠪᠣᠳᠠᠲᠠᠶ ᠶᠢ ᠡᠷᠬᠢᠮᠯᠡᠬᠦ ᠠᠷᠭ ᠠ ᠬᠡᠮᠵᠢᠶ ᠡ ᠪᠠᠷ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠪᠦᠬᠦ ᠲᠠᠯ ᠠ ᠪᠠᠷ ᠭᠦᠨᠵᠡᠭᠡᠶᠢᠷᠡᠭᠦᠯᠬᠦ ᠲᠠᠯ ᠠ ᠪᠠᠷ ᠰᠢᠨ ᠡ ᠦᠷ ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠪᠡ᠃ 

ᠯᠢᠨ ᠱᠤᠤ ᠴᠦᠨ ᠴᠢᠬᠤᠯᠠᠴᠢᠯᠠᠭᠰᠠᠨ ᠨᠢ᠂ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ ᠠ ᠨᠤᠭᠤᠳ ᠬᠠᠤᠯᠢ ᠴᠠᠭᠠᠵᠠ ᠶᠢᠨ ᠬᠠᠷᠢᠭᠤᠴᠠᠯᠭ ᠠ ᠶᠢᠨ ᠲᠣᠭᠲᠠᠯᠴᠠᠭ ᠠ ᠶᠢᠨ ᠥᠭᠡᠷᠡᠴᠢᠯᠡᠯᠲᠡ ᠪᠠ ᠪᠠᠶᠢᠭᠤᠯᠤᠯᠲᠠ ᠶᠢᠨ ᠱᠠᠭᠠᠷᠳᠠᠯᠭ ᠠ ᠶᠢ ᠣᠨᠣᠪᠴᠢᠲᠠᠢ ᠡᠵᠡᠮᠳᠡᠵᠦ᠂ ᠬᠠᠷᠢᠭᠤᠴᠠᠯᠭ ᠠ ᠶᠢ ᠲᠣᠳᠣᠷᠬᠠᠶᠢᠯᠠᠵᠤ ᠬᠠᠷᠢᠭᠤᠴᠠᠯᠭ ᠠ ᠶᠢ ᠲᠣᠭᠲᠠᠭᠠᠬᠤ᠂ ᠬᠠᠷᠢᠭᠤᠴᠠᠯᠭ ᠠ ᠨᠡᠬᠡᠮᠵᠢᠯᠡᠵᠦ ᠬᠠᠷᠢᠭᠤᠴᠠᠯᠭ ᠠ ᠲᠤᠯᠭᠠᠬᠤ᠂ ᠬᠠᠷᠢᠭᠤᠴᠠᠯᠭ ᠠ ᠡᠭᠦᠷᠭᠡᠯᠡᠵᠦ ᠬᠠᠷᠢᠭᠤᠴᠠᠯᠭ ᠠ ᠪᠠᠨ ᠭᠦᠢᠴᠡᠳᠬᠡᠬᠦ ᠲᠦᠷᠢᠮ ᠤᠨ ᠲᠣᠭᠲᠠᠴᠠ ᠶᠢ ᠪᠦᠷᠢᠨᠰᠢᠭᠦᠯᠵᠦ᠂ ᠡᠷᠬᠡ ᠬᠠᠷᠢᠭᠤᠴᠠᠯᠭ ᠠ ᠲᠣᠳᠣᠷᠬᠠᠢ᠂ ᠬᠢᠨᠠᠯᠲᠠ ᠬᠠᠮᠢᠶᠠᠷᠤᠯᠲᠠ ᠪᠦᠲᠦᠮᠵᠢᠲᠡᠢ᠂ ᠪᠠᠲᠤᠯᠠᠭ ᠠ ᠬᠦᠴᠦᠲᠡᠢ ᠬᠠᠤᠯᠢ 

ᠬᠡᠷᠡᠭᠵᠢᠭᠦᠯᠬᠦ ᠬᠠᠤᠯᠢ ᠴᠠᠭᠠᠵᠠ ᠶᠢᠨ ᠬᠠᠷᠢᠭᠤᠴᠠᠯᠭ ᠠ ᠶᠢᠨ ᠲᠣᠭᠲᠠᠯᠴᠠᠭ ᠠ ᠶᠢ ᠲᠦᠷᠭᠡᠨ ᠪᠠᠶᠢᠭᠤᠯᠬᠤ ᠬᠡᠷᠡᠭᠲᠡᠢ᠃ ᠡᠷᠬᠡ ᠴᠢᠳᠠᠮᠵᠢ ᠡᠭᠦᠷᠭᠡ ᠬᠠᠷᠢᠭᠤᠴᠠᠯᠭ ᠠ ᠲᠠᠢ ᠪᠠᠨ ᠤᠶᠠᠯᠳᠤᠭᠤᠯᠤᠨ᠂ ᠥᠭᠡᠷᠡᠴᠢᠯᠡᠯᠲᠡ ᠶᠢᠨ ᠡᠭᠦᠷᠭᠡ ᠶᠢ ᠵᠣᠷᠪᠣᠰ ᠳᠠᠷᠠᠭᠠᠯᠠᠨ ᠡᠮᠬᠢᠯᠡᠵᠦ᠂ ᠡᠭᠦᠷᠭᠡ ᠶᠢᠨ ᠡᠷᠬᠡ ᠶᠢᠨ ᠬᠢᠵᠠᠭᠠᠷ ᠪᠠ ᠠᠵᠢᠯ ᠤᠨ ᠱᠠᠭᠠᠷᠳᠠᠯᠭ ᠠ ᠶᠣᠰᠣᠭᠠᠷ᠂ ᠨᠠᠷᠢᠨ ᠲᠣᠳᠣᠷᠬᠠᠶ ᠨᠠᠶᠢᠳᠠᠪᠤᠷᠢᠵᠢᠭᠤᠯᠬᠤ ᠲᠥᠰᠦᠯ ᠢ ᠰᠤᠳᠤᠯᠤᠨ ᠲᠣᠭᠲᠠᠭᠠᠬᠤ ᠬᠡᠷᠡᠭᠲᠡᠶ᠃ ᠲᠥᠪ ᠤᠨ ᠥᠭᠡᠷᠡᠴᠢᠯᠡᠯᠲᠡ ᠶᠢᠨ ᠱᠠᠭᠠᠷᠳᠠᠯᠭ ᠠ ᠶᠢ ᠪᠣᠳᠠᠲᠠᠢ ᠲᠠᠢ ᠤᠶᠠᠯᠳᠤᠭᠤᠯᠤᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠡᠭᠦᠷᠭᠡ ᠪᠣᠯᠭᠠᠨ ᠳ᠋ᠤ ᠴᠥᠮ ᠬᠠᠷᠢᠭᠤᠴᠠᠯᠭ ᠠ ᠶᠢᠨ ᠨᠠᠷᠢᠨ ᠬᠠᠭᠤᠳᠠᠰᠤ᠂ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠬᠠᠷᠢᠭᠤᠴᠠᠯᠭᠠᠲᠤ ᠨᠢᠭᠡᠴᠡ ᠪᠣᠯᠤᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠵᠢᠯ ᠤᠨ ᠬᠤᠭᠤᠴᠠᠭ ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠬᠠᠳᠠᠭᠠᠰᠤ ᠬᠠᠳᠠᠬᠤ ᠵᠣᠷᠢᠭ ᠰᠠᠨᠠᠭ ᠠ ᠪᠠᠷ ᠥᠭᠡᠷᠡᠴᠢᠯᠡᠯᠲᠡ ᠶᠢᠨ ᠡᠭᠦᠷᠭᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠵᠣᠬᠢᠴᠠᠭᠤᠯᠭ ᠠ ᠬᠠᠮᠵᠢᠯᠴᠠᠭ ᠠ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠬᠠᠷᠢᠭᠤᠴᠠᠯᠭ ᠠ ᠶᠢᠨ ᠲᠣᠭᠲᠠᠯᠴᠠᠭ ᠠ ᠶᠢᠨ ᠥᠭᠡᠷᠡᠴᠢᠯᠡᠯᠲᠡ ᠶᠢ ᠤᠷᠤᠭᠰᠢᠲᠠᠢ ᠠᠬᠢᠭᠤᠯᠬᠤ ᠶᠢ ᠪᠠᠲᠤᠯᠠᠵᠤ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ  ᠶᠢᠨ ᠶᠠᠰᠤ ᠴᠢᠨᠠᠷ ᠦᠷ ᠡ ᠠᠰᠢᠭ ᠪᠣᠯᠤᠨ ᠤᠯᠠᠨ ᠢ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨ ᠡ ᠴᠠᠭ ᠦᠶ ᠡ ᠶᠢᠨ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠠ᠃ ᠬᠤᠷᠠᠯ ᠨᠢ ᠸᠢᠳᠢᠣ᠋ ᠬᠤᠷᠠᠯ ᠤᠨ ᠬᠡᠯᠪᠡᠷᠢ ᠪᠠᠷ ᠶᠠᠪᠤᠭᠳᠠᠪᠠ᠃ ᠬᠤᠷᠠᠯ ᠳᠡᠭᠡᠷ ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ ᠠ᠂ ᠥᠪᠡᠷᠲᠡᠭᠡᠨ ᠵᠠᠰᠠᠬᠤ ᠣᠷᠣᠨ ᠤ ᠠᠷᠠᠳ  ᠤᠨ ᠪᠠᠶᠢᠴᠠᠭᠠᠬᠤ ᠬᠤᠷᠢᠶ ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠲᠣᠰ ᠲᠣᠰ ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ᠂ ᠣᠷᠣᠰᠢᠵᠤ ᠪᠠᠶᠢᠭ ᠠ ᠠᠰᠠᠭᠤᠳᠠᠯ  ᠢᠶᠠᠨ ᠵᠠᠷᠯᠠᠨ ᠮᠡᠳᠡᠭᠳᠡᠵᠦ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠬᠠᠷᠢᠭᠤᠴᠠᠯᠭ ᠠ ᠶᠢᠨ ᠲᠣᠭᠲᠠᠯᠴᠠᠭ ᠠ  ᠶᠢᠨ ᠥᠭᠡᠷᠡᠴᠢᠯᠡᠯᠲᠡ ᠶᠢᠨ ᠠᠵᠢᠯ ᠳ᠋ᠤ ᠰᠢᠰᠲ᠋ᠧᠮ ᠱᠤᠭᠤᠮ ᠠᠴᠠ ᠪᠠᠶᠢᠷᠢᠯᠠᠭᠤᠯᠤᠯᠲᠠ ᠬᠢᠪᠠ᠃



   :                    
   :           
备案序号:蒙ICP备05003250号 公安备案15010502000173