ᠵᠤᠬᠢᠶᠠᠭᠴᠢ: ᠴᠠᠭ:2022-01-07 ᠥᠵᠡᠭᠰᠡᠨ : ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠤᠯᠤᠰ ᠤᠨ ᠲᠡᠷᠢᠭᠦᠯᠡᠭᠴᠢ ᠰᠢ ᠶᠢᠨ ᠫᠢᠩ 2022 ᠣᠨ ᠤ ᠰᠢᠨ᠎ᠡ ᠵᠢᠯ ᠤᠨ ᠪᠠᠶᠠᠷ ᠤᠨ ᠦᠭᠡ ᠨᠡᠶᠢᠳᠡᠯᠡᠪᠡ

 

ᠰᠢᠨᠬᠤᠸᠠ ᠬᠤᠷᠢᠶ᠎ᠠ ᠶᠢᠨ ᠪᠡᠭᠡᠵᠢᠩ ᠤᠨ 2021  12  ᠰᠠᠷ᠎ᠠ ᠶᠢᠨ 31 ᠤ  ᠴᠠᠬᠢᠯᠭᠠᠨ ᠮᠡᠳᠡᠭᠡ  ᠰᠢᠨ᠎ᠡ ᠤᠨ ᠤ ᠪᠤᠱᠤᠭᠠᠨ ᠲᠡᠭᠡᠷ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠪᠠ ᠢᠨᠲ᠋ᠧᠷ ᠰᠦᠯᠵᠢᠶ᠎ᠠ ᠪᠠᠷ ᠳᠠᠮᠵᠢᠭᠤᠯᠤᠨ᠂ 2022 ᠤᠨ ᠤ ᠰᠢᠨ᠎ᠡ ᠵᠢᠯ ᠤᠨ ᠪᠠᠶᠠᠷ ᠤᠨ ᠦᠭᠡ ᠨᠡᠶᠢᠳᠡᠯᠡᠪᠠ᠃ ᠪᠦᠬᠦ ᠠᠭᠤᠯᠭ᠎ᠠ ᠨᠢ ᠲᠤᠤᠷᠠᠬᠢ ᠮᠡᠳᠤ᠄    

ᠲᠠ ᠪᠦᠬᠦᠨ ᠰᠠᠶᠢᠨ ᠪᠠᠶᠢᠨ᠎ᠠ ᠤᠤ᠂ 2022 ᠣᠨ ᠤᠳᠠᠯ ᠦᠭᠡᠢ ᠢᠷᠡᠬᠦ ᠪᠣᠯᠤᠯ᠎ᠠ᠂ ᠪᠢ ᠪᠡᠭᠡᠵᠢᠩ ᠠᠴᠠ ᠲᠠ ᠪᠦᠬᠦᠨ ᠳᠤ ᠰᠢᠨ᠎ᠡ ᠵᠢᠯ ᠤᠨ ᠬᠦᠰᠡᠯ ᠵᠥᠩᠨᠡᠯ ᠳᠡᠪᠰᠢᠭᠦᠯᠵᠦ ᠪᠠᠶᠢᠨ᠎ᠠ᠃    

ᠡᠨᠡ ᠨᠢᠭᠡ ᠵᠢᠯ ᠢᠶᠠᠨ ᠡᠷᠭᠢᠴᠡᠭᠦᠯᠬᠦ ᠳᠤ ᠶᠡᠷᠦ ᠪᠤᠰᠤ ᠶᠢᠨ ᠤᠳᠬ᠎ᠠ ᠠᠭᠤᠯᠭ᠎ᠠ ᠲᠠᠢ ᠶᠤᠮ᠃ ᠪᠢᠳᠡ ᠨᠠᠮ ᠪᠠ ᠲᠥᠷᠦ ᠶᠢᠨ ᠲᠡᠦᠬᠡᠨ ᠳᠡᠭᠡᠷᠡᠬᠢ ᠬᠦᠰᠢᠶ᠎ᠠ ᠲᠡᠮᠳᠡᠭ ᠤᠨ ᠴᠢᠨᠠᠷᠲᠠᠢ ᠲᠣᠮᠤ ᠶᠠᠪᠤᠳᠠᠯ ᠤᠳ ᠢ ᠥᠩᠭᠡᠷᠡᠭᠦᠯᠦᠯ᠎ᠡ᠃ 《ᠬᠤᠤᠰ ᠵᠠᠭᠤᠨ ᠵᠢᠯ》 ᠤᠨ ᠲᠡᠮᠡᠴᠡᠬᠦ ᠬᠠᠷᠠᠯᠲᠠ ᠶᠢᠨ ᠲᠡᠦᠬᠡᠨ ᠠᠭᠤᠯᠵᠠᠷ ᠲᠤ ᠪᠢᠳᠡ ᠨᠡᠶᠢᠭᠡᠮ ᠵᠢᠷᠤᠮᠲᠤ ᠣᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠤ᠂ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠶᠠᠨ ᠳᠤ ᠣᠮᠤᠭ ᠲᠡᠭᠦᠯᠳᠡᠷ ᠤᠷᠤᠭᠰᠢᠯᠠᠵᠤ ᠪᠠᠶᠢᠨ᠎ᠠ᠃    

ᠵᠢᠯ ᠤᠨ ᠡᠬᠢᠨ ᠠᠴᠠ ᠵᠢᠯ ᠤᠨ ᠡᠴᠦᠰ ᠪᠤᠯᠲᠠᠯ᠎ᠠ᠂ ᠲᠠᠷᠢᠶᠠᠨ ᠭᠠᠵᠠᠷ᠂ ᠠᠵᠦ ᠠᠬᠤᠶᠢᠯᠠᠯ᠂ ᠨᠡᠶᠢᠭᠡᠮ ᠲᠤᠭᠤᠷᠢᠭ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠴᠡᠷᠢᠭ ᠤᠨ ᠬᠤᠸᠠᠷᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠠᠯᠡᠩ ᠭᠠᠵᠠᠷ ᠁ ᠤᠯᠠᠨ ᠢᠶᠠᠷ ᠢᠶᠠᠨ ᠪᠦᠲᠤᠨ ᠵᠢᠯ ᠶᠠᠭᠠᠷᠠᠯ᠎ᠠ᠂ ᠴᠢᠷᠮᠠᠶᠢᠯ᠎ᠠ᠂ ᠵᠢᠳᠬᠦᠯ᠎ᠡ᠂ ᠣᠯᠣᠯᠲᠠ ᠠᠮᠵᠢᠯᠲᠠ ᠲᠠᠢ ᠴᠤ ᠪᠤᠯᠤᠯ᠎ᠠ᠃ ᠨᠢᠰᠭᠦ ᠮᠡᠲᠦ ᠥᠩᠭᠡᠷᠡᠬᠦ ᠴᠠᠭ ᠤᠨ ᠤᠷᠤᠰᠬᠠᠯ ᠳᠤ ᠪᠢᠳᠠ ᠨᠤᠭᠤᠷᠠᠰᠢ ᠦᠭᠡᠢ᠂ ᠥᠭᠡᠳᠠᠯᠡᠨ ᠮᠠᠨᠳᠣᠬᠰᠠᠨ ᠳᠤᠮᠳᠠᠲᠤ ᠤᠯᠣᠰ ᠢ ᠣᠯᠵᠤ ᠬᠠᠷᠠᠯ᠎ᠠ᠂ ᠣᠶᠢᠯᠠᠭᠠᠨ ᠮᠡᠳᠡᠷᠡᠯ᠎ᠠ᠃ ᠠᠳᠡ ᠬᠠᠶᠢᠷᠠᠯᠠᠯᠲᠠᠢ᠂ ᠬᠦᠨᠳᠦᠳᠬᠡᠭᠦᠰᠢᠲᠡᠢ ᠠᠷᠠᠳ ᠲᠦᠮᠡᠨ ᠪᠤᠢ᠂ ᠡᠳᠦᠷ ᠠᠴᠠ ᠡᠳᠦᠷ ᠬᠤᠪᠢᠷᠠᠨ ᠰᠢᠨᠡᠳᠴᠦ ᠪᠠᠶᠢᠭ᠎ᠠ ᠬᠦᠭᠵᠢᠯᠲᠡ ᠪᠤᠢ᠂ ᠤᠯᠠᠮᠵᠢᠯᠠᠨ ᠵᠠᠯᠭᠠᠮᠵᠢᠯᠠᠵᠤ ᠪᠠᠶᠢᠭ᠎ᠠ ᠠᠵᠢᠯ ᠦᠢᠯᠡᠰ ᠪᠤᠢ᠃    

7  ᠰᠠᠷ᠎ᠠ ᠶᠢᠨ 1 ᠤ ᠡᠳᠤᠷ᠂ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ ᠦᠪᠡᠳᠡᠭᠰᠢ ᠶᠡᠭᠡ ᠪᠠᠷ ᠪᠡᠯᠭᠡᠯᠡᠪᠡ᠃ ᠲᠢᠶᠠᠨ ᠠᠨ ᠮᠧᠨ ᠠᠰᠠᠷ ᠳᠡᠭᠡᠷ᠎ᠡ ᠵᠤᠬᠰᠤᠬᠤ ᠳᠤ ᠰᠡᠳᠭᠢᠯ ᠳᠣᠭᠳᠤᠯᠤᠨ᠎ᠠ᠂ ᠲᠡᠦᠬᠡ ᠶᠢᠨ ᠠᠶᠠᠨ ᠢ ᠡᠷᠭᠢᠴᠡᠭᠦᠯᠪᠡᠯ ᠴᠠᠭ ᠤᠨ ᠪᠠᠶᠢᠳᠠᠯ ᠦᠢᠮᠡᠭᠡᠨ ᠳᠡᠪᠵᠢᠶᠡᠨ ᠢᠶᠠᠷ ᠲᠦᠬᠦᠷᠴᠤ᠂ ᠳᠤᠮᠳᠠᠳᠤ ᠤᠯᠣᠰ ᠤᠨ ᠡᠪ ᠬᠠᠮᠲᠤᠴᠤᠳ ᠲᠦᠭ ᠲᠦᠮᠡᠨ ᠠᠷᠠᠳ ᠲᠦᠮᠡᠨ ᠢ ᠳᠠᠶᠢᠴᠢᠯᠠᠨ ᠳᠠᠭᠠᠭᠤᠯᠵᠤ᠂ ᠮᠢᠩᠭᠠᠨ ᠬᠦᠴᠢᠷ ᠲᠠᠭᠠᠷᠠᠯᠳᠤᠭᠰᠠᠨ ᠴᠤ ᠨᠤᠭᠤᠷᠠᠰᠢ ᠦᠭᠡᠢ ᠲᠡᠮᠡᠴᠡᠵᠤ᠂ ᠲᠦᠮᠡᠨ ᠪᠡᠷᠬᠡ ᠳᠤᠬᠢᠶᠠᠯᠳᠤᠭᠰᠠᠨ ᠴᠤ ᠴᠦᠬᠦᠷᠡᠰᠢ ᠦᠭᠡᠢ ᠵᠢᠳᠭᠦᠭᠰᠡᠭᠡᠷ ᠵᠠᠭᠤᠨ ᠵᠢᠯ ᠤᠨ ᠲᠡᠦᠬᠡ ᠲᠠᠢ ᠲᠣᠮᠤ ᠨᠠᠮ ᠤᠨ ᠠᠭᠤᠤ ᠲᠦᠷᠬᠦ ᠶᠢ ᠪᠦᠳᠦᠬᠡᠭᠰᠡᠨ ᠪᠠᠶᠢᠨ᠎ᠠ᠃ ᠤᠭ ᠰᠠᠨᠠᠭ᠎ᠠ ᠪᠠᠨ ᠦᠯᠦ ᠮᠠᠷᠲᠠᠪᠡᠯ  ᠡᠴᠣᠰ ᠤᠨ ᠬᠠᠷᠠᠯᠲᠠ ᠳᠠᠭᠠᠨ ᠬᠦᠷᠴᠦ ᠴᠢᠳᠠᠨ᠎ᠠ᠃ ᠪᠢᠳᠡ ᠵᠥᠪᠬᠡᠨ ᠡᠷᠡᠯᠬᠡᠭᠯᠡᠨ ᠤᠷᠤᠭᠰᠢᠯᠠᠵᠤ᠂ ᠬᠤᠶᠢᠷᠭᠤᠰᠢᠬᠤ ᠦᠭᠡᠢ ᠰᠢᠳᠤᠷᠭᠤ ᠪᠠᠷ ᠴᠢᠷᠮᠠᠶᠢᠪᠠᠯ  ᠲᠡᠦᠬᠡᠨ ᠳᠤ ᠣᠰᠣᠯᠳᠠᠬᠤ ᠦᠭᠡᠢ᠂ ᠴᠠᠭ ᠦᠶ᠎ᠡ ᠳᠤ ᠣᠰᠤᠯᠳᠠᠬᠤ ᠦᠭᠡᠢ᠂ ᠠᠷᠠᠳ ᠲᠦᠮᠡᠨ ᠳᠤ ᠣᠰᠤᠯᠳᠠᠬᠤ ᠦᠭᠡᠢ ᠪᠠᠶᠢᠵᠤ ᠴᠢᠳᠠᠨ᠎ᠠ᠃

ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠠᠴᠠ ᠨᠠᠮ ᠤᠨ ᠭᠤᠷᠪᠠᠳᠠᠬᠢ ᠲᠡᠦᠬᠡᠨ ᠰᠢᠢᠳᠪᠤᠷᠢ ᠶᠢ ᠪᠠᠲᠤᠯᠠᠭᠰᠠᠨ ᠪᠠᠶᠢᠨ᠎ᠠ᠃ ᠵᠠᠭᠤᠨ ᠵᠢᠯ ᠤᠨ ᠠᠮᠵᠢᠯᠲᠠ ᠨᠢ ᠬᠦᠮᠦᠰ ᠢ ᠵᠣᠷᠢᠭᠵᠢᠭᠤᠯᠵᠤ᠂ ᠵᠠᠭᠤᠨ ᠵᠢᠯ ᠤᠨ ᠲᠤᠷᠰᠢᠯᠭ᠎ᠠ ᠮᠦᠨᠬᠦ᠌ ᠬᠦᠮᠦᠰ ᠢ ᠰᠡᠩᠬᠡᠷᠡᠭᠦᠯᠦᠨ᠎ᠠ᠃ ᠪᠢ ᠲᠤᠬᠠᠢ ᠶᠢᠨ ᠵᠢᠯ ᠤᠨ ᠮᠠᠤ ᠲᠡᠷᠢᠭᠦᠯᠡᠭᠴᠢ ᠪᠠ ᠬᠤᠸᠠᠩ ᠶᠠᠨ ᠫᠢᠩ ᠠᠪᠤᠭᠠᠢ ᠶᠢᠨ 《ᠨᠥᠬᠡᠨ ᠭᠡᠷ ᠲᠠᠬᠢ ᠶᠠᠷᠢᠯᠴᠠᠭ᠎ᠠ》 ᠶᠢ ᠶᠠᠷᠢᠵᠤ ᠦᠩᠭᠡᠷᠡᠪᠡ᠂ ᠪᠢᠳᠡ ᠵᠦᠪᠬᠡᠨ ᠥᠪᠡᠷ ᠤᠨ ᠪᠡᠶ᠎ᠡ ᠳᠡᠭᠡᠨ ᠵᠣᠷᠢᠭᠲᠠᠢ ᠪᠠᠷ ᠬᠤᠪᠢᠰᠬᠠᠯ ᠬᠢᠪᠡᠯ  ᠲᠡᠦᠬᠡ ᠶᠢᠨ ᠰᠠᠨᠠᠭᠠᠴᠢᠯᠠᠭᠠᠲᠤ ᠪᠠᠶᠢᠷᠢ ᠶᠢ ᠡᠵᠡᠮᠳᠡᠵᠤ ᠴᠢᠳᠠᠬᠤ ᠶᠤᠮ᠃ ᠳᠤᠮᠳᠠᠲᠤ ᠶᠢᠨ ᠦᠨᠳᠦᠰᠤᠲᠡᠡ ᠤ ᠠᠭᠤᠤ ᠶᠡᠭᠡ ᠰᠡᠷᠭᠦᠨ ᠮᠠᠨᠳᠤᠯᠲᠠ ᠶᠢ ᠶᠠᠭᠠᠬᠢᠭᠰᠠᠨ ᠴᠦ ᠲᠡᠶᠢᠮᠦ ᠬᠢᠯᠪᠠᠷᠬᠠᠨ ᠢᠶᠠᠷ ᠬᠤᠭᠤᠰᠤᠨ ᠤᠷᠢᠶ᠎ᠠ ᠬᠠᠰᠭᠢᠷᠤᠭᠠᠳ ᠪᠡᠶᠡᠯᠡᠭᠦᠯᠴᠢᠬᠡᠳᠡᠭ ᠪᠢᠰᠢ᠂ ᠪᠠᠰᠠ ᠴᠤ ᠶᠠᠮᠠᠷ ᠴᠤ ᠬᠠᠷᠰᠢ ᠰᠠᠭᠠᠳ ᠦᠭᠡᠢ ᠪᠠᠷ᠂ ᠥᠷᠯᠦᠭᠡ ᠦᠳᠡᠰᠢ ᠶᠢᠨ ᠴᠢᠯᠦᠭᠡᠨ ᠳᠤ ᠪᠡᠶᠡᠯᠡᠭᠦᠯᠴᠢᠬᠡᠳᠡᠭ ᠪᠢᠰᠢ ᠶᠤᠮ᠃ ᠪᠢᠳᠡ ᠢᠮᠠᠬᠳᠠ ᠬᠤᠯᠠ ᠶᠢ ᠪᠣᠳᠤᠯᠬᠢᠯᠠᠵᠤ᠂ ᠠᠮᠤᠷ ᠲᠤᠭᠳᠠᠭᠤᠨ ᠪᠠᠶᠢᠬᠤ ᠦᠶ᠎ᠠ ᠳᠤ ᠠᠶᠤᠯ ᠲᠦᠭᠰᠢᠭᠦᠷᠢ ᠶᠢ ᠦᠯᠦ ᠮᠠᠷᠳᠠᠵᠤ᠂ ᠪᠠᠶᠢᠯᠳᠤᠬᠤ ᠪᠣᠳᠤᠯᠭ᠎ᠠ ᠶᠢᠨ ᠲᠤᠭᠳᠠᠯ ᠬᠦᠴᠦᠨ ᠪᠠ ᠲᠡᠰᠪᠤᠷᠢ ᠲᠡᠪᠴᠢᠶᠡᠷᠢ ᠪᠠᠨ ᠪᠠᠲᠤᠯᠠᠨ᠂ 《ᠠᠭᠤᠳᠠᠮᠴᠢ ᠪᠠᠭᠳᠠᠭᠠᠮᠵᠢ ᠳᠤ ᠬᠦᠷᠬᠦ ᠪᠦᠬᠡᠳ ᠭᠦᠨᠵᠡᠭᠡᠢ ᠨᠠᠷᠢᠯᠢᠭ ᠲᠤ ᠬᠦᠷᠦᠭᠰᠡᠨ ᠪᠠᠶᠢᠬᠤ ᠬᠡᠷᠡᠭᠳᠠᠢ》᠃  

