ᠵᠤᠬᠢᠶᠠᠭᠴᠢ:
ᠴᠠᠭ:2021-09-24
ᠥᠵᠡᠭᠰᠡᠨ : ℃
ᠢᠷᠡᠯᠲᠡ: ᠳᠤᠮᠳᠠᠳᠤ ᠤᠯᠤᠰ ᠤᠨ ᠮᠣᠩᠭᠣᠯ ᠬᠡᠯᠡᠨ ᠤ ᠰᠣᠨᠢᠨ ᠮᠡᠳᠡᠭᠡ ᠶᠢᠨ
ᠱᠢ ᠲᠠᠢ ᠹᠧᠩ᠄ ᠦᠨᠡᠨ ᠬᠦ ᠲᠦᠷᠦᠬᠦᠤ ᠬᠠᠷᠢᠭᠤᠴᠠᠯᠭ ᠠ ᠶᠢ ᠡᠭᠦᠷᠭᠡᠯᠡᠵᠦ ᠭᠤᠤᠯ ᠬᠠᠷᠢᠭᠤᠴᠠᠯᠭ ᠠ ᠶᠢ ᠭᠦᠢᠴᠡᠳᠭᠡᠵᠦ ᠪᠥᠬᠦ ᠬᠠᠷᠢᠭᠤᠴᠠᠯᠭ ᠠ ᠶᠢ ᠨᠠᠶᠢᠳᠠᠪᠤᠷᠢᠵᠢᠭᠤᠯᠵᠤᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠤᠨ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠳᠡᠢ
ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠲᠤᠬᠢᠷᠠᠭᠤᠯᠤᠯᠳᠠ ᠶᠣᠰᠣᠭᠠᠷ᠂ 2021 ᠣᠨ ᠤ 9 ᠳ᠋ᠦᠭᠡᠷ ᠰᠠᠷ ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ ᠠ ᠱᠢ ᠲᠠᠢ ᠹᠧᠩ ᠨᠢᠭᠡ ᠡᠳᠦᠷ ᠤᠨ ᠴᠠᠭ ᠢ ᠠᠰᠢᠬᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ ᠠ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ ᠠ᠂ ᠠᠷᠠᠳ ᠤᠨ ᠪᠠᠶᠢᠴᠠᠭᠠᠬᠤ ᠬᠤᠷᠢᠶ ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠤᠯᠤᠰ ᠤᠨ ᠠᠮᠤᠷ ᠲᠦᠪᠰᠢᠨ ᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠤᠨ ᠭᠤᠣᠯ ᠬᠠᠷᠢᠭᠤᠴᠠᠯᠭᠠᠲᠠᠨ ᠨᠥᠬᠦᠳ ᠲᠠᠢ ᠨᠢᠭᠤᠷᠳᠠᠨ ᠶᠠᠷᠢᠯᠴᠠᠵᠤ᠂ ᠠᠵᠢᠯ ᠥᠷᠨᠢᠭᠦᠯᠵᠦ ᠪᠠᠶᠢᠭ ᠠ ᠪᠠᠶᠢᠳᠠᠯ ᠢ ᠨᠠᠷᠢᠨ ᠣᠶᠢᠯᠠᠭᠠᠵᠤ᠂ ᠤᠯᠠᠮ ᠴᠢᠨᠠᠭᠰᠢᠳᠠ ᠬᠠᠷᠢᠭᠤᠴᠠᠯᠭ ᠠ ᠶᠢ ᠪᠣᠳᠠᠲᠠᠶᠢᠵᠢᠭᠤᠯᠵᠤ᠂ ᠳᠠᠷᠤᠯᠲᠠ ᠶᠢ ᠳᠠᠮᠵᠢᠭᠤᠯᠪᠠ᠃
