ᠵᠤᠬᠢᠶᠠᠭᠴᠢ:
ᠴᠠᠭ:2022-01-07
ᠥᠵᠡᠭᠰᠡᠨ : ℃
ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
︽ᠦᠨᠡᠨ︾ ᠰᠡᠳᠬᠦᠯ ᠶᠡᠷᠦᠩᠬᠡᠶ ᠱᠦᠵᠢ ᠰᠢ ᠶᠢᠨ ᠫᠢᠩ ᠤᠨ ︽ᠲᠡᠦᠬᠡ ᠪᠠᠷ ᠲᠤᠯᠢ ᠪᠣᠯᠭᠠᠵᠤ ᠢᠷᠡᠭᠡᠳᠦᠢ ᠶᠢ ᠨᠡᠭᠡᠭᠡᠵᠦ ᠰᠢᠷᠭᠠᠭᠤ ᠬᠠᠲᠠᠭᠤᠵᠢᠯᠲᠠᠢ ᠠᠵᠢᠯᠯᠠᠵᠤ ᠡᠷᠡᠯᠬᠡᠭᠯᠡᠨ ᠰᠢᠭᠤᠷᠬᠠᠶᠢᠯᠠᠵᠦ ᠤᠷᠤᠭᠰᠢᠯᠠᠰᠤᠭᠠᠢ︾ ᠭᠡᠬᠦ ᠴᠢᠬᠤᠯᠠ ᠶᠠᠷᠢᠶ᠎ᠠ ᠶᠢ ᠨᠡᠶᠢᠲᠡᠯᠡᠪᠡ
《ᠦᠨᠡᠨ》 ᠰᠡᠳᠬᠦᠯ ᠶᠡᠷᠦᠩᠬᠡᠶ ᠱᠦᠵᠢ ᠰᠢ ᠶᠢᠨ ᠫᠢᠩ ᠤᠨ 《ᠲᠡᠦᠬᠡ ᠪᠠᠷ ᠲᠤᠯᠢ ᠪᠣᠯᠭᠠᠵᠤ ᠢᠷᠡᠭᠡᠳᠦᠢ ᠶᠢ ᠨᠡᠭᠡᠭᠡᠵᠦ ᠰᠢᠷᠭᠠᠭᠤ ᠬᠠᠲᠠᠭᠤᠵᠢᠯᠲᠠᠢ ᠠᠵᠢᠯᠯᠠᠵᠤ ᠡᠷᠡᠯᠬᠡᠭᠯᠡᠨ ᠰᠢᠭᠤᠷᠬᠠᠶᠢᠯᠠᠵᠦ ᠤᠷᠤᠭᠰᠢᠯᠠᠰᠤᠭᠠᠢ》 ᠭᠡᠬᠦ ᠴᠢᠬᠤᠯᠠ ᠶᠠᠷᠢᠶ᠎ᠠ ᠶᠢ ᠨᠡᠶᠢᠲᠡᠯᠡᠪᠡ
ᠰᠢᠨᠬᠤᠸᠠ ᠬᠤᠷᠢᠶᠠᠨ ᠤ ᠪᠡᠭᠡᠵᠢᠩ ᠤᠨ 2022 1 ᠰᠠᠷ᠎ᠠ ᠶᠢᠨ 1 ᠤ ᠴᠠᠬᠢᠯᠭᠠᠨ ᠮᠡᠳᠡᠭᠡ 2022 ᠣᠨ ᠤ 1 ᠰᠠᠷ᠎ᠠ ᠶᠢᠨ 1 ᠤ ᠡᠳᠦᠷ ᠬᠡᠪᠯᠡᠭᠳᠡᠭᠰᠡᠨ ᠡᠨᠡ ᠵᠢᠯ ᠤᠨ 1 ᠳ᠋ᠤᠭᠡᠷ ᠬᠤᠭᠤᠴᠠᠭᠠᠨ ᠤ 《ᠦᠨᠡᠨ》 ᠰᠡᠳᠬᠦᠯ ᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠬᠤᠶᠠᠳᠤᠭᠠᠷ ᠪᠦᠬᠦᠳᠡ ᠬᠤᠷᠠᠯ ᠳᠡᠭᠡᠷᠡᠬᠢ 《ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠰᠢᠭᠤᠷᠬᠠᠶᠢᠯᠠᠵᠦ ᠤᠷᠤᠭᠰᠢᠯᠠᠰᠤᠭᠠᠢ》 ᠭᠡᠬᠦ ᠴᠢᠬᠤᠯᠠ ᠶᠠᠷᠢᠶ᠎ᠠ ᠶᠢ ᠨᠡᠶᠢᠲᠡᠯᠡᠪᠡ᠃