ᠲᠣᠮᠤ ᠤᠯᠤᠰ ᠤᠨ ᠶᠡᠭᠡ ᠶᠠᠪᠤᠳᠠᠯ ᠭᠡᠵᠦ ᠪᠠᠶᠢᠳᠠᠭ᠂ ᠪᠠᠰᠠ ᠲᠣᠮᠤ ᠤᠯᠤᠰ ᠤᠨ ᠴᠢᠬᠤᠯᠠ ᠶᠠᠪᠤᠳᠠᠯ ᠬᠡᠵᠤ ᠪᠠᠶᠢᠳᠠᠭ᠃ ᠡᠭᠡᠳᠡᠷᠡᠭᠡᠨ ᠪᠤᠳᠤᠯᠢᠶᠠᠨᠳᠠᠢ ᠤᠴᠢᠷ ᠶᠠᠪᠤᠳᠠᠯ ᠤᠳ ᠨᠢ ᠬᠡᠷᠡᠭ ᠳᠡᠭᠡᠷ᠎ᠡ ᠪᠠᠨ ᠲᠦᠭ ᠲᠦᠮᠡᠨ ᠠᠶᠢᠯ ᠡᠷᠦᠬᠡ ᠶᠢᠨ ᠤᠴᠢᠷ ᠶᠠᠪᠤᠳᠠᠯ ᠤᠳ ᠪᠤᠯᠤᠨ᠎ᠠ᠃ ᠪᠢ ᠵᠠᠷᠢᠮ ᠭᠠᠵᠠᠷ ᠢᠶᠠᠷ ᠪᠠᠶᠢᠴᠠᠭᠠᠨ ᠰᠤᠳᠤᠯᠵᠦ᠂ ᠴᠥᠭᠡᠨ ᠪᠤᠰᠤ ᠪᠠᠶᠢᠳᠠᠯ ᠢ ᠦᠵᠡᠵᠦ ᠰᠤᠨᠤᠰᠴᠤ᠂ ᠲᠤᠩ ᠶᠡᠭᠡ ᠰᠡᠩᠬᠡᠷᠡᠭᠦᠯᠤᠯ ᠣᠯᠣᠯᠲᠠ ᠲᠠᠢ ᠪᠣᠯᠣᠯ᠎ᠠ᠃ ᠠᠷᠠᠳ ᠶᠢᠨ ᠭᠡᠷ ᠲᠤ ᠬᠦᠷᠬᠦ ᠪᠣᠯᠭᠠᠨ ᠶᠠᠮᠠᠷ ᠬᠦᠴᠢᠷ ᠲᠦᠪᠡᠭ ᠲᠤ ᠲᠤᠯᠭᠠᠷᠠᠵᠤ ᠪᠠᠶᠢᠭ᠎ᠠ ᠶᠢ ᠨᠢ ᠪᠠᠶᠢᠩᠭᠤ ᠠᠰᠠᠭᠤᠵᠤ ᠰᠤᠷᠠᠨ᠂ ᠨᠤᠳᠤᠭ ᠤᠨ ᠠᠬ᠎ᠠ ᠲᠡᠬᠦᠦ ᠨᠠᠷ ᠤᠨ ᠬᠡᠯᠡᠭᠰᠡᠨ ᠦᠬᠡ ᠶᠢ ᠪᠢ ᠴᠦᠮ ᠰᠡᠳᠬᠢᠯ ᠳᠡᠭᠡᠨ ᠴᠡᠭᠡᠵᠢᠯᠡᠵᠦ ᠪᠠᠶᠢᠨ᠎ᠠ᠃    

ᠠᠷᠠᠳ ᠤᠨ ᠵᠤᠪᠠᠨᠢᠯ ᠢ ᠪᠢ ᠯᠠᠪᠳᠠᠢ ᠪᠤᠳᠤᠨ᠎ᠠ︔ ᠠᠷᠠᠳ ᠤᠨ ᠬᠦᠰᠠᠯ ᠢ ᠪᠡᠶᠡᠯᠡᠭᠦᠯᠬᠦ ᠪᠠᠷ ᠪᠢ ᠵᠠᠪᠠᠯ ᠴᠢᠷᠮᠠᠶᠢᠨ᠎ᠠ᠃ ᠪᠢ ᠴᠦ ᠭᠡᠰᠡᠨ ᠬᠥᠳᠡᠭᠡ ᠨᠤᠳᠤᠭ  ᠠᠴᠠ ᠭᠠᠷᠴᠦ ᠢᠷᠡᠭᠰᠠᠨ ᠪᠣᠯᠬᠤᠷ ᠶᠠᠳᠠᠭᠤ ᠬᠦᠴᠢᠷᠳᠡᠯ ᠢ ᠪᠡᠶ᠎ᠡ ᠪᠠᠷ ᠢᠶᠠᠨ ᠥᠩᠭᠡᠷᠡᠭᠦᠯᠦᠭᠰᠡᠨ ᠶᠤᠮ᠃ ᠦᠶ᠎ᠡ ᠦᠶ᠎ᠡ ᠶᠢᠨ ᠬᠥᠮᠤᠰ ᠤᠨ ᠲᠠᠰᠤᠷᠠᠯᠳᠠ ᠦᠭᠡᠢ ᠴᠢᠷᠮᠠᠶᠢᠯᠭ᠎ᠠ ᠪᠠᠷ ᠥᠩᠭᠡᠷᠡᠭᠰᠡᠨ ᠳᠤ ᠶᠠᠳᠠᠭᠤ ᠵᠦᠳᠡᠭᠦᠦ ᠪᠠᠶᠢᠬᠰᠠᠨ ᠬᠥᠮᠤᠰ ᠣᠳᠤ ᠢᠳᠡᠵᠤ ᠡᠮᠦᠰᠬᠦ ᠳᠡᠭᠡᠨ ᠵᠥᠪ ᠪᠣᠯᠵᠤ᠂ ᠬᠠᠯᠠᠭᠤᠨ ᠲᠤᠯᠠᠭᠠᠬᠠᠨ ᠡᠮᠦᠰᠴᠤ᠂ ᠰᠤᠷᠤᠯᠴᠠᠬᠤ ᠠᠴᠠ ᠰᠤᠷᠭᠠᠭᠤᠯᠢ ᠲᠠᠢ᠂ ᠰᠠᠭᠤᠬᠤ ᠠᠴᠠ ᠤᠷᠤᠨ ᠰᠠᠭᠤᠴᠠ ᠲᠠᠢ᠂ ᠡᠮ ᠡᠮᠨᠡᠯᠬᠡ ᠶᠢᠨ ᠳᠠᠭᠠᠳᠬᠠᠯ ᠲᠠᠢ ᠪᠣᠯᠵᠠᠢ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ᠂ ᠶᠠᠳᠠᠭᠤ ᠠᠴᠠ ᠠᠩᠭᠢᠵᠢᠷᠠᠭᠤᠯᠤᠬᠰᠠᠨ ᠪᠣᠯ ᠮᠠᠨ ᠤ ᠨᠠᠮ ᠤᠨ ᠠᠷᠠᠳ ᠲᠦᠮᠡᠨ ᠳᠤ ᠥᠭᠬᠦᠭᠰᠡᠨ ᠲᠤᠰᠢᠶᠠᠯᠳᠠ ᠮᠦᠨ᠂ ᠳᠡᠯᠡᠬᠡᠢ ᠳ᠋ᠡᠬᠢᠨ ᠳᠤ ᠦᠵᠡᠭᠦᠯᠦᠭᠰᠡᠨ ᠬᠤᠪᠢ ᠨᠡᠮᠡᠷᠢ ᠪᠤᠯᠬᠤ ᠶᠤᠮ᠃ ᠠᠷᠠᠳ ᠤᠯᠠᠨ ᠢᠶᠠᠨ ᠨᠡᠩ ᠰᠠᠶᠢᠨ ᠰᠠᠶᠢᠬᠠᠨ ᠠᠮᠢᠳᠤᠷᠠᠭᠤᠯᠬᠤ ᠳᠤ ᠪᠢᠳᠠ ᠣᠳᠣᠬᠠᠨ ᠤ ᠨᠢᠳᠤᠨ ᠡᠮᠦᠨᠡᠬᠢ ᠠᠮᠵᠢᠯᠲᠠ ᠳᠠᠭᠠᠨ ᠰᠡᠳᠭᠢᠯ ᠬᠠᠨᠤᠵᠤ ᠪᠣᠯᠬᠤ ᠦᠭᠡᠢ᠂ ᠶᠠᠪᠤᠬᠤ ᠵᠠᠮ ᠮᠦᠨ ᠬᠦ ᠬᠤᠯᠠ ᠪᠠᠶᠢᠭᠰᠠᠭᠠᠷ᠃    