ᠱᠢ ᠲᠠᠢ ᠹᠧᠩ᠂ ᠣᠳᠣᠬᠠᠨ ᠳ᠋ᠤ ᠬᠤᠶᠠᠳᠤᠭᠠᠷ ᠪᠦᠯᠦᠭ ᠤᠨ ᠬᠥᠮᠦᠵᠢᠯ ᠴᠡᠭᠴᠡᠯᠡᠯᠲᠡ ᠨᠢᠭᠡᠨᠲᠡ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ ᠠ ᠳ᠋ᠤ ᠣᠷᠣᠪᠠ᠂ ᠡᠨᠡ ᠪᠣᠯ ᠬᠠᠮᠤᠭ ᠤᠨ ᠬᠦᠴᠦ ᠤᠷᠤᠭᠤᠯᠬᠤ ᠵᠠᠩᠭᠢᠯᠠᠭ ᠠ ᠶᠢᠨ ᠭᠤᠭᠴᠤᠭ ᠠ ᠪᠣᠯᠤᠨ ᠠ᠂ ᠡᠷᠬᠡᠪᠰᠢ ᠣᠨᠣᠪᠴᠢᠲᠠᠶ ᠪᠠᠶᠢᠴᠠᠭᠠᠵᠤ᠂ ᠭᠦᠨᠵᠡᠭᠡᠶ ᠠᠭᠤᠳᠠᠯᠵᠤ᠂ ᠪᠣᠳᠠᠲᠠᠶ ᠰᠠᠶᠢᠵᠢᠷᠠᠭᠤᠯᠵᠤ᠂ ᠲᠦᠢᠯᠪᠦᠷᠢᠲᠡᠢ ᠵᠠᠰᠠᠬᠤ ᠬᠡᠷᠡᠭᠲᠡᠶ᠃ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠬᠤ ᠲᠠᠯ ᠠ ᠪᠠᠷ ᠦᠷᠭᠦᠯᠵᠢᠯᠡᠨ ᠬᠦᠴᠦᠯᠡᠵᠦ᠂ ᠰᠤᠷᠤᠯᠴᠠᠯᠭ ᠠ ᠬᠥᠮᠦᠵᠢᠯ ᠢ ᠢᠮᠠᠭᠲᠠ ᠲᠤᠤᠱᠯᠠᠭᠤᠯᠵᠤ᠂ ᠥᠷᠭᠡᠨ ᠤᠯᠠᠨ ᠺᠠᠳᠷ ᠴᠠᠭᠳᠠᠭ ᠠ ᠶᠢᠨ ᠦᠵᠡᠯ ᠰᠠᠨᠠᠭᠠᠨ ᠤ ᠦᠨᠳᠦᠰᠦᠨ ᠠᠰᠠᠭᠤᠳᠠᠯ ᠢ ᠤᠯᠠᠮ ᠴᠢᠨᠠᠭᠰᠢᠳᠠ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠥᠪ ᠪᠤᠷᠤᠭᠤ ᠬᠤᠶᠠᠷ ᠲᠠᠯ ᠠ ᠶᠢᠨ ᠨᠡᠶᠢᠲᠡᠯᠢᠭ ᠬᠡᠷᠡᠭ ᠤᠨ ᠵᠢᠱᠢᠶ ᠡ ᠶᠢ ᠰᠠᠶᠢᠲᠤᠷ ᠬᠡᠷᠡᠭᠯᠡᠵᠦ᠂ ᠦᠵᠡᠯ ᠰᠠᠨᠠᠭᠠᠨ ᠤ ᠳᠠᠶᠢᠴᠢᠯᠠᠯᠲᠠ ᠪᠠ ᠲᠥᠷᠥ ᠶᠢᠨ ᠪᠣᠳᠣᠯᠭ ᠠ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠡᠳᠬᠢᠯ ᠤᠨ ᠦᠭᠡ ᠪᠠᠨ ᠶᠠᠷᠢᠯᠴᠠᠬᠤ ᠠᠵᠢᠯ ᠢ ᠰᠠᠶᠢᠲᠤᠷ ᠬᠢᠵᠦ᠂ ᠺᠠᠳᠷ ᠴᠠᠭᠳᠠᠭ ᠠ ᠶᠢᠨ ᠰᠡᠳᠬᠢᠯ ᠤᠨ ᠵᠠᠩᠭᠢᠷᠠᠭ ᠠ ᠶᠢ ᠠᠯᠳᠠᠷᠠᠭᠠᠬᠤ᠂ ᠡᠷᠡᠭᠡᠯᠵᠡᠯ ᠢ ᠠᠷᠢᠯᠭᠠᠬᠤ᠂ ᠠᠰᠠᠭᠤᠳᠠᠯ ᠢ ᠰᠠᠨᠠᠭᠠᠴᠢᠯᠠᠭ ᠠ ᠠᠴᠠ ᠪᠠᠨ ᠲᠣᠳᠣᠷᠬᠠᠶᠢᠯᠠᠬᠤ ᠶᠢ ᠬᠥᠮᠦᠵᠢᠭᠦᠯᠵᠦ ᠬᠥᠲᠥᠯᠥᠨ ᠵᠢᠯᠣᠭᠤᠳᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠰᠢᠢᠳᠪᠦᠷᠢᠯᠡᠬᠦ ᠶᠢ ᠴᠢᠩᠭ ᠠ ᠪᠥᠭᠡᠳ ᠪᠣᠳᠠᠲᠠᠢ ᠠᠬᠢᠭᠤᠯᠵᠤ᠂ ᠬᠤᠷᠢᠭᠠᠲᠤ ᠣᠷᠣᠨ ᠦᠭᠡᠢ᠂ ᠪᠦᠬᠦᠨ ᠢ ᠪᠦᠷᠬᠦᠬᠦᠯᠬᠦ᠂ ᠤᠭᠲᠤ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ᠠᠰᠠᠭᠤᠳᠠᠯ ᠤᠨ ᠰᠦᠪᠡᠭᠴᠢ ᠶᠢ ᠵᠦᠭᠡᠷ ᠲᠠᠯᠪᠢᠬᠤ ᠦᠭᠡᠢ᠂ ᠠᠮᠠᠯᠠᠯᠲᠠ ᠪᠠᠨ ᠪᠡᠶᠡᠯᠡᠭᠦᠯᠬᠦ ᠳ᠋ᠡᠭᠡᠨ ᠢᠲᠡᠭᠡᠯ ᠢᠶᠠᠨ ᠠᠯᠳᠠᠬᠤ ᠦᠭᠡᠢ᠂ ᠲᠦᠷᠦ ᠶᠢᠨ ᠪᠤᠳᠤᠯᠭ ᠠ ᠶᠢ ᠬᠡᠷᠡᠭᠵᠢᠭᠦᠯᠬᠦ ᠳ᠋ᠤ ᠰᠤᠯᠠᠷᠠᠬᠤ ᠦᠭᠡᠢ᠂ ᠬᠠᠲᠠᠭᠤ ᠲᠠᠢ ᠨᠢ ᠬᠠᠯᠳᠠᠪᠠᠯ ᠦᠨᠡᠨ ᠬᠦ ᠨᠠᠶᠢᠷ ᠲᠠᠯᠪᠢᠬᠤ ᠦᠭᠡᠢ᠂ ᠭᠦᠨᠵᠡᠭᠡᠢ ᠠᠭᠤᠳᠠᠯᠤᠨ ᠲᠦᠢᠯᠪᠤᠷᠢᠲᠠᠢ ᠪᠠᠶᠢᠴᠠᠭᠠᠬᠤ ᠳ᠋ᠤ ᠦᠴᠦᠬᠡᠨ ᠴᠤ ᠤᠬᠤᠷᠢᠬᠤ ᠦᠭᠡᠢ᠂ ᠬᠠᠤᠯᠢ ᠴᠠᠭᠠᠵᠠ ᠰᠠᠬᠢᠯᠭ ᠠ ᠪᠠᠲᠤ ᠶᠣᠰᠣᠭᠠᠷ ᠥᠮᠥᠭᠯᠡᠬᠦ ᠦᠭᠡᠢ ᠪᠠᠶᠢᠬᠤ ᠶᠢ ᠠᠬᠢᠭᠤᠯᠵᠤ᠂ ᠤᠯᠠᠨ ᠢ ᠲᠦᠢᠪᠡᠭᠡᠭᠴᠢ ᠶᠢ ᠡᠷᠡᠰ ᠠᠷᠢᠯᠭᠠᠵᠤ᠂ ᠦᠯᠡᠳᠡᠭᠳᠡᠯ ᠬᠤᠣᠷ ᠢ ᠲᠦᠢᠯᠪᠤᠷᠢᠲᠠᠢ ᠠᠷᠢᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠦᠨᠡᠨ ᠬᠦ ᠴᠡᠪᠡᠷᠰᠢᠭᠦᠯᠵᠦ᠂ ᠤᠯᠤᠰ ᠲᠦᠷᠦ ᠶᠢᠨ ᠠᠮᠢ ᠠᠬᠤᠢ ᠶᠢ ᠬᠦᠴᠦᠲᠡᠢ ᠴᠡᠪᠡᠷᠰᠢᠭᠦᠯᠬᠦ ᠬᠡᠷᠡᠭᠲᠡᠢ᠃ ᠬᠦᠨᠳᠦ ᠶᠡᠭᠡ ᠲᠦᠪᠡᠭ ᠪᠤᠳᠤᠯᠢᠶᠠᠨᠲᠠᠶ᠂ ᠭᠦᠨ ᠠᠭᠤᠳᠠᠯᠵᠤ ᠲᠦᠢᠯᠪᠤᠷᠢᠲᠠᠶ ᠪᠠᠶᠢᠴᠠᠭᠠᠬᠤ ᠳ᠋ᠤ ᠬᠠᠷᠰᠢ ᠰᠠᠭᠠᠳ ᠶᠡᠬᠡᠲᠡᠶ᠂ ᠤᠷᠳᠤ ᠬᠤᠭᠤᠴᠠᠭ ᠠ ᠪᠠᠷ ᠰᠢᠢᠳᠪᠦᠷᠢᠯᠡᠵᠦ ᠴᠢᠳᠠᠭᠠᠳᠤᠢ ᠬᠡᠷᠡᠭ ᠤᠨ ᠰᠦᠪᠡᠭᠴᠢ ᠶᠢ ᠪᠡᠶ ᠡ ᠪᠠᠷ ᠢᠶᠠᠨ ᠮᠥᠷᠳᠡᠨ ᠰᠢᠢᠳᠪᠤᠷᠢᠯᠡᠵᠦ᠂ ᠬᠠᠷᠰᠢ ᠰᠠᠭᠠᠳ ᠢ ᠠᠷᠢᠯᠭᠠᠨ᠂ ᠭᠦᠨᠵᠡᠭᠡᠶ ᠪᠠᠶᠢᠴᠠᠭᠠᠵᠤ ᠲᠤᠤᠱᠲᠠᠢ ᠪᠠᠶᠢᠴᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠡᠯ ᠡ ᠲᠦᠷᠦᠯ ᠤᠨ ᠠᠰᠠᠭᠤᠳᠠᠯ ᠪᠣᠯᠤᠨ 《 ᠡᠪᠡᠳᠴᠢᠨ ᠤ ᠦᠨᠳᠤᠰᠤ 》 ᠶᠢ ᠣᠨᠣᠪᠴᠢᠲᠠᠢ ᠪᠥᠭᠡᠳ ᠪᠣᠳᠠᠲᠠᠢ ᠡᠷᠢᠵᠦ᠂ ᠡᠯ ᠡ ᠲᠠᠯ ᠠ ᠶᠢᠨ ᠲᠤᠰᠬᠠᠯ ᠴᠢᠩᠭ ᠠ ᠪᠠᠶᠢᠭ ᠠ ᠲᠤᠪᠤᠶᠢᠮ ᠠ ᠠᠰᠠᠭᠤᠳᠠᠯ ᠢ ᠠᠷᠬᠠᠭ ᠭᠡᠮ ᠢ ᠴᠡᠭᠴᠡᠯᠡᠨ ᠵᠠᠰᠠᠬᠤ ᠭᠤᠣᠯᠳᠠᠯᠭ ᠠ ᠲᠠᠢ ᠠᠭᠤᠯᠭ ᠠ ᠳ᠋ᠤ ᠣᠷᠣᠭᠤᠯᠵᠤ᠂ ᠲᠦᠷᠦᠭᠦᠯᠡᠨ ᠭᠦᠨᠵᠡᠭᠡᠢ ᠰᠤᠳᠤᠯᠬᠤ ᠶᠢ ᠦᠷᠨᠢᠭᠦᠯᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢᠰᠲ᠋ᠧᠮ ᠪᠣᠯᠤᠨ ᠡᠩᠨᠡᠭᠡᠨ ᠤ ᠨᠡᠶᠢᠲᠡᠯᠢᠭ ᠴᠢᠨᠠᠷᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠶᠢ ᠴᠢᠬᠤᠯᠠᠴᠢᠯᠠᠵᠤ᠂ ᠲᠦᠷᠦᠯ ᠬᠤᠪᠢᠶᠠᠨ ᠠᠷᠭ ᠠ ᠪᠤᠳᠤᠯᠭ ᠠ ᠬᠡᠷᠡᠭᠵᠢᠭᠦᠯᠵᠦ᠂ ᠬᠠᠷᠠᠯᠳᠠ ᠲᠠᠢ ᠪᠠᠷ ᠵᠠᠰᠠᠵᠤ᠂ ᠲᠤᠰᠬᠠᠢ ᠵᠦᠢᠯ ᠢᠶᠡᠷ ᠴᠡᠭᠴᠡᠯᠡᠨ ᠵᠠᠰᠠᠬᠤ ᠪᠠ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠤᠶᠠᠯᠳᠤᠭᠤᠯᠬᠤ ᠪᠠᠷ ᠳᠠᠮᠵᠢᠭᠤᠯᠤᠨ ᠢᠯᠠ ᠴᠢᠨᠠᠷᠲᠠᠢ ᠠᠰᠠᠭᠤᠳᠠᠯ ᠪᠣᠯᠤᠨ ᠭᠦᠨ ᠳᠠᠪᠬᠤᠷᠭ ᠠ ᠶᠢᠨ ᠠᠰᠠᠭᠤᠳᠠᠯ ᠢ ᠵᠡᠷᠭᠡ ᠪᠠᠷ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠵᠠᠰᠠᠬᠤ ᠪᠠᠶᠢᠭᠤᠯᠬᠤ ᠶᠢ ᠵᠡᠷᠭᠡ ᠪᠠᠷ ᠠᠳᠬᠤᠬᠤ ᠶᠢ ᠴᠢᠩᠭᠠᠳᠬᠠᠵᠤ᠂ ᠨᠢᠭᠡᠳᠦᠭᠡᠷ ᠪᠦᠯᠦᠭ ᠤᠨ ᠬᠥᠮᠦᠵᠢᠯ ᠴᠡᠭᠴᠡᠯᠡᠯᠲᠡ ᠪᠣᠯᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠢ ᠰᠢᠰᠲ᠋ᠧᠮᠵᠢ ᠶᠢ ᠡᠮᠬᠢᠯᠡᠵᠦ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠤᠨ ᠲᠦᠷᠢᠮ ᠲᠣᠭᠲᠠᠭᠠᠯ ᠲᠣᠭᠲᠠᠭᠠᠬᠤ ᠠᠵᠢᠯ ᠢ ᠵᠡᠷᠭᠡ ᠪᠠᠷ ᠠᠬᠢᠭᠤᠯᠵᠤ᠂ ᠪᠦᠬᠦ ᠲᠠᠯ ᠠ ᠪᠠᠷ ᠨᠠᠮ ᠢ ᠴᠢᠩᠭ ᠠ ᠵᠠᠰᠠᠬᠤ ᠰᠢᠨ ᠡ ᠱᠠᠭᠠᠷᠳᠠᠯᠭ ᠠ ᠳ᠋ᠤ ᠨᠡᠶᠢᠴᠡᠭᠰᠡᠨ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠢᠨ ᠡ ᠣᠨᠴᠠᠯᠢᠭ ᠢ ᠢᠯᠡᠷᠡᠭᠦᠯᠦᠭᠰᠡᠨ ᠲᠦᠷᠢᠮ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠴᠢᠨᠰᠠᠭ ᠠ ᠦᠷ ᠡ ᠪᠦᠲᠦᠮᠵᠢ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