ᠵᠤᠬᠢᠶᠠᠭᠴᠢ:
ᠴᠠᠭ:2021-08-27
ᠥᠵᠡᠭᠰᠡᠨ : ℃
ᠢᠷᠡᠯᠲᠡ: ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ᠤ 8.9 ᠲᠦᠮᠡᠨ ᠺᠢᠯᠣᠮᠧᠲᠷ ᠤᠨ ᠲᠣᠰᠬᠤᠨ ᠤ ᠵᠠᠮ ᠤᠨ ᠬᠠᠮᠢᠶᠠᠷᠤᠯᠲᠠ ᠳᠤ ︽ᠵᠢᠷᠤᠮᠯᠠᠬᠤ ᠬᠠᠤᠯᠢ ᠲᠠᠢ︾ ᠪᠣᠯᠪᠠ
2021 8 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠦᠷᠢᠮ》 ︵ᠳᠣᠷᠣᠭᠰᠢ 《ᠲᠦᠷᠢᠮ》 ᠭᠡᠵᠦ ᠲᠣᠪᠴᠢᠯᠠᠨ᠎ᠠ︶ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠤᠯᠪᠤᠭᠳᠠᠯ ᠪᠥᠬᠦᠶ ᠬᠠᠷᠢᠭᠤᠴᠠᠯᠭᠠᠲᠠᠨ 《ᠲᠦᠷᠢᠮ》 ᠤᠨ ᠲᠤᠬᠠᠶ ᠲᠠᠶᠢᠯᠤᠮᠵᠢ ᠬᠢᠬᠦ ᠶᠢᠨ ᠬᠠᠮᠲᠤ 《ᠲᠦᠷᠢᠮ》 ᠤᠨ ᠬᠠᠮᠢᠶ᠎ᠠ ᠪᠥᠬᠦᠶ ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
ᠣᠶᠢᠷ᠎ᠠ ᠶᠢᠨ ᠵᠢᠯ ᠤᠳ ᠲᠤ᠂ ᠮᠠᠨ ᠤ ᠣᠷᠣᠨ 《ᠳᠥᠷᠪᠡᠨ ᠰᠠᠶᠢᠨᠲᠠᠶ ᠲᠣᠰᠬᠤᠨ ᠤ ᠵᠠᠮ》 ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠪᠥᠬᠦ ᠲᠠᠯ᠎ᠠ ᠪᠠᠷ ᠲᠦᠷᠭᠡᠳᠬᠡᠨ ᠠᠬᠢᠭᠤᠯᠪᠠ᠃ 2020 ᠣᠨ ᠤ ᠡᠴᠦᠰ ᠪᠣᠯᠲᠠᠯ᠎ᠠ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠶᠡᠷᠦᠩᠬᠡᠶ ᠣᠷᠳᠣ 16.9 ᠲᠦᠮᠡᠨ ᠺᠢᠯᠣᠮᠧᠲᠷ ᠲᠤ ᠬᠦᠷᠴᠦ᠂ ᠡᠭᠦᠨ ᠳᠤ ᠰᠢᠶᠠᠨ ᠤ ᠵᠠᠮ 4 ᠲᠦᠮᠡᠨ ᠺᠢᠯᠣᠮᠧᠲᠷ᠂ ᠰᠢᠶᠠᠩ ᠤᠨ ᠵᠠᠮ 4 ᠲᠦᠮᠡᠨ ᠺᠢᠯᠣᠮᠧᠲᠷ᠂ ᠲᠣᠰᠬᠤᠨ ᠤ ᠵᠠᠮ 8.9 ᠲᠦᠮᠡᠨ ᠺᠢᠯᠣᠮᠧᠲᠷ ᠬᠦᠷᠴᠦ᠂ ᠪᠣᠶ ᠪᠥᠬᠦᠶ ᠰᠤᠮᠤ ᠰᠢᠶᠠᠩ ᠪᠠᠯᠭᠠᠰᠤ ᠪᠣᠯᠤᠨ ᠨᠥᠬᠦᠴᠡᠯ ᠪᠥᠷᠢᠳᠦᠭᠰᠡᠨ ᠭᠠᠴᠠᠭ᠎ᠠ ᠲᠣᠰᠬᠤᠨ ᠳᠤ ᠴᠥᠮ ᠬᠠᠲᠠᠭᠤᠷᠠᠭᠤᠯᠤᠭᠰᠠᠨ ᠵᠠᠮ ᠨᠡᠪᠲᠡᠷᠡᠬᠦ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠮ ᠲᠡᠭᠡᠭᠡᠪᠦᠷᠢ ᠶᠢᠨ ᠨᠡᠪᠲᠡᠷᠡᠬᠦ ᠣᠷᠴᠢᠨ ᠨᠦᠬᠦᠴᠡᠯ ᠳᠤ ᠲᠡᠤᠬᠡᠲᠦ ᠴᠢᠨᠠᠷᠲᠠᠶ ᠬᠤᠪᠢᠷᠠᠯᠲᠠ ᠭᠠᠷᠪᠠ᠃
ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠲᠦᠷᠭᠡᠨ ᠬᠥᠭᠵᠢᠬᠦ ᠶᠢᠨ ᠵᠡᠷᠭᠡ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠣᠳᠠᠲᠤ ᠪᠠᠶᠢᠳᠠᠯ ᠳᠤ ᠰᠠᠭᠤᠷᠢᠯᠠᠨ᠂ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠮ ᠬᠠᠷᠢᠯᠴᠠᠭᠠᠨ ᠤ ᠪᠣᠭᠤᠮᠢ ᠶᠢ ᠡᠪᠳᠡᠬᠦ ᠡᠭᠦᠳᠡᠨ ᠠᠴᠠ ᠡᠭᠦᠰᠴᠦ᠂ ᠣᠷᠤᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠤᠯᠢ ᠲᠣᠭᠲᠠᠭᠠᠯᠲᠠ ᠶᠢ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠵᠢᠯ ᠤᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ 3 ᠵᠢᠯ ᠭᠠᠷᠤᠶ ᠶᠢᠨ ᠴᠢᠷᠮᠠᠶᠢᠯᠭ᠎ᠠ ᠪᠠᠷ ᠳᠡᠮᠵᠢᠨ᠂ 2020 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠭᠤᠷᠪᠠᠳᠤᠭᠠᠷ ᠬᠤᠷᠠᠯᠳᠤᠭᠠᠨ ᠢᠶᠠᠷ ᠪᠠᠲᠤᠯᠠᠭᠤᠯᠤᠨ᠂ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠦᠷᠢᠮ》 ᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ᠃ 《ᠲᠦᠷᠢᠮ》 ᠳᠤ ᠶᠡᠷᠦᠩᠬᠡᠶ ᠲᠦᠷᠢᠮ᠂ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠡᠵᠡᠩᠨᠡᠯᠲᠡ᠂ ᠪᠠᠯᠠ ᠮᠥᠩᠭᠦ᠂ ᠬᠠᠤᠯᠢ ᠶᠢᠨ ᠬᠠᠷᠢᠭᠤᠴᠠᠯᠭ᠎ᠠ᠂ ᠳᠠᠭᠠᠯᠳᠤᠭᠤᠯᠤᠭᠰᠠᠨ ᠲᠦᠷᠢᠮ ᠵᠡᠷᠭᠡ 9 ᠪᠦᠯᠦᠭ᠂ 60 ᠵᠦᠢᠯ ᠪᠠᠭᠲᠠᠭᠠᠵᠠᠢ᠃
《ᠲᠦᠷᠢᠮ》 ᠢ ᠨᠡᠶᠢᠲᠡᠯᠡᠭᠰᠡᠨ ᠨᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠠᠷᠠᠴᠢᠯᠠᠯᠲᠠ᠂ ᠬᠠᠮᠢᠶᠠᠷᠤᠯᠲᠠ ᠪᠠ ᠡᠵᠡᠩᠨᠡᠯᠲᠡ ᠶᠢᠨ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ 《ᠳᠥᠷᠪᠡᠨ ᠰᠠᠶᠢᠨᠲᠠᠶ ᠲᠣᠰᠬᠤᠨ ᠤ ᠵᠠᠮ》 ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠤᠷᠤᠭᠰᠢᠲᠠᠶ ᠥᠷᠨᠢᠭᠦᠯᠬᠦ ᠶᠢ ᠳᠥᠯᠭᠢᠨ ᠠᠬᠢᠭᠤᠯᠵᠤ᠂ ᠮᠠᠨ ᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠪᠠᠲᠤ ᠪᠠᠬᠢ ᠵᠠᠮ ᠬᠠᠷᠢᠯᠴᠠᠭᠠᠨ ᠤ ᠰᠠᠭᠤᠷᠢ ᠶᠢ ᠬᠠᠩᠭᠠᠬᠤ ᠳᠤ ᠠᠰᠢᠭᠲᠠᠶ ᠪᠣᠯᠵᠠᠢ︔ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠬᠥᠭᠵᠢᠭᠡᠳᠦᠶ ᠭᠠᠵᠠᠷ ᠣᠷᠣᠨ ᠤ ᠪᠥᠲᠥᠭᠡᠨ ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠶᠠᠪᠤᠵᠤ ᠰᠠᠭᠤᠬᠤ ᠦᠨᠳᠦᠰᠦᠨ ᠨᠥᠬᠦᠴᠡᠯ ᠢ ᠰᠠᠶᠢᠵᠢᠷᠠᠭᠤᠯᠵᠤ᠂ ᠬᠤᠲᠠ ᠬᠥᠳᠡᠭᠡ ᠶᠢ ᠨᠢᠭᠡ ᠴᠤᠭᠴᠠᠵᠢᠭᠤᠯᠤᠨ ᠨᠦᠭᠡᠴᠡᠲᠡᠢ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ ᠪᠣᠯᠵᠠᠢ᠃