ᠬᠠᠲᠤᠨ ᠭᠤᠣᠯ ᠤᠨ ᠳᠦᠯᠭᠡᠨ ᠲᠤᠭᠲᠠᠭᠤᠨ ᠪᠠᠶᠢᠬᠤ ᠪᠤᠯ ᠳᠤᠮᠳᠠᠳᠤ ᠶᠢᠨ ᠬᠦᠪᠡᠭᠦᠳ ᠥᠭᠢᠳ ᠤᠨ ᠮᠢᠩᠭᠠᠨ ᠣᠨ ᠤ ᠬᠦᠰᠡᠯ ᠪᠠᠷᠠᠯᠠᠯ ᠶᠤᠮ᠃ ᠣᠶᠢᠷ᠎ᠠ ᠶᠢᠨ ᠵᠢᠯ ᠤᠳ ᠲᠤ ᠪᠢ ᠬᠠᠲᠤᠨ ᠭᠤᠣᠯ ᠤᠨ ᠳᠡᠭᠡᠳᠦ ᠳᠤᠮᠳᠠ ᠳᠣᠣᠷᠠᠳᠤ ᠤᠷᠤᠰᠬᠠᠯ ᠤᠨ 9 ᠮᠤᠵᠢ ᠣᠷᠤᠨ ᠪᠦᠬᠦᠨ ᠳᠤ ᠬᠦᠷᠴᠦ ᠦᠡᠭᠭᠡᠷᠡᠵᠡᠢ᠃ 《ᠡᠬᠡ ᠭᠤᠣᠯ》 ᠪᠣᠯᠤᠭᠰᠠᠨ ᠬᠠᠲᠤᠨ ᠭᠤᠤᠯ᠂ ᠬᠥᠬᠡᠮᠦ᠋ᠷᠡᠨ ᠭᠡᠰᠡᠨ ᠦᠭᠡᠢ᠂ ᠨᠤᠮᠢᠨ ᠳᠣᠯᠭᠢᠶᠠᠨ ᠬᠠᠶᠠᠯᠠᠭᠰᠠᠨ ᠬᠥᠬᠡᠨᠠᠭᠤᠷ᠂ ᠳᠣᠯᠭᠢᠨ ᠤᠷᠤᠰᠬᠠᠯᠲᠤ ᠶᠠᠯᠦᠰᠠᠩᠪᠦ ᠮᠥᠷᠡᠨ ᠭᠡᠰᠡᠨ ᠦᠭᠡᠢ︔ ᠡᠮᠦᠨᠡᠲᠦ ᠶᠢᠨ ᠤᠰᠤ ᠶᠢ ᠤᠮᠠᠷᠠᠰᠢ ᠲᠠᠲᠠᠬᠰᠠᠨ ᠡᠷᠢᠨ ᠵᠠᠭᠤᠨ ᠤ ᠢᠨᠵᠧᠨᠧᠷᠢᠩ ᠭᠡᠰᠡᠨ ᠦᠭᠡᠢ᠂ ᠰᠠᠶᠢᠬᠠᠨᠳᠠᠪᠠᠭ᠎ᠠ ᠤᠢ ᠰᠢᠭᠤᠢ ᠶᠢᠨ ᠲᠠᠯᠠᠪᠠᠢ ᠶᠢᠨ 《ᠨᠣᠮᠢᠨ ᠨᠣᠭᠤᠭᠠᠨ ᠭᠠᠵᠠᠷ ᠤᠨ ᠵᠢᠷᠤᠭ》 ᠭᠡᠰᠡᠨ ᠦᠭᠡᠢ︔ ᠶᠦᠨᠨᠠᠨ ᠤ ᠵᠠᠭᠠᠨ ᠤᠮᠠᠷᠠᠰᠢ ᠶᠠᠪᠤᠵᠦ ᠡᠮᠦᠨᠡᠰᠢ ᠪᠤᠴᠠᠭᠰᠠᠨ ᠭᠡᠰᠡᠨ ᠦᠭᠡᠢ᠂ ᠤᠷᠤᠩᠭᠤ ᠶᠢᠨ ᠦᠷᠡᠵᠢᠯ ᠤᠨ ᠲᠦᠯᠦᠬᠡᠨ ᠤ ᠨᠡᠭᠦᠳᠡᠯ ᠭᠡᠰᠡᠨ ᠦᠭᠡᠢ ᠁ ᠡᠳᠡᠭᠡᠷ ᠨᠢ ᠴᠦᠮ ᠬᠦᠮᠦᠨ ᠬᠦᠬᠡᠮᠳᠦᠭ ᠠᠭᠤᠯᠠ ᠶᠢ ᠬᠦᠰᠡᠷᠳᠡᠬᠦᠯᠬᠦ ᠦᠬᠡᠢ ᠶᠤᠮ ᠪᠤᠯ ᠬᠦᠬᠡᠮᠳᠦᠭ ᠠᠭᠤᠯᠠ ᠯᠠᠪᠳᠠᠢ ᠬᠦᠮᠦᠨ ᠢ ᠬᠦᠰᠡᠷᠳᠡᠬᠦᠯᠬᠦ ᠦᠭᠡᠢ ᠭᠡᠳᠡᠭ ᠢ ᠢᠯᠡᠷᠡᠭᠦᠯᠵᠦ ᠪᠤᠢ᠃    

ᠡᠨᠡ ᠵᠢᠯ ᠪᠠᠰᠠ ᠤᠯᠠᠨ ᠠᠷᠪᠢᠨ ᠮᠠᠷᠲᠠᠭᠳᠠᠰᠢ ᠦᠭᠡᠢ ᠳᠤᠮᠳᠠᠳᠤ ᠤᠯᠣᠰ ᠤᠨ ᠳᠠᠭᠤᠨ᠂ ᠳᠤᠮᠳᠠᠳᠤ ᠤᠯᠤᠰ ᠤᠨ ᠬᠤᠷᠤᠮ᠂ ᠳᠤᠮᠳᠠᠳᠤ ᠤᠯᠤᠰ ᠦᠯᠢᠭᠡᠷ ᠪᠤᠢ᠃ 《ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠣᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ》 ᠭᠡᠰᠡᠨ ᠵᠠᠯᠠᠭᠤᠴᠤᠳ ᠤᠨ ᠲᠠᠩᠭᠠᠷᠢᠭ᠂ 《ᠵᠢᠷᠦᠬᠡᠨ ᠤ ᠬᠠᠶᠢᠷ᠎ᠠ ᠪᠠᠨ ᠵᠥᠪᠬᠡᠨ ᠳᠤᠮᠳᠠᠳᠤ ᠤᠯᠣᠰ ᠲᠠᠭᠠᠨ ᠡᠷᠬᠦᠨ᠎ᠠ》 ᠭᠡᠰᠡᠨ ᠰᠡᠳᠭᠢᠯ ᠤᠨ ᠭᠦᠨ ᠠᠴᠠ ᠤᠨᠳᠤᠷᠤᠬᠰᠠᠨ ᠦᠭᠡ︔ ᠠᠩᠭᠠᠷᠠᠭ ᠢ ᠬᠠᠶᠢᠭᠴᠢ 《ᠵᠦ ᠷᠦᠩ》 ᠬᠠᠶᠢᠭᠤᠷ᠂ ᠨᠠᠷᠠᠨ ᠤ ᠠᠶᠢᠮᠠᠭ ᠢ ᠰᠢᠨᠵᠢᠯᠡᠨ ᠰᠤᠳᠤᠯᠬᠤ 《ᠰᠢ ᠾᠧ》 ᠬᠠᠶᠢᠭᠤᠷ᠂ ᠰᠠᠨᠰᠠᠷ ᠣᠷᠴᠢᠯᠠᠩ ᠢ ᠬᠠᠶᠢᠭᠴᠢ 《ᠲᠢᠶᠠᠨ ᠾᠧ》 ᠬᠠᠶᠢᠭᠤᠷ︔ ᠲᠠᠮᠢᠷᠴᠢᠳ ᠤᠨ ᠲᠡᠭᠦᠯᠳᠡᠷ ᠢᠶᠠᠷ ᠮᠠᠩᠯᠠᠶᠢᠯᠠᠨ ᠲᠡᠷᠢᠭᠦᠯᠡᠬᠦ ᠪᠠᠷ ᠴᠢᠷᠮᠠᠶᠢᠭᠰᠠᠨ︔ ᠤᠯᠣᠰ ᠳᠠᠶᠠᠭᠠᠷ ᠢᠶᠠᠨ ᠡᠷᠡᠰ ᠬᠠᠲᠠᠭᠤᠵᠢᠯᠲᠠᠢ ᠪᠠᠷ ᠬᠢᠵᠢᠭ ᠢ ᠰᠡᠷᠭᠡᠶᠢᠯᠡᠨ ᠡᠵᠡᠮᠳᠡᠭᠰᠡᠨ︔ ᠭᠠᠮᠰᠢᠭᠳᠠᠭᠰᠠᠨ ᠣᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠣᠷᠣᠯᠴᠠᠵᠦ᠂ ᠭᠡᠷ ᠣᠷᠣᠨ ᠢᠶᠠᠨ ᠲᠡᠬᠢᠨ ᠪᠠᠶᠢᠭᠤᠯᠤᠭᠰᠠᠨ︔ ᠠᠷᠠᠳ ᠤᠨ ᠴᠢᠯᠦᠭᠡᠯᠡᠭᠦ ᠴᠡᠷᠢᠭ ᠤᠨ ᠵᠢᠯᠤᠭᠤᠳᠤᠬᠴᠢ ᠪᠠᠶᠢᠯᠳᠤᠭᠴᠢ᠂ ᠵᠡᠪᠰᠡᠭᠲᠦ ᠴᠠᠭᠳᠠᠭᠠᠨ ᠤ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ ᠴᠡᠷᠢᠭ ᠢᠶᠠᠨ ᠬᠦᠴᠦᠷᠬᠡᠭᠵᠢᠭᠦᠯᠬᠦ  ᠪᠠᠷ ᠵᠣᠷᠢᠭ ᠰᠢᠭᠤᠳᠴᠤ᠂ ᠤᠯᠣᠰ ᠬᠡᠷ ᠢᠶᠠᠨ ᠬᠠᠮᠠᠭᠠᠯᠠᠭᠰᠠᠨ ᠁ ᠲᠤᠭᠠᠯᠠᠰᠢ ᠦᠭᠡᠢ ᠤᠯᠠᠨ ᠡᠭᠡᠯ ᠵᠢᠷ ᠤᠨ ᠪᠠᠭᠠᠲᠤᠷᠴᠤᠳ ᠡᠷᠡᠯᠬᠡᠭᠯᠡᠨ ᠲᠡᠮᠡᠴᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠮᠤᠭ ᠲᠡᠭᠦᠯᠳᠡᠷ ᠤᠷᠤᠭᠰᠢᠯᠠᠨ ᠲᠡᠪᠰᠢᠬᠤ ᠰᠦᠷ ᠬᠦᠴᠦᠨ ᠢ ᠪᠦᠷᠢᠯᠳᠦᠭᠦᠯᠦᠭᠰᠡᠨ ᠶᠤᠮ᠃    

