ᠵᠤᠬᠢᠶᠠᠭᠴᠢ:
ᠴᠠᠭ:2021-08-27
ᠥᠵᠡᠭᠰᠡᠨ : ℃
ᠢᠷᠡᠯᠲᠡ: ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ᠤ 10 ᠬᠤᠰᠢᠭᠤ ᠰᠢᠶᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢᠶᠠᠷ ᠵᠢᠭᠰᠠᠭᠠᠭᠳᠠᠪᠠ
ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠤᠢᠢᠯᠠᠭᠠᠭᠰᠠᠨ ᠢᠶᠠᠷ᠂ ᠮᠠᠨ ᠤ ᠣᠷᠣᠨ ᠤ 10 ᠬᠤᠰᠢᠭᠤ ᠰᠢᠶᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢᠶᠠᠷ ᠵᠢᠭᠰᠠᠭᠠᠭᠳᠠᠪᠠ᠃
ᠡᠨᠡ ᠬᠦ 10 ᠬᠤᠰᠢᠭᠤ ᠰᠢᠶᠠᠨ ᠨᠢ ᠲᠣᠰ ᠲᠣᠰ ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤ᠂ ᠲᠦᠩᠯᠢᠶᠣᠤ ᠬᠤᠲᠠ ᠶᠢᠨ ᠬᠦᠷᠢᠶ᠎ᠡ ᠬᠤᠰᠢᠭᠤ᠂ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤ᠂ ᠤᠯᠠᠭᠠᠨᠴᠠᠪ ᠬᠤᠲᠠ ᠶᠢᠨ ᠱᠠᠩᠳᠤ ᠰᠢᠶᠠᠨ᠂ ᠬᠤᠸᠠᠳᠧ ᠰᠢᠶᠠᠨ᠂ ᠳᠥᠷᠪᠡᠳ ᠬᠤᠰᠢᠭᠤ ᠪᠣᠯᠤᠨ᠎ᠠ᠃ 《ᠡᠨᠡ 10 ᠬᠤᠰᠢᠭᠤ ᠰᠢᠶᠠᠨ ᠢ ᠬᠥᠮᠦᠨ ᠳᠤᠮᠳᠠᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠬᠥᠮᠦᠨ ᠳᠤᠮᠳᠠᠴᠢ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ᠂ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠡᠷᠭᠡ ᠭᠦᠢᠴᠡᠳᠬᠡᠯ ᠲᠤᠭ᠎ᠠ ᠶᠢ ᠦᠨᠳᠦᠰᠦᠯᠡᠨ᠂ ᠶᠠᠳᠠᠭᠤ ᠠᠴᠠ ᠠᠩᠭᠢᠵᠢᠷᠠᠭᠤᠯᠵᠤ ᠶᠠᠳᠠᠭᠤ ᠮᠠᠯᠠᠭᠠᠢ ᠪᠠᠨ ᠲᠠᠶᠠᠭᠳᠠᠭᠰᠠᠨ ᠴᠠᠭ ᠤᠨ ᠳᠠᠷᠠᠭᠠᠯᠠᠯ᠂ ᠳᠠᠬᠢᠨ ᠶᠠᠳᠠᠭᠤᠷᠠᠬᠤ ᠠᠶᠤᠯ ᠲᠦᠭᠰᠢᠭᠦᠷᠢ ᠵᠡᠷᠭᠡ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠠᠮᠤᠭ ᠡᠴᠦᠰ ᠲᠤ ᠨᠢ ᠲᠣᠭᠲᠠᠭᠠᠪᠠ》 ᠭᠡᠵᠦ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠬᠠᠨ ᠵᠢᠶᠠᠨ ᠭᠠᠩ ᠬᠡᠯᠡᠪᠡ᠃
ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠪᠦᠬᠦᠨ ᠳᠤ ᠪᠠᠯᠠ ᠮᠥᠩᠭᠦ ᠵᠢᠴᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠭᠡᠨ᠎ᠡ᠃ 5 ᠵᠢᠯ ᠤᠨ ᠰᠢᠯᠵᠢᠯᠲᠡ ᠶᠢᠨ ᠬᠤᠭᠤᠴᠠᠭᠠᠨ ᠳᠤ᠂ ᠲᠥᠪ ᠤᠨ 16 ᠵᠦᠢᠯ ᠵᠢᠴᠢ ᠥᠪᠡᠷᠲᠡᠭᠡᠨ ᠵᠠᠰᠠᠬᠤ ᠣᠷᠣᠨ ᠤ 12 ᠵᠦᠢᠯ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠥᠭᠵᠢᠯᠲᠡ ᠪᠠ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠵᠦ ᠪᠣᠯᠤᠨ᠎ᠠ᠃ ᠡᠭᠦᠨ ᠤ ᠬᠠᠮᠲᠤ᠂ ᠮᠥᠩᠭᠦᠨ ᠭᠦᠢᠯᠭᠡᠭᠡᠨ ᠤ ᠨᠡᠷᠡᠳᠬᠦᠨ ᠪᠠ ᠦᠢᠯᠡᠴᠢᠯᠡᠭᠡ ᠳᠤ ᠰᠢᠨ᠎ᠡ ᠶᠢ ᠡᠭᠦᠳᠬᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠳᠤ ᠬᠤᠯᠪᠣᠭᠳᠠᠭᠤᠯᠤᠭᠰᠠᠨ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ ᠮᠤᠵᠢ ᠣᠷᠣᠨ ᠠᠯᠤᠰᠯᠠᠨ ᠳᠣᠭᠢᠷᠠᠭᠤᠯᠤᠨ ᠬᠡᠷᠡᠭᠯᠡᠬᠦ᠂ ᠴᠢᠳᠠᠪᠤᠷᠢᠲᠠᠨ ᠡᠯᠰᠡᠬᠦ ᠪᠠ ᠮᠡᠷᠭᠡᠵᠢᠯ ᠤᠨ ᠴᠣᠯᠠ ᠶᠢᠨ ᠬᠠᠷᠠᠭᠠᠯᠵᠠᠯ᠂ ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠬᠠᠪᠰᠤᠷᠤᠨ ᠲᠡᠳᠬᠦᠬᠦ ᠡᠬᠢ ᠪᠠᠶᠠᠯᠢᠭ ᠤᠨ ᠲᠣᠬᠢᠷᠠᠭᠤᠯᠤᠯᠲᠠ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠪᠠ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠵᠡᠷᠭᠡ ᠣᠯᠠᠨ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠢᠯᠡᠭᠦᠬᠡᠨ ᠬᠡᠯᠪᠡᠶᠢᠯᠭᠡᠨ᠎ᠡ᠃
ᠣᠶᠢᠯᠠᠭᠠᠭᠰᠠᠨ ᠢᠶᠠᠷ᠂ 10 ᠬᠤᠰᠢᠭᠤ ᠰᠢᠶᠠᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠨᠡᠶᠢᠲᠡ 8.23 ᠲᠦᠮᠡᠨ ᠡᠷᠦᠬᠡ ᠶᠢᠨ 18.68 ᠲᠦᠮᠡ ᠬᠦᠮᠦᠨ ᠪᠠᠶᠢᠵᠤ᠂ ᠲᠣᠰ ᠲᠣᠰ ᠪᠥᠬᠦ ᠣᠷᠣᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠲᠤᠭ᠎ᠠ ᠪᠠ ᠬᠥᠮᠦᠨ ᠤ ᠲᠤᠭ᠎ᠠ ᠶᠢᠨ 22%᠂ 22.19% ᠶᠢ ᠡᠵᠡᠯᠡᠨ᠎ᠡ︔ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ 0.41 ᠲᠦᠮᠡᠨ ᠡᠷᠦᠬᠡ ᠶᠢᠨ 0.84 ᠲᠦᠮᠡᠨ ᠬᠥᠮᠦᠨ ᠪᠠᠶᠢᠵᠤ᠂ ᠲᠣᠰ ᠲᠣᠰ ᠪᠥᠬᠦ ᠣᠷᠣᠨ ᠤ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠶᠢᠨ ᠲᠤᠭ᠎ᠠ ᠪᠠ ᠬᠥᠮᠦᠨ ᠤ ᠲᠤᠭ᠎ᠠ ᠶᠢᠨ 26.9%᠂ 27.23% ᠶᠢ ᠡᠵᠡᠯᠡᠨ᠎ᠡ᠃ 10 ᠬᠤᠰᠢᠭᠤ ᠰᠢᠶᠠᠨ ᠤ ᠬᠢᠨ ᠬᠢᠨᠠᠨ ᠰᠢᠨᠵᠢᠯᠡᠯᠲᠡ ᠶᠢ ᠴᠢᠩᠭᠠᠳᠬᠠᠵᠤ ᠬᠡᠪᠴᠢᠶᠡᠵᠢᠯ ᠤᠨ ᠴᠢᠨᠠᠷᠲᠠᠢ ᠪᠠᠷ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠠᠴᠠ ᠭᠠᠷᠳᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠰᠠᠶᠢᠲᠤᠷ ᠬᠢᠨ᠎ᠠ︔ ᠲᠥᠷᠥᠯ ᠵᠦᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ︔ ᠲᠤᠬᠠᠶ ᠶᠢᠨ ᠭᠠᠵᠠᠷ ᠤᠨ ᠳᠠᠪᠠᠭᠤᠯᠢᠭ ᠤᠨᠴᠠᠯᠢᠭᠳᠤ ᠠᠵᠤ ᠦᠢᠯᠡᠰ ᠢ ᠶᠡᠭᠡ ᠪᠠᠷ ᠪᠤᠶᠢᠵᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ︔ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠮᠵᠢ ᠶᠢ ᠰᠠᠶᠢᠲᠤᠷ ᠬᠢᠵᠦ᠂ ᠲᠠᠬᠢᠨ ᠶᠠᠳᠠᠭᠤᠷᠠᠵᠤ ᠠᠮᠠᠷᠬᠠᠨ ᠶᠠᠳᠠᠭᠤᠷᠠᠬᠤ ᠬᠥᠮᠦᠰ ᠲᠤ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠨ᠎ᠡ︔ 《ᠵᠣᠷᠯᠣᠩ ᠤᠨ ᠬᠤᠪᠢᠰᠬᠠᠯ》 ᠢ ᠭᠦᠨᠵᠡᠭᠡᠶ ᠥᠷᠨᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ ᠴᠡᠭᠴᠡᠯᠡᠨ᠎ᠡ᠃