ᠣᠶᠢᠯᠠᠭᠠᠭᠰᠠᠨ ᠢᠶᠠᠷ᠂ ᠲᠣᠰ 《ᠲᠦᠷᠢᠮ》 ᠢ ᠨᠡᠶᠢᠲᠡᠯᠡᠬᠦ ᠠᠴᠠ ᠡᠮᠦᠨ᠎ᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠲᠤ ᠶᠢᠨ ᠬᠥᠳᠡᠭᠡ ᠲᠣᠰᠬᠤᠨ ᠤ ᠵᠠᠰᠠᠮᠠᠯ ᠵᠠᠮ ᠳᠤ ᠲᠤᠰᠬᠠᠶ ᠬᠠᠤᠯᠢ ᠴᠠᠭᠠᠵᠠ ᠬᠠᠤᠯᠢ ᠲᠣᠭᠲᠠᠭᠠᠯ ᠪᠠᠶᠢᠭᠰᠠᠨ ᠥᠬᠡᠶ᠂ ᠣᠲᠣ ᠶᠢᠨ ᠬᠡᠷᠡᠭᠵᠢᠭᠦᠯᠵᠦ ᠪᠠᠶᠢᠭ᠎ᠠ ᠵᠠᠰᠠᠮᠠᠯ ᠵᠠᠮ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠳᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠠᠮᠤᠷᠤᠭᠰᠠᠨ ᠥᠬᠡᠶ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠤᠬᠠᠶ ᠲᠣᠮᠢᠶᠠᠯᠠᠯ ᠢᠶᠠᠷ ᠳᠤᠲᠠᠮᠠᠭ ᠪᠠᠶᠢᠵᠤ᠂ ᠵᠠᠰᠠᠮᠠᠯ ᠵᠠᠮ ᠤᠨ ᠶᠡᠷᠦᠩᠬᠡᠶ ᠬᠡᠮᠵᠢᠶ᠎ᠡ ᠪᠠᠷ ᠬᠠᠮᠤᠭ ᠤᠨ ᠣᠯᠠᠨ ᠪᠠᠶᠢᠭ᠎ᠠ ᠲᠣᠰᠬᠤᠨ ᠤ ᠵᠠᠮ ᠳᠤ ᠴᠢᠬᠤᠯᠠ ᠪᠥᠬᠦᠶ ᠬᠠᠤᠯᠢ ᠴᠠᠭᠠᠵᠠ ᠶᠢᠨ ᠦᠨᠳᠦᠰᠦᠯᠡᠯ ᠳᠤᠲᠠᠭᠳᠠᠵᠤ ᠪᠠᠶᠢᠪᠠ᠃ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠳᠦᠷᠢᠮ》 ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠣᠭᠲᠠᠭᠠᠭᠰᠠᠨ 《ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ》 《ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ》 ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠤ ᠨᠠᠷᠢᠨ ᠲᠣᠳᠣᠷᠬᠠᠶ ᠲᠣᠮᠢᠶᠠᠯᠠᠯ ᠬᠢᠵᠦ᠂ ᠢᠯᠠᠩᠭᠤᠶ᠎ᠠ ᠲᠣᠰᠬᠤᠨ ᠤ ᠵᠠᠮ ᠳᠤ ᠲᠣᠳᠣᠷᠬᠠᠶ ᠬᠠᠤᠯᠢ ᠴᠠᠭᠠᠵᠠ ᠶᠢᠨ ᠵᠠᠭᠠᠭ ᠲᠣᠭᠲᠠᠭᠠᠵᠤ᠂ ᠮᠠᠨ ᠤ ᠣᠷᠣᠨ ᠤ 8.9 ᠲᠦᠮᠡᠨ ᠺᠢᠯᠣᠮᠧᠲᠷ ᠤᠨ ᠲᠣᠰᠬᠤᠨ ᠤ ᠵᠠᠮ ᠤᠨ ᠬᠠᠮᠢᠶᠠᠷᠤᠯᠲᠠ ᠳᠤ 《ᠵᠢᠷᠤᠮᠯᠠᠬᠤ ᠬᠠᠤᠯᠢ ᠲᠠᠢ》 ᠪᠣᠯᠭᠠᠵᠠᠢ᠃
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠰᠣᠨᠢᠨ ᠮᠡᠳᠡᠭᠡᠨ ᠤ ᠥᠭᠦᠯᠡᠭᠴᠢ ᠢᠯᠡᠳᠬᠡᠬᠦ ᠳᠤ ᠪᠠᠨ᠂ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ 《ᠲᠦᠷᠢᠮ》 ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 《ᠲᠦᠷᠢᠮ》 ᠤᠨ ᠡᠯ᠎ᠡ ᠵᠦᠢᠯ ᠤᠨ ᠲᠣᠭᠲᠠᠭᠠᠯ ᠢ ᠪᠣᠳᠠᠲᠠᠶ ᠠᠵᠢᠯ ᠤᠨ ᠳᠤᠮᠳᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ ᠭᠡᠵᠡᠶ᠃