ᠡᠬᠡ ᠤᠯᠤᠰ ᠠᠴᠠ ᠰᠢᠶᠠᠩᠭᠠᠩ ᠣᠣᠮᠧᠨ ᠤ ᠬᠥᠭᠵᠢᠯ ᠴᠡᠴᠡᠭᠯᠡᠯ ᠪᠠ ᠲᠣᠭᠲᠠᠭᠤᠨ ᠪᠠᠶᠢᠳᠠᠯ ᠢ ᠡᠬᠡᠨᠡᠭᠳᠡ ᠬᠠᠯᠠᠮᠵᠢᠯᠠᠬᠰᠠᠭᠠᠷ ᠶᠤᠮ᠃ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠦ ᠪᠠᠷ ᠴᠢᠷᠮᠠᠶᠢᠪᠠᠯ 《ᠨᠢᠭᠡ ᠤᠯᠣᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ》 ᠶᠠᠪᠤᠳᠠᠯ  ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ ᠃ ᠡᠭᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠤᠯ ᠲᠠᠶᠢᠸᠠᠨ ᠬᠤᠭᠤᠯᠠᠢ ᠶᠢᠨ ᠬᠤᠶᠠᠷ ᠬᠦᠪᠡᠭᠡ ᠶᠢᠨ ᠠᠬ᠎ᠠ ᠳᠡᠭᠦᠦ ᠨᠡᠷ ᠤᠨ ᠬᠠᠮᠲᠤ ᠶᠢᠨ ᠬᠦᠰᠡᠯ ᠶᠤᠮ᠃ ᠪᠦᠬᠦ ᠳᠣᠮᠳᠠᠳᠣ ᠶᠢᠨ ᠬᠥᠪᠡᠭᠦᠳ ᠦᠬᠢᠳ ᠭᠠᠷ ᠬᠤᠯᠪᠤᠨ ᠤᠷᠤᠬᠰᠢᠯᠠᠵᠤ᠂ ᠳᠣᠮᠳᠠᠳᠣ ᠶᠢᠨ ᠦᠨᠳᠦᠰᠦᠲᠡᠨ ᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠬᠴᠠᠯᠠᠬᠤ ᠶᠢ ᠴᠢᠩ ᠰᠡᠳᠭᠢᠯ ᠎ ᠪᠠᠨ ᠬᠦᠰᠡᠨ ᠪᠠᠷᠠᠯᠠᠵᠦ ᠪᠠᠶᠢᠨ᠎ᠠ᠃    

ᠪᠢ ᠭᠠᠳᠠᠭᠠᠳᠤ ᠶᠢᠨ ᠤᠳᠤᠷᠢᠳᠬᠤ ᠬᠥᠮᠤᠨ ᠪᠣᠯᠣᠨ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠲᠠᠢ ᠤᠲᠠᠰᠤ ᠪᠠᠷ ᠶᠠᠷᠢᠯᠴᠠᠨ᠂ ᠸᠢᠳᠢᠤ᠋ ᠪᠠᠷ ᠬᠤᠯᠪᠤᠭ᠎ᠠ ᠠᠪᠬᠤ ᠦᠶ᠎ᠡ ᠳᠤ᠂ ᠳᠤᠮᠳᠠᠳᠤ ᠤᠯᠣᠰ ᠤᠨ ᠬᠢᠵᠢᠭ ᠲᠠᠢ ᠲᠡᠮᠡᠴᠡᠭᠰᠡᠨ ᠪᠠ ᠪᠦᠬᠦ ᠪᠦᠮᠪᠦᠷᠴᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠦᠵᠡᠬᠦᠯᠦᠭᠰᠡᠨ ᠬᠤᠪᠢ ᠨᠡᠮᠡᠷᠢ ᠶᠢ ᠲᠡᠳᠡ ᠣᠯᠠᠨ ᠤᠳᠠᠭ᠎ᠠ ᠮᠠᠭᠲᠠᠨ ᠰᠠᠶᠢᠰᠢᠶᠠᠭᠰᠠᠨ ᠪᠠᠶᠢᠨ᠎ᠠ᠃ ᠣᠳᠤᠬᠠᠨ ᠪᠤᠯᠳᠠᠯ᠎ᠠ᠂ ᠳᠤᠮᠳᠠᠳᠤ ᠤᠯᠤᠰ 120 ᠭᠠᠷᠤᠢ ᠤᠯᠤᠰ ᠪᠠ ᠣᠯᠠᠨ ᠤᠯᠤᠰ ᠤᠨ ᠵᠣᠬᠢᠶᠠᠨ ᠪᠠᠶᠢᠭᠤᠯᠤᠯᠳᠠ ᠳᠤ 20 ᠳ᠋ᠦᠩᠰᠢᠭᠤᠷ ᠲᠠᠷᠢᠯᠭ᠎ᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠬᠠᠩᠭᠠᠵᠠᠢ᠃ ᠳᠡᠯᠡᠬᠡᠢ ᠶᠢᠨ ᠡᠯ᠎ᠡ ᠤᠯᠣᠰ ᠬᠦᠴᠢᠷ ᠪᠡᠷᠬᠡ ᠶᠢ ᠬᠠᠮᠳᠤ ᠪᠠᠷ ᠲᠤᠭᠤᠯᠵᠤ᠂ ᠪᠦᠯᠬᠦᠮᠳᠡᠨ ᠬᠠᠮᠳᠤᠷᠠᠯᠴᠠᠪᠠᠯ  ᠬᠦᠮᠦᠨ ᠲᠥᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠨ ᠶᠢ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ᠃    

ᠰᠠᠷ᠎ᠠ ᠭᠠᠷᠤᠢ ᠶᠢᠨ ᠲᠠᠷᠠᠭ᠎ᠠ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ  ᠲᠠᠮᠢᠷ ᠤᠨ ᠴᠤᠭᠯᠠᠭᠠᠨ᠂ ᠡᠪᠤᠯ ᠤᠨ ᠤᠯᠠᠷᠢᠯ ᠵᠡᠮᠳᠡᠭᠴᠦᠳ ᠤᠨ ᠣᠯᠢᠮᠫᠢᠺ ᠤᠨ  ᠲᠠᠮᠢᠷ ᠤᠨ ᠴᠤᠭᠯᠠᠭᠠᠨ ᠡᠬᠢᠯᠡᠨ᠎ᠡ᠃ ᠨᠡᠩ ᠤᠯᠠᠨ ᠬᠦᠮᠦᠰ ᠢ ᠴᠠᠰᠤ ᠮᠥᠰᠤᠨ ᠤ  ᠲᠡᠮᠢᠷ ᠤᠨ ᠬᠥᠳᠡᠯᠭᠡᠭᠡᠨ ᠳᠤ ᠣᠷᠤᠯᠴᠠᠭᠤᠯᠬᠤ ᠨᠢ ᠣᠯᠢᠮᠫᠢᠺ ᠤᠨ  ᠲᠠᠮᠢᠷ ᠤᠨ ᠬᠦᠳᠡᠯᠬᠡᠬᠡᠨ ᠤ ᠭᠤᠤᠯ ᠠᠴᠢ ᠬᠤᠯᠪᠤᠭᠳᠠᠯ ᠪᠣᠯᠤᠨ᠎ᠠ᠃ ᠪᠢᠳᠠ ᠦᠨᠡᠨ ᠰᠡᠳᠬᠢᠯ ᠢᠶᠠᠷ ᠢᠶᠠᠨ ᠴᠢᠷᠮᠠᠶᠢᠵᠤ ᠳᠡᠯᠡᠬᠡᠢ ᠳ᠋ᠠᠬᠢᠨ ᠳᠤ ᠨᠢᠭᠡ ᠬᠤᠭᠤᠴᠠᠭᠠᠨ ᠤ ᠣᠯᠢᠮᠫᠢᠺ ᠤᠨ ᠦᠪᠡᠳᠡᠭᠰᠢ ᠴᠤᠭᠯᠠᠭᠠᠨ ᠢ ᠡᠷᠬᠦᠨ᠎ᠠ᠃ ᠳᠤᠮᠳᠠᠳᠤ ᠤᠯᠤᠰ ᠢ ᠳᠡᠯᠡᠬᠡᠢ ᠪᠠᠷ ᠢᠶᠠᠨ ᠬᠦᠰᠡᠨ ᠬᠦᠯᠢᠶᠡᠵᠦ ᠪᠤᠢ᠂ ᠳᠤᠮᠳᠠᠳᠤ ᠤᠯᠤᠰ ᠪᠡᠯᠡᠬᠡᠨ ᠪᠣᠯᠤᠯ᠎ᠠ᠃    

ᠰᠢᠨ᠎ᠡ ᠣᠨ ᠤ ᠬᠤᠩᠬᠤ ᠶᠢᠨ ᠳᠠᠭᠤᠨ ᠤᠳᠠᠯ ᠦᠭᠡᠢ ᠳᠤᠤᠭᠠᠷᠬᠤ ᠪᠣᠯᠤᠯ᠎ᠠ᠃ ᠮᠠᠨ ᠤ ᠭᠤᠷᠪᠠᠨ ᠰᠠᠨᠰᠠᠷᠴᠢᠨ ᠶᠠᠭ ᠰᠠᠨᠰᠠᠷ ᠣᠷᠴᠢᠯᠠᠩ ᠳᠤ ᠠᠵᠢᠯᠯᠠᠬᠰᠠᠭᠠᠷ ᠪᠠᠶᠢᠨ᠎ᠠ᠂ ᠭᠠᠳᠠᠭᠠᠳᠤ ᠳᠤ ᠪᠠᠶᠢᠭ᠎ᠠ ᠠᠬ᠎ᠠ ᠳᠡᠭᠦᠦ ᠨᠠᠷ ᠮᠥᠨ ᠯᠡ ᠰᠢᠷᠭᠠᠭᠤ ᠠᠵᠢᠯᠯᠠᠬᠰᠠᠭᠠᠷ ᠪᠠᠶᠢᠨ᠎ᠠ᠂ ᠡᠯᠴᠢᠨ ᠰᠠᠶᠢᠳ ᠺᠤᠨᠰᠦ᠋ᠯ ᠤᠨ ᠭᠠᠵᠠᠷ᠂ ᠳᠤᠮᠳᠠᠳᠤ ᠤᠯᠤᠰ ᠤᠨ ᠪᠡᠯᠡ ᠣᠷᠤᠭᠤᠯᠤᠭᠰᠠᠨ ᠠᠵᠦ ᠠᠬᠤᠶᠢᠯᠠᠯ ᠵᠡᠷᠭᠡ ᠭᠠᠳᠠᠭᠠᠳᠤ ᠳᠤ ᠲᠣᠮᠢᠯᠠᠨ ᠰᠠᠭᠤᠯᠭᠠᠭᠰᠠᠨ ᠠᠵᠢᠯᠲᠠᠨ ᠪᠣᠯᠤᠨ ᠭᠠᠳᠠᠭᠠᠳᠤ ᠳᠤ ᠰᠤᠷᠤᠯᠴᠠᠵᠦ ᠪᠠᠶᠢᠭ᠎ᠠ ᠥᠷᠭᠡᠨ ᠣᠯᠠᠨ ᠣᠶᠤᠲᠠᠨ ᠮᠥᠨ ᠯᠡ ᠠᠵᠢᠯ ᠰᠤᠷᠤᠯᠭ᠎ᠠ ᠶᠢᠨ ᠪᠠᠶᠢᠷᠢ ᠪᠠᠨ ᠪᠠᠲᠤ ᠰᠠᠬᠢᠵᠤ᠂ ᠲᠤᠭ᠎ᠠ ᠲᠣᠮᠰᠢ ᠦᠭᠡᠢ ᠬᠦᠰᠡᠯ ᠵᠡᠭᠦᠳᠦ ᠪᠠᠨ ᠬᠥᠭᠡᠭᠡᠴᠡᠯᠳᠦᠭᠰᠡᠳ ᠮᠦᠨ ᠬᠦ ᠴᠢᠷᠮᠠᠶᠢᠨ ᠲᠡᠮᠡᠴᠡᠵᠦ ᠬᠤᠪᠢ ᠨᠡᠮᠡᠷᠢ ᠦᠵᠡᠭᠦᠯᠦᠭᠰᠡᠬᠡᠷ ᠪᠠᠶᠢᠨ᠎ᠠ᠃ ᠲᠠ ᠨᠠᠷ ᠵᠦᠳᠡᠷᠡᠯ᠎ᠡ᠂ ᠪᠢ ᠲᠠ ᠨᠠᠷ ᠲᠤ ᠰᠢᠨ᠎ᠡ ᠵᠢᠯ ᠤᠨ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠤ ᠪᠠᠶᠢᠨ᠎ᠠ᠃    

ᠪᠢᠳᠠ ᠢᠷᠡᠭᠡᠳᠦᠢ ᠲᠡᠶᠢᠰᠢ ᠬᠠᠮᠳᠤ ᠳᠠᠭᠠᠨ ᠤᠷᠤᠭᠰᠢᠯᠠᠵᠠᠭᠠᠶ᠎ᠠ᠂ ᠲᠥᠷᠦ ᠲᠦᠪᠰᠢᠨ ᠲᠦᠮᠡᠨ ᠠᠮᠤᠭᠤᠯᠠᠩ ᠪᠠᠶᠢᠬᠤ ᠶᠢ ᠵᠥᠩᠨᠡᠶ᠎ᠡ︕

 

 


   :                    
   :           
备案序号:蒙ICP备05003250号 公安备案15010502000173