ᠵᠤᠬᠢᠶᠠᠭᠴᠢ:
ᠴᠠᠭ:2021-08-27
ᠥᠵᠡᠭᠰᠡᠨ : ℃
ᠢᠷᠡᠯᠲᠡ: ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠵᠡᠭᠦᠨ ᠬᠤᠶᠢᠲᠤ ᠣᠷᠣᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ᠂ ᠲᠥᠷᠥ ᠶᠢᠨ ᠶᠠᠪᠤᠳᠠᠯ ᠤᠨ ᠬᠤᠷᠢᠶᠠᠨ ᠤ ᠵᠡᠭᠦᠨ ᠬᠤᠶᠢᠲᠤ ᠣᠷᠣᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠺᠧ ᠴᠢᠶᠠᠩ 2021 8 ᠰᠠᠷ᠎ᠠ ᠶᠢᠨ 23 ᠤ ᠡᠳᠦᠷ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ 《ᠠᠷᠪᠠᠨ ᠳᠦᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠷᠢᠯᠠᠭᠤᠯᠪᠠ᠃
ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ᠂ ᠲᠥᠷᠥ ᠶᠢᠨ ᠶᠠᠪᠤᠳᠠᠯ ᠤᠨ ᠬᠤᠷᠢᠶᠠᠨ ᠤ ᠵᠡᠭᠦᠨ ᠬᠤᠶᠢᠲᠤ ᠣᠷᠣᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠬᠠᠨ ᠵᠧᠩ ᠬᠤᠷᠠᠯ ᠳᠤ ᠣᠷᠣᠯᠴᠠᠪᠠ᠃
ᠬᠤᠷᠠᠯ ᠠᠴᠠ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠡᠷᠡᠭᠵᠢᠭᠦᠯᠬᠦ ᠲᠥᠰᠦᠯ᠂ ᠯᠢᠶᠣᠤᠨᠢᠩ ᠤᠨ ᠲᠠᠯᠠᠢ ᠳᠠᠭᠠᠤ ᠠᠵᠤ ᠠᠬᠤᠢ ᠶᠢᠨ ᠪᠦᠰᠡ ᠶᠢᠨ ᠴᠢᠨᠠᠷᠯᠢᠭ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠲᠦᠷᠦᠯ ᠤᠨ ᠰᠢᠯᠵᠢᠭᠦᠯᠦᠨ ᠥᠭᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠶᠠᠷᠢᠯᠴᠠᠨ ᠪᠠᠲᠤᠯᠠᠪᠠ᠃ ᠯᠢ ᠺᠧ ᠴᠢᠶᠠᠩ ᠬᠡᠯᠡᠬᠦ ᠳᠤ ᠪᠠᠨ᠂ ᠵᠡᠭᠦᠨ ᠬᠤᠶᠢᠲᠤ ᠣᠷᠣᠨ ᠨᠢ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠳᠤ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠲᠠᠢ ᠶᠤᠮ᠃ ᠤᠢᠢᠷ᠎ᠠ ᠶᠢᠨ ᠵᠢᠯ ᠤᠳ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠵᠡᠭᠦᠨ ᠬᠤᠶᠢᠲᠤ ᠣᠷᠣᠨ ᠤ ᠬᠢᠨ ᠬᠦᠴᠦᠯᠡᠨ ᠴᠢᠷᠮᠠᠶᠢᠵᠤ᠂ ᠬᠤᠯᠪᠣᠭᠳᠠᠯ ᠪᠦᠬᠦᠢ ᠲᠠᠯ᠎ᠠ ᠤᠨ ᠬᠢᠨ ᠶᠡᠭᠡ ᠪᠠᠷ ᠳᠡᠮᠵᠢᠵᠦ᠂ ᠵᠡᠭᠦᠨ ᠬᠤᠶᠢᠲᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠢᠳᠡᠪᠬᠢᠲᠡᠢ ᠠᠬᠢᠴᠠ ᠲᠠᠢ ᠪᠣᠯᠵᠠᠢ᠃ ᠣᠳᠣᠬᠠᠨ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠨᠢ ᠮᠥᠨ ᠬᠦ ᠬᠦᠴᠢᠷ ᠪᠡᠷᠬᠡ ᠶᠢ ᠲᠤᠭᠤᠯᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠣᠢ ᠪᠣᠯᠭᠠᠬᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠵᠡᠭᠦᠨ ᠬᠤᠶᠢᠲᠤ ᠣᠷᠣᠨ ᠤ ᠢᠳᠡᠪᠬᠢᠵᠢᠯ ᠪᠠ ᠪᠦᠲᠦᠭᠡᠯᠴᠢ ᠴᠢᠨᠠᠷ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠦᠴᠢᠷ ᠢ ᠲᠤᠭᠤᠯᠤᠨ ᠪᠡᠷᠬᠡ ᠢ ᠳᠠᠪᠠᠵᠤ᠂ ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢ ᠦᠷᠭᠦᠯᠵᠢᠯᠡᠨ ᠨᠡᠮᠡᠭᠳᠡᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠭᠠᠵᠠᠷ ᠣᠷᠣᠨ ᠤ ᠬᠤᠭᠤᠷᠣᠨᠳᠣᠬᠢ ᠠᠵᠢᠯ ᠲᠦᠷᠦᠯ ᠤᠨ ᠰᠢᠰᠲ᠋ᠧᠮ ᠤᠨ ᠬᠠᠮᠲᠤᠷᠠᠯᠴᠠᠭ᠎ᠠ ᠶᠢ ᠰᠠᠶᠢᠲᠤᠷ ᠬᠢᠵᠦ᠂ ᠬᠦᠴᠦᠷᠬᠡᠭ ᠶᠡᠭᠡ ᠨᠡᠶᠢᠯᠡᠯ ᠬᠦᠴᠦᠨ ᠢ ᠪᠦᠷᠢᠯᠳᠦᠭᠦᠯᠵᠦ᠂ ᠰᠢᠨ᠎ᠡ ᠨᠢᠭᠡᠨ ᠳᠡᠭᠲᠡᠷ ᠠᠴᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠵᠤ᠂ ᠨᠡᠩ ᠶᠡᠭᠡ ᠠᠬᠢᠴᠠ ᠲᠠᠢ ᠪᠣᠯᠭᠠᠬᠤ ᠬᠡᠷᠡᠭᠲᠡᠢ ᠭᠡᠵᠡᠢ᠃
ᠯᠢ ᠺᠧ ᠴᠢᠶᠠᠩ ᠵᠢᠭᠠᠬᠤ ᠳᠤ ᠪᠠᠨ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠡᠷᠬᠡᠪᠰᠢ ᠨᠡᠩ ᠶᠡᠭᠡ ᠬᠦᠴᠦ ᠵᠠᠷᠤᠴᠠᠭᠤᠯᠵᠤ ᠪᠠᠶᠢᠭᠠᠳ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠪᠦᠲᠦᠮᠵᠢᠲᠡᠶ ᠵᠠᠬ᠎ᠠ ᠳᠡᠯᠭᠡᠭᠦᠷ ᠪᠣᠯᠤᠨ ᠨᠠᠶᠢᠳᠠᠪᠤᠷᠢᠲᠠᠢ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ ᠢ ᠠᠬᠢᠭᠤᠯᠬᠤ ᠬᠡᠷᠡᠭᠲᠡᠢ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠣᠭᠤᠷᠢᠨ ᠳᠤ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠨᠠᠩ ᠶᠡᠭᠡ ᠪᠠᠷ ᠬᠥᠭᠵᠢᠭᠡᠨ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 《ᠤᠰᠤ ᠲᠠᠯᠪᠢᠨ ᠵᠢᠭᠠᠰᠤ ᠲᠡᠵᠢᠭᠡᠵᠦ》᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠤᠨ ᠪᠣᠵᠠᠭᠠᠶᠢᠷᠠᠭᠤᠯᠬᠤ ᠬᠡᠷᠡᠭᠲᠡᠢ᠃ ᠤᠯᠤᠰ ᠤᠨ ᠥᠮᠴᠢᠯᠡᠯᠲᠦ ᠡᠳ᠋ ᠬᠦᠷᠦᠩᠭᠡ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠭᠤᠣᠯᠴᠢ ᠥᠷᠢᠰᠥᠯᠳᠦᠭᠡᠨ ᠢ ᠬᠠᠮᠠᠭᠠᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠨᠡᠩ ᠤᠯᠠᠨ ᠠᠵᠤ ᠠᠬᠤᠶᠢᠯᠠᠯ ᠪᠣᠯᠤᠨ ᠴᠢᠳᠠᠪᠤᠷᠢᠲᠠᠨ ᠢ ᠵᠡᠭᠦᠨ ᠬᠤᠶᠢᠲᠤ ᠣᠷᠣᠨ ᠲᠡᠶᠢᠰᠢ ᠲᠠᠲᠠᠬᠤ ᠬᠡᠷᠡᠭᠲᠡᠢ ᠭᠡᠵᠡᠢ᠃
ᠯᠢ ᠺᠧ ᠴᠢᠶᠠᠩ ᠬᠡᠯᠡᠬᠦ ᠳᠤ ᠪᠠᠨ᠂ ᠵᠡᠭᠦᠨ ᠬᠤᠶᠢᠲᠤ ᠶᠢᠨ ᠲᠠᠯᠠᠢ ᠳᠠᠭᠠᠤ ᠣᠷᠣᠨ ᠪᠠ ᠬᠢᠯᠢ ᠳᠠᠭᠠᠤ ᠣᠷᠣᠨ ᠵᠡᠷᠭᠡ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠠᠳᠠᠭᠠᠳᠤ ᠨᠡᠬᠡᠬᠡᠯᠳᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠳᠠᠯᠠᠢ ᠳᠠᠭᠠᠤ ᠠᠵᠤ ᠠᠬᠤᠶ ᠶᠢᠨ ᠪᠦᠰᠡ ᠶᠢ ᠬᠥᠭᠵᠢᠭᠦᠯᠵᠦ᠂ ᠬᠢᠯᠢ ᠳᠠᠭᠠᠤ ᠣᠷᠣᠨ ᠤ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠥᠷᠭᠡᠳᠬᠡᠵᠦ᠂ ᠭᠠᠷᠠᠮ ᠤᠨ ᠰᠦᠷᠦᠭᠯᠡᠯ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠴᠢᠩᠭᠠᠷᠠᠭᠤᠯᠵᠤ᠂ ᠵᠡᠭᠦᠨ ᠬᠤᠶᠢᠲᠤ ᠠᠽᠢᠶ᠎ᠠ ᠶᠢᠨ ᠠᠵᠤ ᠠᠬᠤᠶ ᠶᠢᠨ ᠣᠷᠴᠢᠯ ᠳᠤ ᠢᠳᠡᠪᠬᠢᠲᠡᠶ ᠣᠷᠣᠯᠴᠠᠬᠤ ᠬᠡᠷᠡᠭᠲᠡᠢ᠃ RCEP ᠳᠤ ᠭᠠᠷ ᠤᠨ ᠦᠰᠦᠭ ᠵᠢᠷᠤᠭᠰᠠᠨ ᠤ ᠳᠠᠷᠠᠭᠠᠬᠢ ᠰᠢᠨ᠎ᠡ ᠠᠵᠠ ᠲᠣᠬᠢᠶᠠᠯ ᠢ ᠡᠵᠡᠮᠳᠡᠨ ᠨᠡᠭᠡᠭᠡᠯᠳᠡ ᠬᠢᠬᠦ ᠠᠯᠬᠤᠴᠠ ᠪᠠᠨ ᠲᠦᠷᠭᠡᠳᠬᠡᠵᠦ᠂ ᠤᠯᠠᠨ ᠤᠯᠤᠰ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢᠨ ᠳᠤᠮᠳᠠ ᠥᠷᠢᠰᠥᠯᠳᠦᠬᠦ ᠬᠦᠴᠦᠨ ᠢᠶᠠᠨ ᠴᠢᠩᠭᠠᠷᠠᠭᠤᠯᠬᠤ ᠬᠡᠷᠡᠭᠲᠡᠢ ᠭᠡᠵᠡᠢ᠃
