ᠵᠤᠬᠢᠶᠠᠭᠴᠢ: ᠴᠠᠭ:2022-01-07 ᠥᠵᠡᠭᠰᠡᠨ : ᠢᠷᠡᠯᠲᠡ: ᠢᠷᠡᠯᠲᠡ᠄ ᠥᠪᠥᠷ ᠮᠣᠩᠭᠤᠯ ᠤᠨ     ᠵᠠᠰᠠᠭ ᠤᠨ ᠣᠷᠳᠣᠨ  
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ

 

ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ

ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠠᠷᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠪᠠᠶᠢᠷᠢᠯᠠᠭᠤᠯᠵᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ ᠨᠡᠩ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠦᠬᠦᠮ ᠦᠵᠡᠭᠦᠯᠪᠡ    

ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠦᠷᠦᠯ ᠬᠤᠪᠢᠶᠠᠬᠤ ᠬᠠᠮᠢᠶᠠᠷᠤᠯᠲᠠ ᠶᠢ ᠬᠡᠷᠡᠭᠵᠢᠭᠦᠯᠵᠦ ᠬᠢᠨᠠᠯᠲᠠ ᠬᠠᠮᠢᠶᠠᠷᠤᠯᠲᠠ ᠶᠢᠨ ᠨᠡᠩ ᠡᠷᠬᠡ ᠲᠡᠭᠰᠢ ᠪᠥᠭᠡᠳ ᠪᠦᠲᠦᠮᠵᠢᠲᠡᠢ ᠪᠠᠶᠢᠬᠤ ᠶᠢ ᠠᠬᠢᠭᠤᠯᠬᠤ ᠪᠠᠷ ᠲᠣᠭᠲᠠᠪᠠ  

ᠰᠢᠨᠬᠤᠸᠠ ᠬᠤᠷᠢᠶᠠᠨ ᠤ ᠪᠡᠭᠡᠵᠢᠩ ᠤᠨ 2022  1 ᠳ᠋ᠦ᠋ᠭᠡᠷ ᠰᠠᠷ᠎ᠠ ᠶᠢᠨ 4 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 4 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠠᠷᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠪᠠᠶᠢᠷᠢᠯᠠᠭᠤᠯᠵᠤ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠨᠡᠩ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠦᠬᠦᠮ ᠦᠵᠡᠭᠦᠯᠪᠡ︔ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠦᠷᠦᠯ ᠬᠤᠪᠢᠶᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠨᠡᠩ ᠡᠷᠬᠡ ᠲᠡᠭᠰᠢ ᠪᠥᠭᠡᠳ ᠪᠦᠲᠦᠮᠵᠢᠲᠡᠢ ᠪᠠᠶᠢᠬᠤ ᠶᠢ ᠠᠬᠢᠭᠤᠯᠬᠤ ᠪᠠᠷ ᠲᠣᠭᠲᠠᠪᠠ᠃    

ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠦᠢᠯᠡᠰ ᠪᠦᠲᠦᠭᠡᠬᠦ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ ᠢ ᠠᠬᠢᠭᠤᠯᠵᠤ᠂ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠪᠦᠬᠦ ᠵᠦᠢᠯᠡᠰ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠬᠤ ᠨᠢ ᠲᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠦᠷᠳᠡᠭ ᠢ ᠪᠠᠭᠠᠰᠬᠠᠬᠤ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠬᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠬᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠤᠨ ᠨᠡᠶᠢᠭᠡᠮ ᠤᠨ ᠪᠦᠲᠦᠭᠡᠯᠴᠢ ᠬᠦᠴᠦᠨ ᠢ ᠨᠡᠩ ᠶᠡᠭᠡ ᠪᠠᠷ ᠬᠥᠭᠵᠢᠭᠡᠬᠦ ᠳᠤ ᠠᠰᠢᠭᠲᠠᠢ ᠭᠡᠵᠡᠢ᠃ ᠬᠤᠷᠠᠯ ᠠᠴᠠ 《ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠢᠶᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶》 ᠶᠢ ᠪᠠᠲᠤᠯᠠᠪᠠ᠃ ᠬᠤᠷᠠᠯ ᠠᠴᠠ ᠱᠠᠭᠠᠷᠳᠠᠬᠤ ᠳᠤ ᠪᠠᠨ᠂ ᠨᠢᠭᠡ ᠳᠤ᠂ ᠡᠯ᠎ᠡ ᠮᠤᠵᠢ᠂ ᠬᠤᠲᠠ᠂ ᠰᠢᠶᠠᠨ ᠡᠨᠡ ᠵᠢᠯ ᠤᠨ ᠡᠴᠦᠰ ᠠᠴᠠ ᠡᠮᠦᠨ᠎ᠡ ᠲᠣᠰ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠶ ᠬᠠᠭᠤᠳᠠᠰᠤ ᠶᠢ ᠨᠠᠶᠢᠷᠠᠭᠤᠯᠤᠨ ᠳᠠᠭᠤᠰᠬᠠᠵᠤ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠪᠦᠬᠦᠨ ᠢ ᠲᠡᠭᠦᠨ ᠳᠤ ᠣᠷᠣᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠤ ᠨᠠᠶᠢᠷᠠᠭᠤᠯᠤᠭᠰᠠᠨ ᠨᠠᠷᠢᠨ ᠬᠠᠭᠤᠳᠠᠰᠤ ᠶᠢᠨ ᠦᠨᠳᠦᠰᠦᠨ ᠡᠯᠧᠮᠧᠨ᠋ᠲ ᠢ ᠬᠠᠷᠢᠴᠠᠩᠭᠤᠶ ᠨᠢᠭᠡᠳᠦᠯᠲᠡᠶ ᠪᠠᠶᠢᠯᠭᠠᠵᠤ᠂ ᠠᠳᠠᠯᠢ ᠨᠢᠭᠡᠨ ᠬᠡᠷᠡᠭ ᠶᠠᠪᠤᠳᠠᠯ ᠢ ᠠᠳᠠᠯᠢ ᠪᠤᠰᠤ ᠭᠠᠵᠠᠷ ᠣᠷᠣᠨ ᠳᠤ ᠠᠳᠠᠯᠢ ᠨᠢᠭᠡᠨ ᠡᠯᠧᠮᠧᠨ᠋ᠲ ᠢᠶᠠᠷ ᠬᠠᠮᠢᠶᠠᠷᠬᠤ᠂ ᠠᠳᠠᠯᠢ ᠨᠢᠭᠡᠨ ᠪᠠᠷᠢᠮᠵᠢᠶ᠎ᠠ ᠪᠠᠷ ᠰᠢᠢᠳᠪᠦᠷᠢᠯᠡᠵᠦ ᠪᠣᠯᠬᠤ ᠶᠢ ᠠᠬᠢᠭᠤᠯᠬᠤ ᠬᠡᠷᠡᠭᠲᠡᠶ᠃ ᠳᠡᠭᠡᠳᠦ ᠱᠠᠲᠤᠨ ᠠᠴᠠ ᠲᠣᠭᠲᠠᠭᠠᠵᠤ᠂ ᠲᠣᠰ ᠭᠠᠵᠠᠷ ᠣᠷᠣᠨ ᠳᠤ ᠪᠠᠨ ᠬᠡᠷᠡᠭᠵᠢᠭᠦᠯᠬᠦ ᠵᠦᠢᠯᠡᠰ ᠵᠢᠴᠢ ᠲᠡᠭᠦᠨ ᠤ ᠦᠨᠳᠦᠰᠦᠨ ᠡᠯᠧᠮᠧᠨ᠋ᠲ ᠪᠦᠬᠦᠨ ᠳᠤ᠂ ᠡᠯ᠎ᠡ ᠭᠠᠵᠠᠷ ᠤᠨ ᠬᠢᠨ ᠲᠣᠰ ᠱᠠᠲᠤᠨ ᠤ ᠨᠠᠷᠢᠨ ᠬᠠᠭᠤᠳᠠᠰᠤ ᠪᠠᠨ ᠨᠠᠶᠢᠷᠠᠭᠤᠯᠤᠨ ᠵᠣᠬᠢᠶᠠᠬᠤ ᠳᠤ ᠪᠠᠨ ᠳᠡᠭᠡᠷ᠎ᠡ ᠨᠢᠭᠡ ᠱᠠᠲᠤᠨ ᠤ ᠨᠠᠷᠢᠨ ᠬᠠᠭᠤᠳᠠᠰᠤ ᠶᠢᠨ ᠬᠡᠪᠴᠢᠶ᠎ᠡ ᠠᠴᠠ ᠬᠡᠲᠦᠷᠡᠭᠦᠯᠵᠦ ᠪᠣᠯᠬᠤ ᠥᠬᠡᠶ᠃ ᠬᠤᠶᠠᠷ ᠲᠤ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠳ ᠨᠠᠷᠢᠨ ᠬᠠᠭᠤᠳᠠᠰᠤ ᠶᠢ ᠴᠢᠩᠭ᠎ᠠ ᠵᠢᠷᠤᠮᠯᠠᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ᠂ ᠠᠯᠬᠤᠮ ᠳᠠᠷᠠᠭ᠎ᠠ ᠪᠠᠨ ᠢᠯᠡ ᠲᠣᠳᠣ ᠪᠠᠶᠢᠯᠭᠠᠵᠤ᠂ ᠠᠵᠤ ᠠᠬᠤᠶᠢᠯᠠᠯ ᠢ ᠲᠣᠳᠣᠷᠬᠠᠶ ᠵᠢᠱᠢᠯᠲᠡ ᠲᠠᠢ ᠪᠣᠯᠭᠠᠬᠤ ᠬᠡᠷᠡᠭᠲᠡᠶ᠃ ᠨᠠᠷᠢᠨ ᠬᠠᠭᠤᠳᠠᠰᠤ ᠶᠢᠨ ᠳᠣᠲᠣᠷᠠᠬᠢ ᠵᠠᠰᠠᠭ ᠵᠠᠬᠢᠷᠭᠠᠨ ᠤ ᠵᠥᠪᠰᠢᠶᠡᠷᠡᠯ ᠢ ᠵᠦᠢᠯ ᠳᠠᠷᠠᠭᠠᠯᠠᠨ ᠲᠣᠭᠲᠠᠭᠠᠨ ᠬᠡᠷᠡᠭᠵᠢᠭᠦᠯᠬᠦ ᠵᠢᠷᠤᠮᠵᠢᠯ ᠢ ᠬᠡᠷᠡᠭᠵᠢᠭᠦᠯᠵᠦ᠂ ᠵᠥᠪᠰᠢᠶᠡᠷᠡᠬᠦ ᠨᠥᠬᠦᠴᠡᠯ᠂ ᠭᠤᠶᠤᠴᠢᠯᠠᠬᠤ ᠮᠠᠲ᠋ᠧᠷᠢᠶᠠᠯ᠂ ᠬᠢᠨᠠᠨ ᠵᠥᠪᠰᠢᠶᠡᠷᠡᠬᠦ ᠠᠯᠬᠤᠮ ᠳᠠᠷᠠᠭ᠎ᠠ᠂ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠶᠢ ᠲᠣᠳᠣᠷᠬᠠᠶᠢᠯᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠬᠡᠷᠡᠭᠵᠢᠭᠦᠯᠬᠦ ᠶᠠᠪᠤᠴᠠ ᠳᠤ ᠨᠡᠮᠡᠯᠲᠡ ᠨᠥᠬᠦᠴᠡᠯ ᠪᠤᠶᠤ ᠬᠢᠵᠠᠭᠠᠷᠯᠠᠯ ᠢ ᠨᠡᠮᠡᠵᠦ ᠪᠣᠯᠬᠤ ᠥᠬᠡᠶ᠃ ᠨᠠᠷᠢᠨ ᠬᠠᠭᠤᠳᠠᠰᠤ ᠠᠴᠠ ᠭᠠᠳᠠᠨ᠎ᠠ ᠬᠠᠤᠯᠢ ᠠᠴᠠ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠢ ᠲᠣᠭᠲᠠᠭᠠᠬᠤ ᠪᠠ ᠬᠡᠷᠡᠭᠵᠢᠭᠦᠯᠵᠦ ᠣᠭᠲᠣ ᠪᠣᠯᠬᠤ ᠦᠭᠡᠢ᠃ ᠡᠯ᠎ᠡ ᠵᠦᠢᠯ ᠤᠨ ᠨᠡᠷ᠎ᠡ ᠪᠠᠷ ᠬᠡᠯᠪᠡᠷᠢ ᠶᠢ ᠨᠢ ᠥᠭᠡᠷᠡᠲᠦᠭᠦᠯᠦᠨ ᠪᠠᠶᠢᠭᠤᠯᠤᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠢ ᠴᠥᠮ ᠰᠢᠭᠰᠢᠨ ᠠᠷᠢᠯᠭᠠᠬᠤ ᠶᠢᠨ ᠬᠠᠮᠲᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠭᠤᠷᠪᠠ ᠳᠤ᠂ ᠬᠠᠤᠯᠢ ᠲᠣᠭᠲᠠᠭᠠᠯ ᠶᠣᠰᠣᠭᠠᠷ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠨᠠᠷᠢᠨ ᠬᠠᠭᠤᠳᠠᠰᠤᠨ ᠳᠤ ᠵᠢᠭᠰᠠᠭᠠᠨ ᠣᠷᠣᠭᠤᠯᠤᠭᠰᠠᠨ ᠵᠦᠢᠯᠡᠰ ᠲᠤ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ᠂ ᠭᠤᠤᠯᠳᠠᠯᠭ᠎ᠠ ᠲᠠᠢ ᠭᠤᠭᠴᠤᠭ᠎ᠠ᠂ ᠬᠢᠨᠠᠯᠲᠠ ᠬᠠᠮᠢᠶᠠᠷᠤᠯᠲᠠ ᠶᠢᠨ ᠲᠦᠷᠢᠮ ᠪᠠ ᠪᠠᠷᠢᠮᠵᠢᠶ᠎ᠠ ᠵᠡᠷᠭᠡ ᠶᠢ ᠵᠦᠢᠯ ᠳᠠᠷᠠᠭᠠᠯᠠᠨ ᠲᠣᠳᠣᠷᠬᠠᠶᠢᠯᠠᠬᠤ ᠬᠡᠷᠡᠭᠲᠡᠢ᠃ ᠤᠯᠠᠨ ᠨᠡᠶᠢᠲᠡ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠡᠷᠡᠭᠦᠯ ᠮᠡᠨᠳᠤ ᠳᠤ ᠰᠢᠭᠤᠳ ᠬᠤᠯᠪᠣᠭᠳᠠᠬᠤ ᠵᠢᠴᠢ ᠳᠠᠯᠳᠠ ᠲᠦᠭᠰᠢᠭᠦᠷᠢ ᠶᠡᠬᠡᠲᠡᠶ ᠬᠦᠷᠢᠶᠡᠨ ᠳᠤ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠲᠦᠷᠪᠡ ᠳᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠳᠤᠮᠳᠠ ᠠᠮᠠᠯᠳᠠᠨ ᠮᠡᠳᠡᠭᠳᠡᠬᠦ ᠳᠦᠷᠢᠮ᠂ ᠦᠢᠯᠡᠴᠢᠯᠡᠭᠡ ᠶᠢ ᠨᠢᠭᠡᠳᠬᠡᠬᠦ᠂ ᠨᠢᠭᠡ ᠯᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠵᠦ᠂ ᠠᠵᠤ ᠠᠬᠤᠶᠢᠯᠠᠯ ᠪᠠ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠨᠡᠩ ᠤᠯᠠᠨ ᠲᠦᠬᠦᠮ ᠦᠵᠡᠭᠦᠯᠬᠦ ᠬᠡᠷᠡᠭᠲᠡᠢ ᠭᠡᠵᠡᠢ᠃    

ᠬᠤᠷᠠᠯ ᠠᠴᠠ ᠵᠢᠭᠠᠬᠤ ᠳᠤ ᠪᠠᠨ᠂ ᠢᠲᠡᠭᠡᠮᠵᠢ ᠪᠣᠯ ᠵᠠᠬ᠎ᠠ ᠳᠡᠯᠭᠡᠭᠦᠷ ᠤᠨ ᠠᠵᠤ ᠠᠬᠤᠶ ᠶᠢᠨ ᠰᠠᠭᠤᠷᠢ ᠮᠥᠨ᠃ ᠦᠨᠡᠨᠴᠢ ᠢᠲᠡᠭᠡᠮᠵᠢᠲᠡᠶ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠤᠰᠠᠳᠠ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠨ ᠬᠠᠮᠢᠶᠠᠷᠬᠤ ᠠᠷᠭ᠎ᠠ ᠶᠢ ᠬᠠᠤᠯᠢ ᠲᠣᠭᠲᠠᠭᠠᠯ ᠶᠣᠰᠣᠭᠠᠷ ᠠᠬᠢᠭᠤᠯᠵᠤ᠂ 《ᠬᠤᠶᠠᠷ ᠢ ᠲᠠᠰᠢᠷᠠᠮ ᠳᠤ ᠨᠢ ᠪᠠᠶᠢᠴᠠᠭᠠᠬᠤ᠂ ᠨᠢᠭᠡ ᠶᠢ ᠢᠯᠡ ᠪᠣᠯᠭᠠᠬᠤ》 ᠵᠡᠷᠭᠡ ᠰᠢᠨᠵᠢᠯᠡᠬᠦ ᠤᠬᠠᠭᠠᠨᠴᠢ ᠪᠥᠭᠡᠳ ᠨᠠᠷᠢᠯᠢᠭ ᠣᠨᠣᠴᠠᠲᠠᠶ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠵᠣᠬᠢᠴᠠᠩᠭᠤᠶ ᠪᠠᠷ ᠠᠪᠴᠤ᠂ ᠬᠢᠨᠠᠯᠲᠠ ᠬᠠᠮᠢᠶᠠᠷᠤᠯᠲᠠ ᠶᠢ ᠦᠨᠡᠨᠴᠢ ᠢᠲᠡᠭᠡᠮᠵᠢᠲᠡᠶ ᠡᠵᠡᠩᠨᠡᠭᠴᠢ ᠳᠤ 《ᠤᠴᠢᠷ ᠶᠠᠪᠤᠳᠠᠯ ᠥᠬᠡᠶ ᠪᠣᠯ ᠬᠠᠷᠰᠢᠯᠠᠬᠤ ᠥᠬᠡᠶ》᠂ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠳ ᠲᠤ 《ᠭᠠᠵᠠᠷ ᠪᠣᠯᠭᠠᠨ ᠳᠤ ᠪᠠᠶᠢᠯᠭᠠᠬᠤ》 ᠬᠡᠷᠡᠭᠲᠡᠶ᠃ ᠨᠢᠭᠡ ᠳᠤ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢᠨ ᠲᠥᠷᠥᠯ ᠬᠤᠪᠢᠶᠠᠬᠤ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ᠂ ᠪᠦᠷᠢᠳᠬᠡᠭᠦᠯᠦᠭᠰᠡᠨ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠪᠠ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠶᠢᠨ ᠨᠡᠷᠡᠰ ᠤᠨ ᠵᠢᠭᠰᠠᠭᠠᠯᠲᠠ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤ ᠨᠢ ᠴᠤᠭᠯᠠᠭᠤᠯᠵᠤ᠂ ᠡᠭᠦᠨ ᠤ ᠰᠠᠭᠤᠷᠢᠨ ᠳᠡᠭᠡᠷ᠎ᠡ᠂ ᠨᠢᠭᠡ ᠯᠡ ᠠᠳᠠᠯᠢ ᠪᠠᠷ ᠬᠠᠨᠳᠤᠬᠤ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠥᠮᠴᠢᠯᠡᠯᠲᠦ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠳᠤ ᠲᠥᠷᠥᠯ ᠬᠤᠪᠢᠶᠠᠬᠤ ᠬᠡᠷᠡᠭᠲᠡᠶ᠃ ᠬᠤᠶᠠᠷ ᠲᠤ᠂ ᠲᠦᠷᠦᠯ ᠬᠤᠪᠢᠶᠠᠭᠰᠠᠨ ᠦᠷ᠎ᠡ ᠳ᠋ᠦᠩ ᠢ ᠠᠰᠢᠭᠯᠠᠨ ᠬᠢᠨᠠᠯᠲᠠ ᠬᠠᠮᠢᠶᠠᠷᠤᠯᠲᠠ ᠶᠢᠨ ᠨᠥᠯᠥᠭᠡ ᠦᠢᠯᠡᠳᠦᠯ ᠢ ᠳᠡᠭᠡᠭᠰᠢᠯᠡᠭᠦᠯᠵᠦ᠂ ᠳᠤᠷ᠎ᠠ ᠪᠠᠷ ᠦᠢᠯᠡᠳᠬᠦ᠂ ᠳᠤᠷ᠎ᠠ ᠪᠠᠷ ᠬᠠᠤᠯᠢ ᠬᠡᠷᠡᠭᠵᠢᠭᠦᠯᠬᠦ ᠶᠢ ᠰᠡᠷᠭᠡᠶᠢᠯᠡᠬᠦ ᠬᠡᠷᠡᠭᠲᠡᠢ᠃ ᠲᠦᠭᠰᠢᠭᠦᠷᠢ ᠳᠣᠣᠷ᠎ᠠ ᠠᠵᠤ ᠠᠬᠤᠶᠢᠯᠠᠯ ᠳᠤ ᠬᠠᠤᠯᠢ ᠶᠣᠰᠣᠭᠠᠷ ᠬᠢᠨᠠᠨ ᠬᠠᠮᠢᠶᠠᠷᠴᠤ ᠰᠤᠭᠤᠴᠢᠨ ᠪᠠᠶᠢᠴᠠᠭᠠᠬᠤ ᠬᠠᠷᠢᠴᠠᠯ ᠪᠠ ᠳᠠᠪᠲᠠᠮᠵᠢ ᠤᠳᠠᠭ᠎ᠠ ᠶᠢ ᠵᠦᠶ ᠵᠣᠬᠢᠰᠲᠠᠶ ᠪᠠᠭᠤᠷᠠᠭᠤᠯᠵᠤ᠂ ᠲᠦᠭᠰᠢᠭᠦᠷᠢ ᠶᠡᠬᠡᠲᠡᠶ ᠪᠤᠶᠤ ᠮᠠᠭᠤ ᠲᠡᠮᠳᠡᠭᠯᠡᠯ ᠲᠠᠢ ᠠᠵᠤ ᠠᠬᠤᠶᠢᠯᠠᠯ ᠳᠤ ᠲᠠᠰᠢᠷᠠᠮ ᠳᠤ ᠨᠢ ᠰᠤᠭᠤᠴᠢᠨ ᠪᠠᠶᠢᠴᠠᠭᠠᠬᠤ᠂ ᠲᠤᠬᠠᠶ ᠶᠢᠨ ᠲᠠᠯᠠᠪᠤᠷ ᠲᠤ ᠨᠢ ᠪᠠᠶᠢᠴᠠᠭᠠᠬᠤ ᠵᠡᠷᠭᠡ ᠡᠷᠴᠢᠮ ᠢ ᠬᠠᠤᠯᠢ ᠶᠣᠰᠣᠭᠠᠷ ᠴᠢᠭᠯᠡᠯᠲᠦ ᠴᠢᠨᠠᠷᠲᠠᠶ ᠪᠠᠷ ᠴᠢᠩᠭᠠᠷᠠᠭᠤᠯᠬᠤ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠪᠠ ᠠᠮᠤᠷ ᠲᠦᠪᠰᠢᠨ ᠳᠤ ᠬᠤᠯᠪᠣᠭᠳᠠᠬᠤ ᠢᠳᠡᠭᠡᠨ ᠤ ᠵᠦᠢᠯ ᠪᠠ ᠡᠮ ᠤᠨ ᠵᠦᠢᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠵᠡᠷᠭᠡ ᠬᠦᠷᠢᠶ᠎ᠡ ᠴᠠᠷᠠᠭ᠎ᠠ ᠳᠤ ᠭᠤᠤᠯᠳᠠᠯᠭ᠎ᠠ ᠲᠠᠢ ᠬᠢᠨᠠᠨ ᠬᠠᠮᠢᠶᠠᠷᠬᠤ᠂ ᠪᠥᠬᠦ ᠬᠡᠯᠬᠢᠶ᠎ᠡ ᠪᠠᠷ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠲᠤ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠭᠰᠠᠨ ᠤᠷᠢᠲᠠᠯ ᠳᠣᠣᠷ᠎ᠠ ᠬᠥᠭᠵᠢᠯᠲᠡ ᠶᠢᠨ ᠣᠷᠣᠨ ᠵᠠᠢ ᠶᠢ ᠦᠯᠡᠳᠡᠭᠡᠬᠦ ᠬᠡᠷᠡᠭᠲᠡᠢ᠃ ᠭᠤᠷᠪᠠ ᠳᠤ᠂ ᠠᠶᠤᠯ ᠲᠦᠭᠰᠢᠭᠦᠷᠢ ᠶᠢ ᠬᠢᠨᠠᠨ ᠰᠢᠨᠵᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠬᠤ ᠬᠡᠷᠡᠭᠲᠡᠶ᠃ ᠲᠣᠮᠣ ᠳ᠋ᠠᠶᠢᠲ᠋ᠠ ᠶᠢᠨ ᠵᠠᠳᠠᠯᠤᠯᠲᠠ᠂ ᠭᠤᠤᠯᠳᠠᠯᠭ᠎ᠠ ᠲᠠᠢ ᠭᠦᠢᠴᠡᠳᠬᠡᠯ ᠲᠤᠭ᠎ᠠ ᠶᠢᠨ ᠬᠢᠨᠠᠨ ᠰᠢᠨᠵᠢᠯᠡᠯᠲᠡ ᠵᠡᠷᠭᠡ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠡᠪ ᠤᠨ ᠪᠤᠰᠤ ᠪᠠᠶᠢᠳᠠᠯ ᠪᠠ ᠠᠶᠤᠯ ᠲᠦᠭᠰᠢᠭᠦᠷᠢ ᠶᠢ ᠡᠷᠲᠡᠬᠡᠨ ᠢᠯᠡᠷᠡᠭᠦᠯᠵᠦ᠂ ᠠᠵᠤ ᠠᠬᠤᠶᠢᠯᠠᠯ ᠳᠤ ᠴᠠᠭ ᠲᠤᠬᠠᠢ ᠳᠤ ᠨᠢ ᠰᠠᠨᠠᠭᠤᠯᠤᠮᠵᠢ ᠥᠭᠴᠦ᠂ ᠬᠢᠨᠠᠨ ᠬᠠᠮᠢᠶᠠᠷᠬᠤ ᠪᠣᠭᠤᠮᠲᠠ ᠶᠢ ᠤᠷᠤᠭᠰᠢ ᠰᠢᠯᠵᠢᠭᠦᠯᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠬᠤ ᠬᠡᠷᠡᠭᠲᠡᠢ ᠭᠡᠵᠡᠢ᠃    

ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 

 


   :                    
   :           
备案序号:蒙ICP备05003250号 公安备案15010502000173