ᠵᠤᠬᠢᠶᠠᠭᠴᠢ: 
							ᠴᠠᠭ:2021-09-24
							ᠥᠵᠡᠭᠰᠡᠨ :  ℃
                                                        ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
						
						
							ᠥᠪᠡᠷᠲᠡᠭᠡᠨ ᠵᠠᠰᠠᠬᠤ ᠣᠷᠣᠨ ᠤ ᠨᠠᠮᠤᠷ ᠡᠪᠦᠯ ᠤᠨ ᠤᠯᠠᠷᠢᠯ ᠤᠨ ᠣᠢ ᠰᠢᠭᠤᠶ ᠨᠤᠲᠤᠭ  ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ  ᠬᠤᠷᠠᠯᠳᠤᠪᠠ ᠯᠢ ᠪᠢᠩ ᠷᠦᠩ ᠶᠠᠷᠢᠶ ᠠ ᠲᠠᠯᠪᠢᠵᠠᠢ						
						
						
2021 ᠣᠨ ᠤ 9 ᠳ᠋ᠦᠭᠡᠷ ᠰᠠᠷ ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠶᠢ ᠵᠢᠯᠣᠭᠤᠳᠬᠤ ᠭᠠᠵᠠᠷ ᠪᠦᠬᠦ ᠣᠷᠣᠨ ᠤ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ ᠠ ᠶᠢ ᠤᠯᠠᠮᠵᠢᠯᠠᠨ ᠲᠤᠤᠱᠯᠠᠭᠤᠯᠵᠤ᠂ ᠮᠠᠨ ᠤ ᠣᠷᠣᠨ ᠤ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠭᠤᠣᠯᠳᠠᠯᠭ ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠶᠢ ᠵᠢᠯᠣᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠶ ᠵᠢᠯᠣᠭᠤᠳᠣᠭᠴᠢ ᠯᠢ ᠪᠢᠩ ᠷᠦᠩ ᠬᠤᠷᠠᠯ ᠳ᠋ᠤ ᠣᠷᠣᠯᠴᠠᠵᠤ ᠶᠠᠷᠢᠶ ᠠ ᠲᠠᠯᠪᠢᠵᠠᠶ᠃
ᠬᠤᠷᠠᠯ ᠠᠴᠠ᠂ ᠡᠨᠡ ᠵᠢᠯ ᠤᠨ ᠨᠠᠮᠤᠷ ᠡᠪᠦᠯ ᠤᠨ ᠤᠯᠠᠷᠢᠯ ᠤᠨ ᠲᠦᠶᠮᠡᠷ ᠤᠨ ᠠᠶᠤᠯ ᠤᠨ ᠲᠠᠰ ᠨᠡᠯᠢᠶᠡᠳ ᠥᠨᠳᠥᠷ᠂ ᠡᠯ ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠶᠢ ᠵᠢᠯᠣᠭᠤᠳᠬᠤ ᠭᠠᠵᠠᠷ ᠪᠣᠯᠤᠨ ᠬᠤᠯᠪᠣᠭᠳᠠᠯ ᠪᠥᠬᠦᠶ ᠰᠠᠯᠠᠭ ᠠ ᠮᠥᠴᠢᠷ ᠤᠨ ᠬᠢᠨ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠤᠯᠤᠰ ᠲᠥᠷᠥ ᠶᠢᠨ ᠬᠠᠷᠢᠭᠤᠴᠠᠯᠭ ᠠ ᠶᠢ ᠡᠷᠡᠰ ᠡᠭᠦᠷᠭᠡᠯᠡᠵᠦ᠂ ᠳᠤᠲᠠᠭᠤᠳᠠᠯ ᠪᠠᠭᠤᠷᠠᠶ ᠲᠠᠯ ᠠ ᠪᠠᠨ ᠲᠦᠷᠭᠡᠪᠴᠢᠯᠡᠨ ᠨᠥᠬᠦᠪᠥᠷᠢᠯᠡᠵᠦ᠂ ᠬᠥᠳᠡᠯᠦᠩᠭᠦᠶ ᠲᠣᠬᠢᠷᠠᠭᠤᠯᠤᠯᠲᠠ ᠪᠠᠨ ᠴᠢᠩᠭᠠᠳᠬᠠᠵᠤ᠂ ᠴᠢᠭᠯᠡᠭᠦᠯᠦᠯᠲᠦ ᠴᠢᠨᠠᠷᠲᠠᠶ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠣᠳᠠᠲᠤ ᠪᠠᠶᠢᠯᠳᠤᠭᠠᠨ ᠤ ᠰᠣᠷᠢᠯᠲᠠ ᠬᠢᠵᠦ᠂ ᠡᠨᠡ ᠵᠢᠯ ᠤᠨ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠪᠥᠬᠦ ᠲᠠᠯ ᠠ ᠶᠢᠨ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠲᠦᠶᠮᠡᠷ ᠢ ᠰᠡᠷᠭᠡᠶᠢᠯᠡᠨ ᠤᠨᠲᠠᠷᠠᠭᠠᠬᠤ ᠲᠣᠣᠷᠵᠢᠭᠤᠯᠤᠭᠰᠠᠨ ᠬᠠᠷᠢᠭᠤᠴᠠᠯᠭ ᠠ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠭᠠᠯ ᠲᠦᠶᠮᠡᠷ ᠤᠨ ᠡᠬᠢ ᠰᠤᠷᠪᠤᠯᠵᠢ ᠶᠢ ᠰᠠᠶᠢᠲᠤᠷ ᠡᠵᠡᠮᠳᠡᠵᠦ᠂ ᠬᠠᠮᠤᠭ ᠤᠨ ᠶᠡᠭᠡ ᠴᠢᠷᠮᠠᠶᠢᠯᠭ ᠠ ᠭᠠᠷᠭᠠᠵᠤ ᠪᠠᠶᠢᠭᠠᠳ ᠬᠦᠮᠦᠨ ᠠᠴᠠ ᠰᠢᠯᠳᠠᠭᠠᠯᠠᠭᠰᠠᠨ ᠭᠠᠯ ᠲᠦᠶᠮᠡᠷ ᠢ ᠪᠠᠭᠠᠰᠬᠠᠬᠤ ᠬᠡᠷᠡᠭᠲᠡᠢ᠃ ᠭᠠᠯ ᠲᠦᠢᠮᠡᠷ ᠭᠠᠷᠤᠮᠠᠭᠴᠠ ᠣᠳᠣ ᠦᠶ ᠡ ᠶᠢᠨ ᠮᠡᠷᠭᠡᠵᠢᠯ ᠢ ᠬᠡᠷᠡᠭᠯᠡᠬᠦ ᠶᠢ ᠪᠠᠷᠢᠮᠲᠠᠯᠠᠨ᠂ ᠬᠠᠮᠲᠤᠷᠠᠭᠰᠠᠨ ᠰᠢᠰᠲ᠋ᠧᠮ ᠲᠠᠢ ᠪᠠᠶᠢᠯᠳᠤᠬᠤ ᠶᠢ ᠪᠡᠶᠡᠯᠡᠭᠦᠯᠵᠦ᠂ ᠡᠷᠲᠡ ᠤᠨᠲᠠᠷᠠᠭᠠᠬᠤ᠂ ᠪᠠᠭ ᠠ ᠲᠡᠭᠡᠷ ᠡ ᠨᠢ ᠤᠨᠲᠠᠷᠠᠭᠠᠬᠤ᠂ ᠲᠦᠢᠯᠪᠦᠷᠢᠲᠡᠢ ᠤᠨᠲᠠᠷᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠯ ᠲᠦᠶᠮᠡᠷ ᠤᠨᠲᠠᠷᠠᠭᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠮᠠᠯᠴᠢᠨ ᠲᠠᠷᠢᠶᠠᠴᠢᠨ ᠤᠯᠠᠨ ᠲᠦᠮᠡᠨ ᠪᠣᠯᠤᠨ ᠭᠠᠯ ᠲᠦᠢᠮᠡᠷ ᠤᠨᠲᠠᠷᠠᠭᠠᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