ᠯᠢ ᠺᠧ ᠴᠢᠶᠠᠩ ᠵᠢᠭᠠᠬᠤ ᠳᠤ ᠪᠠᠨ᠂ ᠵᠡᠭᠦᠨ ᠬᠤᠶᠢᠲᠤ ᠣᠷᠣᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠦᠷᠭᠡᠳᠬᠡᠬᠦ ᠬᠡᠷᠡᠭᠲᠡᠢ᠃ ᠲᠠᠷᠢᠶᠠᠯᠠᠩ ᠳᠤ ᠦᠵᠡᠭᠦᠯᠬᠦ ᠳᠡᠮᠵᠢᠯᠭᠡ ᠪᠠᠨ ᠴᠢᠩᠭᠠᠷᠠᠭᠤᠯᠵᠤ᠂ ᠤᠯᠤᠰ ᠤᠨ ᠠᠮᠤ ᠪᠤᠳᠠᠭᠠᠨ ᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠡ ᠯᠤᠭ᠎ᠠ ᠤᠶᠠᠯᠳᠤᠭᠤᠯᠵᠤ᠂ ᠤᠳᠤ ᠦᠶ᠎ᠡ ᠶᠢᠨ ᠲᠠᠷᠢᠶᠠᠯᠠᠩ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠳᠬᠠᠨ ᠠᠪᠬᠤ ᠵᠡᠷᠭᠡ ᠤᠯᠤᠰ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠨ ᠰᠢᠨ᠎ᠡ ᠶᠢ ᠡᠭᠦᠳᠬᠦ ᠣᠷᠣᠭᠤᠯᠤᠯᠲᠠ ᠶᠢ ᠨᠡᠮᠡᠭᠳᠡᠭᠦᠯᠵᠦ᠂ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠶᠢ ᠬᠡᠷᠡᠭᠯᠡᠨ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠥᠷᠭᠡᠳᠬᠡᠨ ᠠᠬᠢᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠤᠮᠤ ᠳᠤᠮᠳᠠ ᠵᠢᠵᠢᠭ ᠠᠵᠤ ᠠᠬᠤᠶᠢᠯᠠᠯ ᠬᠠᠷᠢᠯᠴᠠᠨ ᠢᠵᠢ ᠪᠦᠷᠢᠳᠦᠭᠰᠡᠨ᠂ ᠠᠭᠤᠰᠤᠯᠴᠠᠨ ᠬᠥᠭᠵᠢᠭᠰᠡᠨ ᠠᠵᠤ ᠦᠢᠯᠡᠰ ᠤᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠢ᠃ ᠰᠢᠨ᠎ᠡ ᠶᠢ ᠡᠭᠦᠳᠦᠨ ᠪᠦᠲᠦᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠤᠰ ᠭᠠᠵᠠᠷ ᠣᠷᠣᠨ ᠳᠤ ᠪᠠᠨ ᠤᠯᠠᠷᠢᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠲᠡᠢ ᠭᠡᠵᠡᠢ᠃
ᠯᠢ ᠺᠧ ᠴᠢᠶᠠᠩ ᠬᠡᠯᠡᠬᠦ ᠳᠤ ᠪᠠᠨ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠨᠢ ᠡᠴᠦᠰ ᠤᠨ ᠡᠴᠦᠰ ᠲᠤ ᠪᠠᠨ ᠠᠷᠠᠳ ᠤᠨ ᠠᠮᠢᠳᠤᠷᠠᠯ ᠢ ᠨᠡᠩ ᠰᠠᠶᠢᠲᠤᠷ ᠪᠠᠲᠤᠯᠠᠨ ᠰᠠᠶᠢᠵᠢᠷᠠᠭᠤᠯᠬᠤ ᠶᠢᠨ ᠲᠥᠯᠥᠭᠡ ᠶᠤᠮ᠃ ᠠᠵᠢᠯ ᠣᠯᠭᠤᠯᠲᠠ ᠶᠢ ᠬᠦᠴᠦᠯᠡᠨ ᠠᠬᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠳᠡᠮᠵᠢᠯᠭᠡ ᠪᠠᠨ ᠴᠢᠩᠭᠠᠳᠬᠠᠵᠤ᠂ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠨ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠦᠨ ᠠᠵᠢᠯ ᠣᠯᠭᠤᠯᠲᠠ ᠶᠢᠨ ᠣᠷᠣᠨ ᠵᠠᠶ ᠶᠢ ᠥᠷᠭᠡᠳᠬᠡᠬᠦ ᠶᠢ ᠠᠬᠢᠭᠤᠯᠵᠤ᠂ ᠠᠮᠢᠳᠤᠯᠢᠭ ᠢᠶᠠᠷ ᠠᠵᠢᠯ ᠣᠯᠭᠤᠬᠤ ᠶᠢ ᠢᠳᠡᠪᠬᠢᠲᠡᠶ ᠬᠥᠭᠵᠢᠭᠦᠯᠵᠦ᠂ ᠠᠮᠢᠳᠤᠯᠢᠭ ᠢᠶᠠᠷ ᠠᠵᠢᠯ ᠣᠯᠤᠭᠰᠠᠳ ᠤᠨ ᠦᠨᠳᠦᠰᠦᠨ ᠡᠷᠬᠡ ᠠᠰᠢᠭ ᠢ ᠪᠠᠲᠤᠯᠠᠬᠤ ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤ ᠨᠢ ᠲᠤᠭ᠎ᠠ ᠶᠣᠰᠣᠭᠠᠷ ᠣᠯᠭᠤᠬᠤ ᠶᠢ ᠪᠠᠲᠤᠯᠠᠵᠤ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠦᠵᠢᠭᠦᠯᠬᠦ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠵᠤ᠂ ᠲᠥᠪ ᠤᠨ ᠡᠳ᠋ ᠤᠨ ᠵᠠᠰᠠᠭ ᠤᠨ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠳᠡᠮᠵᠢᠯᠭᠡ ᠶᠢ ᠡᠳᠡᠭᠡᠷ ᠲᠠᠯ᠎ᠠ ᠲᠡᠶᠢᠰᠢ ᠬᠡᠯᠪᠠᠶᠢᠯᠭᠡᠬᠦ ᠬᠡᠷᠡᠭᠲᠡᠶ᠃ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠵᠠᠰᠠᠯᠲᠠ ᠶᠢ ᠠᠬᠢᠭᠤᠯᠵᠤ᠂ ᠭᠠᠮᠰᠢᠭ ᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠷᠡᠭᠯᠡᠭᠡ ᠶᠢ ᠥᠷᠭᠡᠳᠬᠡᠬᠦ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠳᠠᠶᠢᠴᠢᠯᠠᠬᠤ ᠬᠡᠷᠡᠭᠲᠡᠢ᠃ ᠡᠨᠡ ᠵᠢᠯ ᠵᠡᠭᠦᠨ ᠬᠤᠶᠢᠲᠤ ᠣᠷᠣᠨ ᠦᠶᠡᠷ ᠤᠨ ᠬᠤᠭᠤᠴᠠᠭ᠎ᠠ ᠳᠤ ᠡᠷᠲᠡ ᠣᠷᠣᠵᠤ᠂ ᠣᠳᠣᠬᠠᠨ ᠳᠤ ᠬᠡᠰᠡᠭ ᠭᠤᠤᠯ ᠮᠥᠷᠡᠨ ᠤ ᠤᠰᠤᠨ ᠲᠦᠪᠰᠢᠨ ᠮᠥᠨ ᠬᠦ ᠰᠡᠷᠡᠮᠵᠢ ᠶᠢᠨ ᠱᠣᠭᠤᠮ ᠠᠴᠠ ᠬᠡᠲᠦᠷᠡᠭᠰᠡᠨ ᠪᠤᠶᠤ ᠪᠠᠲᠤᠯᠠᠭ᠎ᠠ ᠶᠢᠨ ᠤᠰᠤᠨ ᠲᠦᠪᠰᠢᠨ ᠠᠴᠠ ᠬᠡᠲᠦᠷᠡᠭᠰᠡᠨ ᠪᠠᠶᠢᠳᠠᠯ ᠳᠤ ᠣᠷᠣᠰᠢᠵᠤ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ ᠣᠶᠢᠷ᠎ᠠ ᠶᠢᠨ ᠬᠤᠭᠤᠴᠠᠭᠠᠨ ᠳᠤ ᠮᠥᠨ ᠬᠦ ᠨᠡᠯᠢᠶᠡᠳ ᠰᠢᠷᠦᠭᠦᠨ ᠪᠣᠷᠣᠭᠠᠨ ᠣᠷᠣᠬᠤ ᠪᠣᠯᠣᠯᠴᠠᠭ᠎ᠠ ᠲᠠᠢ ᠪᠠᠶᠢᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠤᠯᠤᠭᠰᠠᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃
ᠰᠦᠨ ᠴᠦᠨ ᠯᠠᠨ᠂ ᠬᠤ᠋ ᠴᠦᠨ ᠬᠤᠸᠠ᠂ ᠸᠠᠩ ᠶᠦᠩ᠂ ᠰᠢᠶᠤᠤ ᠵᠢᠶᠧ ᠬᠤᠷᠠᠯ ᠳᠤ ᠣᠷᠣᠯᠴᠠᠪᠠ᠃