ᠶᠠᠷᠢᠶᠠᠨ ᠳᠤ᠂ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠳᠤ᠂ ᠨᠠᠮ ᠤᠨ ᠲᠥᠪ ᠬᠤᠷᠢᠶ᠎ᠠ ᠠᠴᠠ ᠨᠢᠭᠡ ᠤᠳᠠᠭ᠎ᠠ ᠶᠢᠨ ᠪᠦᠬᠦᠳᠠ ᠬᠤᠷᠠᠯ ᠢ ᠬᠤᠷᠠᠯᠳᠤᠭᠤᠯᠬᠤ ᠪᠠᠷ ᠲᠣᠭᠲᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠭᠰᠡᠨ ᠨᠢ ᠲᠥᠪ ᠴᠢᠩᠭ᠎ᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠢᠳᠪᠦᠷᠢᠲᠦ ᠪᠤᠳᠤᠯᠭ᠎ᠠ ᠪᠠᠶᠢᠵᠤ᠂ ᠮᠠᠨ ᠤ ᠨᠠᠮ ᠤᠨ ᠲᠡᠦᠬᠡ ᠶᠢᠨ ᠵᠢᠮ᠎ᠡ ᠶᠣᠰᠣ ᠶᠢ ᠴᠢᠬᠤᠯᠠᠴᠢᠯᠠᠬᠤ ᠪᠠ ᠬᠡᠷᠡᠭᠯᠡᠬᠦ ᠳᠡᠭᠡᠨ ᠴᠢᠳᠠᠮᠠᠭᠠᠢ ᠪᠠᠶᠢᠬᠤ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢ ᠢᠯᠡᠷᠡᠭᠦᠯᠵᠦ᠂ ᠮᠠᠨ ᠤ ᠨᠠᠮ ᠤᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠢᠲᠡᠭᠡᠯ ᠵᠣᠷᠢᠭ ᠢ ᠢᠯᠡᠷᠡᠭᠦᠯᠪᠡ᠃ ᠡᠨᠡ ᠤᠳᠠᠭᠠᠨ ᠤ ᠪᠥᠬᠦᠳᠡ ᠬᠤᠷᠠᠯ ᠤᠨ 《ᠰᠢᠶᠳᠪᠦᠷᠢ》 ᠨᠢ ᠨᠠᠮ ᠠᠴᠠ ᠲᠤᠭᠲᠠᠭᠠᠭᠰᠠᠨ ᠲᠦᠷᠦᠭᠦᠦ ᠬᠤᠶᠠᠷ ᠤᠳᠠᠭ᠎ᠠ ᠶᠢᠨ ᠲᠡᠦᠬᠡᠨ ᠰᠢᠶᠳᠪᠦᠷᠢ ᠲᠠᠢ ᠠᠳᠠᠯᠢ ᠪᠠᠷ ᠪᠦᠬᠦ ᠨᠠᠮ ᠢᠶᠠᠷ ᠢᠶᠠᠨ ᠦᠵᠡᠯ ᠰᠠᠨᠠᠭ᠎ᠠ ᠪᠠᠨ ᠨᠢᠭᠡᠳᠭᠡᠬᠦ᠂ ᠵᠣᠷᠢᠭ ᠰᠠᠨᠠᠭ᠎ᠠ ᠪᠠᠨ ᠨᠢᠭᠡᠳᠭᠡᠬᠦ᠂ ᠦᠢᠯᠡ ᠠᠵᠢᠯᠯᠠᠭ᠎ᠠ ᠪᠠᠨ ᠨᠢᠭᠡᠳᠭᠡᠬᠦ ᠶᠢ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠰᠢᠭᠤᠷᠬᠠᠶᠢᠯᠠᠵᠤ ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠡᠩ ᠰᠠᠶᠢᠲᠤᠷ ᠪᠠᠷᠢᠮᠲᠠᠯᠠᠨ ᠬᠥᠭᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠴᠢᠬᠤᠯᠠ ᠶᠡᠭᠡ ᠪᠥᠭᠡᠳ ᠠᠯᠤᠰ ᠬᠡᠳᠦ ᠶᠢᠨ ᠨᠥᠯᠥᠭᠡ ᠦᠵᠡᠭᠦᠯᠬᠦ ᠨᠢ ᠯᠠᠪᠲᠠᠢ ᠶᠤᠮ ᠭᠡᠵᠦ ᠴᠢᠬᠤᠯᠠᠴᠢᠯᠠᠪᠠ᠃
ᠶᠠᠷᠢᠶᠠᠨ ᠳᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠭᠤᠣᠯᠳᠠᠯᠭ᠎ᠠ ᠪᠣᠯᠭᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠳᠦᠮᠵᠢ ᠪᠣᠯᠤᠨ ᠲᠡᠦᠬᠡᠨ ᠲᠤᠷᠰᠢᠯᠭ᠎ᠠ ᠶᠢ ᠳ᠋ᠦᠩᠨᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠲᠠᠨᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠤᠷᠤᠬᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠤᠨ ᠲᠡᠦᠬᠡᠲᠦ ᠴᠢᠨᠠᠷᠲᠠᠢ ᠬᠤᠪᠢᠰᠤᠯᠲᠠ ᠶᠢ ᠭᠦᠨᠵᠡᠭᠡᠢ ᠲᠠᠨᠢᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠭᠦᠨᠵᠡᠭᠡᠢ ᠲᠠᠨᠢᠵᠤ᠂ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠴᠢᠬᠤᠯᠠ ᠱᠠᠭᠠᠷᠳᠠᠯᠭ᠎ᠠ ᠶᠢ ᠭᠦᠨᠵᠡᠭᠡᠢ ᠲᠠᠨᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠶᠠᠷᠢᠶᠠᠨ ᠳᠤ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠤᠬᠠᠮᠰᠠᠷ ᠠᠴᠠ ᠪᠠᠨ ᠪᠠᠲᠤ ᠰᠠᠬᠢᠬᠤ ᠬᠡᠷᠡᠭᠲᠡᠢ᠃ ᠡᠨᠡ ᠤᠳᠠᠭ᠎ᠠ ᠶᠢᠨ ᠪᠦᠬᠦᠳᠡ ᠬᠤᠷᠠᠯ ᠤᠨ 《ᠰᠢᠢᠳᠪᠦᠷᠢ》 ᠨᠢ ᠮᠠᠨ ᠤ ᠨᠠᠮ ᠤᠨ ᠳᠡᠭᠡᠳᠦ ᠬᠡᠮᠵᠢᠶᠡᠨ ᠤ ᠲᠡᠦᠬᠡ ᠶᠢᠨ ᠢᠲᠡᠭᠡᠯ ᠢ ᠭᠦᠢᠴᠡᠳ ᠢᠯᠡᠷᠡᠭᠦᠯᠵᠦ᠂ ᠨᠠᠮ ᠤᠨ ᠳᠤᠲᠤᠨ᠎ᠠ ᠭᠠᠳᠠᠨ᠎ᠠ᠂ ᠤᠯᠤᠰ ᠤᠨ ᠳᠣᠲᠣᠭᠠᠳᠤ ᠭᠠᠳᠠᠭᠠᠳᠤ ᠳᠤ ᠵᠠᠭᠤᠨ ᠵᠢᠯ ᠤᠨ ᠶᠡᠭᠡ ᠨᠠᠮ ᠤᠨ ᠰᠡᠷᠭᠡᠭ᠂ ᠪᠣᠯᠪᠠᠰᠤᠷᠠᠩᠭᠤᠢ ᠪᠣᠯᠤᠭᠰᠠᠨ ᠢ ᠢᠯᠡᠷᠡᠬᠦᠯᠪᠡ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ᠂ ᠳᠤᠮᠳᠠᠳᠤ ᠤᠯᠤᠰ ᠤᠨ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠪᠠᠶᠢᠵᠤ ᠴᠢᠳᠠᠬᠤ ᠦᠭᠡᠢ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠠᠶᠢᠵᠤ ᠴᠢᠳᠠᠬᠤ ᠦᠭᠡᠢ ᠭᠡᠳᠡᠭ ᠢ ᠲᠡᠦᠬᠡ ᠮᠠᠷᠭᠤᠰᠢ ᠦᠭᠡᠢ ᠲᠤᠳᠤᠷᠬᠠᠶᠢᠯᠠᠪᠠ᠃ ᠲᠡᠦᠬᠡ ᠪᠠ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠢ ᠰᠣᠩᠭᠤᠭᠰᠠᠨ ᠪᠥᠭᠡᠳ ᠳᠤᠮᠳᠠᠳᠤ ᠤᠯᠤᠰ ᠤᠨ ᠡᠪ ᠬᠠᠮᠲᠤ ᠨᠠᠮ ᠴᠤ ᠲᠡᠦᠬᠡ ᠪᠠ ᠠᠷᠠᠳ ᠲᠦᠮᠡᠨ ᠤ ᠰᠣᠩᠭᠤᠯᠲᠠ ᠶᠢ ᠬᠥᠰᠡᠷᠳᠡᠭᠦᠯᠦᠭᠰᠡᠨ ᠦᠭᠡᠢ ᠶᠤᠮ᠃ ᠳᠤᠮᠳᠠᠳᠤ ᠤᠯᠤᠰ ᠤᠨ ᠡᠪ ᠬᠠᠮᠲᠤᠴᠤᠳ ᠤᠨ ᠲᠡᠦᠬᠡ ᠶᠢᠨ ᠢᠲᠡᠭᠡᠯ ᠪᠣᠯ ᠲᠡᠮᠡᠴᠡᠯ ᠤᠨ ᠠᠮᠵᠢᠯᠲᠠ ᠪᠦᠲᠦᠮᠵᠢ ᠶᠢᠨ ᠲᠤᠬᠠᠢ ᠢᠲᠡᠭᠡᠯ ᠪᠣᠯᠬᠤ ᠪᠠᠷ ᠪᠠᠷᠠᠬᠤ ᠦᠭᠡᠢ ᠪᠠᠰᠠ ᠴᠤ ᠲᠡᠮᠡᠴᠡᠯ ᠤᠨ ᠵᠣᠷᠢᠭ ᠰᠠᠨᠠᠭᠠᠨ ᠤ ᠲᠤᠬᠠᠢ ᠢᠲᠡᠭᠡᠯ ᠪᠤᠯᠤᠨ᠎ᠠ ᠭᠡᠵᠦ ᠵᠢᠭᠠᠵᠤ ᠭᠠᠷᠭᠠᠪᠠ᠃
ᠶᠠᠷᠢᠶᠠᠨ ᠳᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠪᠠᠷᠢᠮᠲᠠᠯᠠᠵᠤ᠂ ᠨᠠᠮ ᠤᠨ ᠪᠦᠯᠬᠦᠮᠳᠡᠯ ᠨᠢᠭᠡᠳᠦᠯ ᠢ ᠢᠮᠠᠭᠲᠠ ᠪᠠᠷᠢᠮᠲᠠᠯᠠᠬᠤ ᠬᠡᠷᠡᠭᠲᠡᠢ᠃ ᠨᠠᠮ ᠤᠨ ᠪᠦᠯᠬᠦᠮᠳᠡᠯ ᠨᠢᠭᠡᠳᠦᠯ ᠪᠣᠯ ᠨᠠᠮ ᠪᠠ ᠠᠷᠠᠳ ᠲᠦᠮᠡᠨ ᠤ ᠢᠷᠡᠭᠡᠳᠦᠶ ᠪᠠ ᠬᠤᠪᠢ ᠵᠠᠶᠠᠭ᠎ᠠ ᠲᠠᠢ ᠬᠤᠯᠪᠣᠭᠳᠠᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠬᠤᠯᠪᠣᠭᠳᠠᠬᠤ ᠵᠦᠢᠯ ᠮᠥᠨ᠂ ᠶᠠᠮᠠᠷᠪᠠ ᠦᠶ᠎ᠡ ᠳᠤ ᠶᠠᠮᠠᠷᠪᠠ ᠪᠠᠶᠢᠳᠠᠯ ᠳᠣᠣᠷ᠎ᠠ ᠬᠠᠰᠢ ᠶᠠᠰᠢ ᠪᠠᠶᠢᠵᠤ ᠪᠣᠯᠬᠤ ᠦᠭᠡᠢ᠂ ᠭᠤᠶᠢᠪᠢᠯᠵᠠᠵᠤ ᠪᠣᠯᠬᠤ ᠦᠭᠡᠢ ᠭᠡᠳᠡᠭ ᠢ ᠲᠡᠦᠬᠡ ᠪᠠ ᠪᠣᠳᠠᠲᠤ ᠪᠠᠶᠢᠳᠠᠯ ᠴᠥᠮ ᠭᠡᠷᠡᠴᠢᠯᠡᠵᠤ ᠪᠤᠢ᠃ ᠡᠨᠡ ᠤᠳᠠᠭᠠᠨ ᠤ ᠪᠥᠬᠦᠳᠡ ᠬᠤᠷᠠᠯ ᠤᠨ 《ᠰᠢᠶᠳᠪᠦᠷᠢ》 ᠳᠤ ᠨᠠᠮ ᠤᠨ ᠲᠥᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠣᠨᠴᠠᠭᠠᠶᠢᠯᠠᠨ ᠴᠢᠬᠤᠯᠠᠴᠢᠯᠠᠵᠠᠢ᠂ ᠡᠨᠡ ᠨᠢ ᠳᠠᠷᠤᠶ ᠪᠦᠬᠦ ᠨᠠᠮ ᠢᠶᠠᠷ ᠢᠶᠠᠨ ᠡᠷᠡᠰ ᠭᠤᠶᠢᠪᠢᠰᠢ ᠦᠭᠡᠢ ᠪᠠᠷ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠶ ᠪᠠᠶᠢᠵᠤ᠂ ᠨᠠᠮ ᠤᠨ ᠲᠤᠭ ᠤᠨ ᠳᠣᠣᠷ᠎ᠠ 《ᠬᠠᠲᠠᠭᠤ ᠪᠠᠬᠢ ᠪᠤᠯᠤᠳ ᠲᠡᠮᠦᠷ》 ᠪᠣᠯᠤᠨ ᠪᠦᠯᠬᠦᠮᠳᠡᠵᠦ᠂ ᠠᠯᠬᠤᠮ ᠨᠢᠭᠡᠲᠡᠶ ᠤᠷᠤᠭᠰᠢᠯᠠᠬᠤ ᠶᠢ ᠱᠠᠭᠠᠷᠳᠠᠭᠰᠠᠨ ᠶᠠᠪᠤᠳᠠᠯ ᠮᠦᠨ᠃ ᠨᠠᠮ ᠤᠨ ᠪᠦᠯᠬᠦᠮᠳᠡᠯ ᠨᠢᠭᠡᠳᠦᠯ ᠢ ᠪᠠᠲᠤᠯᠠᠬᠤ ᠳᠤ ᠪᠦᠬᠦ ᠨᠠᠮ ᠢᠶᠠᠷ ᠢᠶᠠᠨ ᠡᠷᠬᠡᠪᠰᠢ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠱᠠᠭᠠᠷᠳᠠᠨ᠎ᠠ ᠭᠡᠵᠦ ᠵᠢᠭᠠᠵᠤ ᠭᠠᠷᠭᠠᠪᠠ᠃
ᠶᠠᠷᠢᠶᠠᠨ ᠳᠤ᠂ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠠᠭᠤᠤ ᠶᠡᠭᠡ ᠲᠡᠮᠡᠴᠡᠯ ᠢ ᠬᠢᠬᠦ ᠵᠣᠷᠢᠭ ᠪᠣᠯᠤᠨ ᠡᠷᠳᠡᠮ ᠴᠢᠳᠠᠪᠤᠷᠢ ᠪᠠᠨ ᠳᠠᠰᠤᠷᠠᠯᠳᠠ ᠦᠬᠡᠢ ᠴᠢᠩᠭᠠᠳᠬᠠᠬᠤ ᠬᠡᠷᠡᠭᠲᠡᠢ᠃ ᠮᠠᠨ ᠤ ᠨᠠᠮ ᠲᠡᠮᠡᠴᠡᠯ ᠳᠤ ᠲᠦᠰᠢᠭᠯᠡᠨ ᠲᠡᠦᠬᠡ ᠶᠢ ᠡᠭᠦᠳᠦᠨ ᠪᠦᠲᠦᠭᠡᠵᠦ᠂ ᠨᠡᠩ ᠴᠤ ᠲᠡᠮᠡᠴᠡᠯ ᠳᠤ ᠲᠦᠰᠢᠭᠯᠡᠨ ᠢᠷᠡᠭᠡᠳᠦᠶ ᠪᠠᠨ ᠲᠡᠮᠡᠴᠡᠨ ᠤᠯᠬᠤ ᠬᠡᠷᠡᠭᠲᠡᠶ᠃ ᠪᠢᠳᠡᠨ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠲᠡᠮᠡᠴᠡᠯ ᠪᠣᠯ ᠣᠬᠤᠷ ᠬᠤᠭᠤᠴᠠᠭᠠᠨ ᠤ ᠬᠢ ᠪᠢᠰᠢ᠂ ᠬᠠᠷᠢᠨ ᠤᠷᠳᠤ ᠬᠤᠭᠤᠴᠠᠭᠠᠨ ᠤ ᠬᠢ ᠪᠠᠶᠢᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠦᠬᠦ ᠶᠠᠪᠤᠴᠠ ᠳᠤ ᠳᠠᠭᠠᠯᠳᠤᠬᠤ ᠪᠣᠯᠤᠨ᠎ᠠ᠃ ᠪᠢᠳᠡ ᠡᠷᠬᠡᠪᠰᠢ ᠠᠭᠤᠤ ᠶᠡᠭᠡ ᠲᠡᠮᠡᠴᠡᠯ ᠤᠨ ᠲᠡᠦᠬᠡᠨ ᠰᠢᠨ᠎ᠡ ᠣᠨᠴᠠᠯᠢᠭ ᠢ ᠡᠵᠡᠮᠰᠢᠬᠦ ᠬᠡᠷᠡᠭᠲᠡᠶ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠭᠯᠡᠯ ᠢ ᠡᠵᠡᠮᠳᠡᠵᠦ᠂ ᠲᠡᠮᠡᠴᠡᠯ ᠤᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠲᠡᠮᠡᠴᠡᠯ ᠤᠨ ᠡᠷᠴᠢ ᠵᠣᠷᠢᠭ ᠢᠶᠠᠨ ᠪᠠᠲᠤᠳᠬᠠᠵᠤ᠂ ᠲᠡᠮᠡᠴᠡᠯ ᠤᠨ ᠵᠢᠮ᠎ᠡ ᠶᠣᠰᠣ ᠶᠢ ᠡᠵᠡᠮᠳᠡᠵᠦ᠂ ᠲᠡᠮᠡᠴᠡᠯ ᠤᠨ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ᠂ ᠴᠢᠬᠤᠯᠠ ᠶᠡᠭᠡ ᠥᠷᠢᠰᠥᠯᠳᠦᠭᠡᠨ ᠢ ᠪᠦᠲᠦᠮᠵᠢᠲᠡᠢ ᠠᠷᠭᠠᠴᠠᠵᠤ᠂ ᠴᠢᠬᠤᠯᠠ ᠶᠡᠭᠡ ᠠᠶᠤᠯ ᠲᠦᠭᠰᠢᠭᠦᠷᠢ ᠶᠢ ᠬᠤᠷᠢᠭᠯᠠᠵᠤ᠂ ᠴᠢᠬᠤᠯᠠ ᠶᠡᠭᠡ ᠬᠠᠷᠰᠢ ᠰᠠᠭᠠᠳ ᠢ ᠢᠯᠠᠨ ᠳᠠᠪᠠᠵᠤ᠂ ᠴᠢᠬᠤᠯᠠ ᠶᠡᠭᠡ ᠵᠥᠷᠢᠴᠡᠯ ᠢ ᠰᠢᠢᠳᠪᠦᠷᠢᠯᠡᠵᠦ᠂ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠰᠢᠨ᠎ᠡ ᠴᠠᠭ ᠦᠶ᠎ᠡ ᠶᠢᠨ ᠠᠭᠤᠤ ᠶᠡᠭᠡ ᠲᠡᠮᠡᠴᠡᠯ ᠤᠨ ᠰᠢᠨ᠎ᠡ ᠢᠯᠠᠯᠲᠠ ᠶᠢ ᠲᠠᠰᠤᠷᠠᠯᠲᠠ ᠦᠭᠡᠢ ᠲᠡᠮᠡᠴᠡᠨ ᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠶᠠᠷᠢᠶᠠᠨ ᠳᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠵᠤ᠂ ᠨᠠᠮ ᠤᠨ ᠴᠢᠨᠠᠷ ᠬᠤᠪᠢᠷᠠᠬᠤ ᠦᠭᠡᠢ᠂ ᠦᠩᠭᠡ ᠬᠤᠪᠢᠷᠠᠬᠤ ᠦᠭᠡᠢ᠂ ᠦᠨᠦᠷ ᠠᠮᠲᠠ ᠬᠤᠪᠢᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠮᠠᠨ ᠤ ᠨᠠᠮ ᠤᠨ ᠲᠡᠦᠬᠡ ᠡᠶᠢᠮᠦ ᠤᠷᠳᠤ᠂ ᠬᠡᠪᠴᠢᠶ᠎ᠡ ᠡᠶᠢᠮᠦ ᠶᠡᠭᠡ᠂ ᠡᠶᠢᠮᠦ ᠤᠷᠳᠤ ᠬᠤᠭᠤᠴᠠᠭ᠎ᠠ ᠲᠦᠷᠦ ᠪᠠᠷᠢᠬᠤ ᠳᠠᠭᠠᠨ ᠰᠠᠮᠠᠭᠤᠷᠠᠯ ᠢ ᠵᠠᠰᠠᠬᠤ ᠮᠠᠨᠳᠤᠵᠤ ᠲᠤᠷᠤᠶᠢᠳᠠᠬᠤ ᠲᠡᠦᠬᠡ ᠶᠢᠨ ᠦᠶᠡᠯᠡᠯ ᠤᠨ ᠵᠢᠮ᠎ᠠ ᠠᠴᠠ ᠬᠡᠷᠬᠢᠨ ᠮᠤᠯᠲᠤᠷᠠᠵᠤ ᠴᠢᠳᠠᠬᠰᠨᠨ ᠪᠤᠢ︖ ᠮᠠᠤ ᠽᠧ ᠳ᠋ᠦᠩ ᠨᠥᠬᠦᠷ ᠶᠠᠨ ᠠᠨ ᠤ ᠨᠦᠭᠡᠠ ᠭᠡᠷ ᠲᠤ ᠨᠢᠭᠡᠳᠦᠭᠡᠷ ᠬᠠᠷᠢᠭᠤᠯᠲᠠ ᠶᠢ ᠥᠭᠴᠡᠶ᠂ ᠡᠨᠡ ᠨᠢ ᠳᠠᠷᠤᠶ 《ᠵᠦᠪᠬᠡᠨ ᠠᠷᠠᠳ ᠲᠦᠮᠡᠨ ᠢᠶᠠᠷ ᠵᠠᠰᠠᠭ ᠤᠨ ᠣᠷᠳᠣᠨ ᠳᠤ ᠬᠢᠨᠠᠯᠲᠠ ᠲᠠᠯᠪᠢᠭᠤᠯᠪᠠᠯ ᠵᠠᠰᠠᠭ ᠤᠨ ᠣᠷᠳᠣᠨ ᠲᠠᠶᠢᠪᠤᠰᠢᠷᠠᠨ ᠰᠤᠯᠠᠷᠠᠵᠤ ᠴᠢᠳᠠᠬᠤ ᠤᠢᠭᠡᠢ ᠪᠤᠯᠤᠨ᠎ᠠ》᠃ ᠵᠠᠭᠤᠨ ᠵᠢᠯ ᠤᠨ ᠲᠡᠮᠡᠴᠡᠯ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠢᠨ᠎ᠡ ᠦᠢᠯᠡᠳᠦᠯᠭᠡ ᠶᠢ ᠦᠩᠬᠡᠷᠡᠬᠦᠯᠬᠦ ᠪᠠᠷ ᠳᠠᠮᠵᠢᠨ᠂ ᠮᠠᠨ ᠤ ᠨᠠᠮ ᠪᠠᠰᠠ ᠬᠤᠶᠠᠳᠤᠭᠠᠷ ᠬᠠᠷᠢᠭᠤᠯᠲᠠ ᠶᠢ ᠥᠭᠴᠡᠢ᠂ ᠡᠨᠡ ᠪᠤᠯ ᠳᠠᠷᠤᠢ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠠᠪᠤᠳᠠᠯ ᠪᠣᠯᠤᠨ᠎ᠠ᠃ ᠮᠠᠨ ᠤ ᠨᠠᠮ ᠳᠤ ᠶᠠᠮᠠᠷ ᠴᠤ ᠥᠪᠡᠷ ᠤᠨ ᠬᠡᠰᠡᠨ ᠣᠨᠴᠠᠭᠠᠢ ᠠᠰᠢᠭ ᠲᠤᠰᠠ ᠭᠡᠵᠦ ᠪᠠᠶᠢᠬᠤ ᠦᠭᠡᠢ᠂ ᠡᠨᠡ ᠪᠣᠯ ᠮᠠᠨ ᠤ ᠨᠠᠮ ᠤᠨ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭᠠᠨ ᠤ ᠡᠬᠢ ᠪᠤᠯᠠᠭ᠂ ᠢᠳᠡᠬᠡᠯ ᠬᠦᠴᠦᠨ ᠮᠥᠨ᠃ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠠᠰᠢᠷᠠᠮ ᠳᠤ᠂ ᠪᠢᠳᠡ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠮᠠᠨ ᠤ ᠡᠨᠡ ᠬᠦ ᠵᠠᠭᠤᠨ ᠵᠢᠯ ᠤᠨ ᠲᠤᠮᠤ ᠨᠠᠮ ᠨᠢ ᠥᠲᠡᠯᠵᠦ ᠮᠤᠨᠤᠬᠤ ᠡᠰᠡᠬᠦ᠂ ᠡᠪᠡᠳᠴᠢᠨ ᠡᠮᠭᠡᠭ ᠲᠤ ᠪᠠᠷᠢᠭᠳᠠᠬᠤ ᠡᠰᠡᠬᠦ ᠶᠢ ᠴᠠᠭ ᠢᠮᠠᠭᠲᠠ ᠰᠡᠷᠡᠮᠵᠢᠯᠡᠬᠦ ᠬᠡᠷᠡᠭᠲᠡᠢ᠃ ᠥᠪᠡᠷ ᠤᠨ ᠪᠡᠶ᠎ᠡ ᠳᠡᠭᠡᠨ ᠬᠢᠬᠦ ᠠᠭᠤᠤ ᠶᠡᠭᠡ ᠬᠤᠪᠢᠰᠬᠠᠯ ᠢᠶᠠᠷ ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠦᠳᠦᠯᠦᠨ ᠳᠠᠭᠠᠭᠤᠯᠵᠤ᠂ ᠠᠭᠤᠤ ᠶᠡᠭᠡ ᠨᠡᠶᠢᠭᠡᠮ ᠤᠨ ᠬᠤᠪᠢᠰᠬᠠᠯ ᠢᠶᠠᠷ ᠥᠪᠡᠷ ᠤᠨ ᠪᠡᠶ᠎ᠡ ᠳᠡᠭᠡᠨ ᠬᠢᠬᠦ ᠠᠭᠤᠤ ᠶᠡᠭᠡ ᠬᠤᠪᠢᠰᠬᠠᠯ ᠢ ᠠᠬᠢᠭᠤᠯᠵᠤ᠂ ᠨᠠᠮ ᠤᠨ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠶᠠᠪᠤᠴᠠ ᠳᠤ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