ᠵᠤᠬᠢᠶᠠᠭᠴᠢ: ᠴᠠᠭ:2022-01-07 ᠥᠵᠡᠭᠰᠡᠨ : ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ 2022 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠸᠠᠩ ᠯᠢ ᠰᠢᠶᠠ ᠯᠢ ᠰᠢᠤ ᠯᠢᠩ ᠬᠤᠷᠠᠯ ᠳᠤ ᠣᠷᠣᠯᠴᠠᠵᠠᠢ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ 2022 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠸᠠᠩ ᠯᠢ ᠰᠢᠶᠠ ᠯᠢ ᠰᠢᠤ ᠯᠢᠩ ᠬᠤᠷᠠᠯ ᠳᠤ ᠣᠷᠣᠯᠴᠠᠵᠠᠢ

2022  1  ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠣᠭᠲᠠᠭᠰᠠᠨ ᠠᠭᠤᠯᠭ᠎ᠠ ᠶᠢᠨ ᠲᠣᠭᠤᠷᠢᠨ ᠳᠤ ᠭᠦᠨᠵᠡᠭᠡᠢ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃    

ᠬᠤᠷᠠᠯ ᠠᠴᠠ ᠡᠮᠦᠨ᠎ᠡ᠂ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠥᠪᠡᠷ ᠢᠶᠠᠨ ᠨᠠᠷᠢᠨ ᠬᠢᠨᠠᠮᠠᠭᠠᠶ ᠰᠤᠷᠤᠯᠴᠠᠪᠠ᠃ ᠬᠤᠷᠠᠯ ᠳᠡᠭᠡᠷ᠎ᠡ᠂ ᠸᠠᠩ ᠯᠢ ᠰᠢᠶᠠ᠂ ᠯᠢᠦ ᠱᠤᠸᠠᠩ᠂ ᠶᠠᠩ ᠸᠧᠢ ᠳ᠋ᠦᠩ᠂ ᠪᠣᠣ ᠭᠠᠩ᠂ ᠵᠧᠩ ᠬᠤᠩ ᠹᠠᠨ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠬᠤᠸᠠᠩ ᡁᠢ ᠴᠢᠶᠠᠩ᠂ ᠬᠦᠦᠳᠠᠭᠤᠯᠠ᠂ ᠢᠤᠢ ᠯᠢ ᠰᠢᠨ ᠤᠷᠢᠳ ᠬᠤᠵᠢᠳ ᠦᠭᠡ ᠬᠡᠯᠡᠪᠡ᠃ ᠣᠯᠠᠨ ᠢᠶᠠᠷ ᠢᠶᠠᠨ ᠨᠠᠮ ᠤᠨ ᠳᠡᠥᠬᠡ ᠶᠢ ᠰᠤᠷᠤᠯᠴᠠᠬᠤ᠂ ᠦᠵᠡᠯ ᠰᠠᠨᠠᠭ᠎ᠠ ᠪᠠᠨ ᠰᠡᠭᠡᠭᠡᠷᠡᠭᠦᠯᠬᠦ᠂ ᠪᠤᠳᠠᠳᠤ ᠶᠠᠪᠤᠳᠠᠯ ᠬᠢᠬᠦ᠂ ᠰᠢᠨ᠎ᠡ ᠪᠠᠶᠢᠳᠠᠯ ᠢ   ᠲᠠᠢ ᠤᠶᠠᠯᠳᠤᠭᠤᠯᠤᠨ᠂ ᠲᠣᠰ ᠪᠡᠶ᠎ᠡ ᠶᠢᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠤᠷᠤᠯᠴᠠᠭᠰᠠᠨ ᠣᠯᠤᠯᠲᠠ ᠪᠠ ᠲᠥᠷᠥᠭᠳᠡᠯ ᠢᠶᠠᠨ ᠭᠦᠨᠵᠡᠭᠡᠶ ᠰᠣᠯᠢᠯᠴᠠᠵᠤ᠂ ᠲᠡᠦᠬᠡ ᠶᠢᠨ ᠢᠲᠡᠭᠡᠯ ᠢᠶᠠᠨ ᠪᠠᠲᠤᠳᠬᠠᠬᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠬᠦ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠭᠢᠯᠭᠡ ᠪᠠᠨ ᠵᠤᠵᠠᠭᠠᠳᠬᠠᠬᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠲᠠᠯ᠎ᠠ ᠪᠠᠷ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠬᠠᠮᠰᠠᠷ ᠢᠶᠠᠨ ᠴᠢᠩᠭᠠᠳᠬᠠᠨ᠂ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠪᠠ᠃    

ᠱᠢ ᠲᠠᠢ ᠹᠧᠩ᠂ ᠶᠡᠷᠦᠩᠬᠡᠶ ᠱᠦᠵᠢ ᠰᠢ ᠶᠢᠨ ᠫᠢᠩ ᠤᠨ ᠲᠡᠦᠬᠡ ᠶᠢᠨ ᠢᠲᠡᠭᠡᠯ ᠢᠶᠠᠨ ᠨᠡᠮᠡᠭᠳᠡᠭᠦᠯᠬᠦ ᠲᠤᠬᠠᠶ ᠴᠢᠬᠤᠯᠠ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠲᠡᠦᠬᠡ ᠶᠢᠨ ᠤᠬᠠᠮᠰᠠᠷ ᠢᠶᠠᠨ ᠴᠢᠩᠭᠠᠳᠬᠠᠨ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠨᠠᠩ ᠢᠲᠡᠭᠡᠯ ᠲᠡᠭᠦᠯᠳᠡᠷ ᠢᠶᠠᠷ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠪᠠᠶᠢᠭᠤᠯᠬᠤ ᠬᠡᠷᠡᠭᠲᠡᠶ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠨ ᠢᠯᠡ ᠲᠣᠳᠣ ᠣᠨᠴᠠᠯᠢᠭ ᠪᠣᠯ ᠳᠠᠷᠤᠢ ᠢᠲᠡᠭᠡᠯ ᠲᠡᠭᠦᠯᠳᠡᠷ ᠪᠠᠶᠢᠬᠤ ᠶᠠᠪᠤᠳᠠᠯ ᠮᠥᠨ᠂ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ᠂ ᠤᠷᠤᠭᠰᠢᠲᠠᠢ ᠪᠠᠶᠢᠭᠰᠠᠨ ᠴᠤ ᠲᠡᠷᠡ᠂ ᠪᠡᠷᠬᠡ ᠬᠦᠴᠢᠷ ᠲᠠᠢ ᠪᠠᠶᠢᠭᠰᠠᠨ ᠴᠤ ᠲᠡᠷᠡ᠂ ᠶᠠᠮᠠᠷ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠪᠤᠯᠤᠨ ᠠᠶᠤᠯ ᠲᠦᠭᠰᠢᠭᠦᠷᠢ ᠰᠢᠯᠭᠠᠯᠲᠠ ᠳᠤ ᠲᠤᠯᠭᠠᠷᠠᠭᠰᠠᠨ ᠴᠤ ᠢᠮᠠᠭᠲᠠ ᠢᠲᠡᠭᠡᠯ ᠵᠣᠷᠢᠭ ᠢᠶᠠᠨ ᠪᠠᠲᠤᠳᠬᠠᠨ ᠤᠷᠤᠭᠰᠢᠯᠠᠪᠠ᠃ ᠨᠠᠮ ᠤᠨ ᠲᠡᠦᠬᠡ ᠶᠢᠨ ᠢᠲᠡᠭᠡᠯ ᠪᠣᠯ ᠬᠡᠢ ᠬᠤᠭᠤᠰᠣᠨ ᠢᠶᠠᠷ ᠢᠷᠡᠭᠰᠡᠨ ᠪᠢᠰᠢ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠳᠤ ᠬᠤᠷᠠᠮᠳᠤᠵᠤ᠂ ᠨᠠᠮ ᠤᠨ ᠬᠦᠰᠡᠯᠡᠩ ᠢᠲᠡᠭᠡᠯ ᠪᠢᠰᠢᠷᠡᠯ᠂ ᠰᠢᠨᠵᠢ ᠴᠢᠨᠠᠷ ᠵᠣᠷᠢᠯᠲᠠ ᠪᠣᠯᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠲᠤᠮᠳᠠ ᠪᠤᠢ ᠪᠤᠯᠵᠤ ᠡᠭᠦᠰᠦᠭᠰᠡᠨ ᠶᠤᠮ᠂ ᠦᠨᠳᠦᠰᠦ ᠨᠢ ᠨᠠᠮ ᠤᠨ ᠲᠡᠷᠢᠭᠦᠨ ᠤ ᠴᠢᠨᠠᠷ᠂ ᠨᠠᠮ ᠤᠨ ᠬᠢᠵᠦ ᠪᠠᠶᠢᠭ᠎ᠠ ᠠᠵᠢᠯ ᠦᠢᠯᠡᠰ ᠤᠨ ᠰᠢᠳᠤᠷᠭᠤ ᠶᠣᠰᠣᠴᠢ ᠴᠢᠨᠠᠷ᠂ ᠮᠠᠷᠺᠰ ᠤᠨ ᠦᠵᠡᠯ ᠤᠨ ᠦᠨᠡᠨ ᠶᠣᠰᠣᠴᠢ ᠴᠢᠨᠠᠷ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠰᠣᠩᠭᠤᠬᠤ ᠵᠠᠶᠢᠯᠠᠰᠢ ᠦᠭᠡᠢ ᠴᠢᠨᠠᠷ ᠲᠤ ᠪᠤᠢ᠃ ᠪᠢᠳᠡ ᠲᠡᠦᠬᠡ ᠶᠢᠨ ᠢᠲᠡᠭᠡᠯ ᠢᠶᠠᠨ ᠨᠡᠮᠡᠭᠳᠡᠭᠦᠯᠬᠦ ᠳᠤ᠂ ᠮᠠᠨ ᠤ ᠨᠠᠮ ᠶᠠᠮᠠᠷ ᠶᠠᠪᠤᠳᠠᠯ ᠬᠢᠭᠰᠡᠨ᠂ ᠶᠠᠭᠤ ᠶᠢ ᠬᠢᠵᠦ ᠪᠦᠲᠦᠭᠡᠭᠰᠡᠨ ᠲᠤᠬᠠᠢ ᠢᠲᠡᠭᠡᠯ ᠵᠣᠷᠢᠭ ᠢᠶᠠᠨ ᠨᠡᠮᠡᠭᠳᠡᠭᠦᠯᠬᠦ ᠪᠠᠷ ᠪᠠᠷᠠᠬᠤ ᠦᠭᠡᠢ᠂ ᠪᠠᠰᠠ ᠮᠠᠨ ᠤ ᠨᠠᠮ ᠶᠠᠭᠠᠬᠢᠭᠠᠳ ᠢᠩᠭᠢᠵᠦ ᠬᠢᠭᠰᠡᠨ᠂ ᠶᠠᠭᠠᠬᠢᠭᠠᠳ ᠬᠢᠵᠤ ᠪᠦᠳᠦᠬᠡᠵᠤ ᠴᠢᠳᠠᠬᠰᠠᠨ ᠪᠡ ᠶᠠᠭᠠᠬᠢᠭᠠᠳ ᠵᠦᠪᠬᠡᠨ ᠳᠤᠮᠳᠠᠳᠤ ᠤᠯᠤᠰ ᠤᠨ ᠡᠪ ᠬᠠᠮᠲᠤ ᠨᠠᠮ  ᠬᠢᠵᠦ ᠪᠦᠲᠦᠭᠡᠵᠦ ᠴᠢᠳᠠᠬᠤ ᠲᠤᠬᠠᠢ ᠢᠲᠡᠭᠡᠯ ᠢᠶᠠᠨ ᠨᠡᠮᠡᠭᠳᠡᠭᠦᠯᠵᠦ᠂ ᠮᠠᠨ ᠤ ᠢᠲᠡᠭᠡᠨ ᠪᠢᠰᠢᠷᠡᠵᠦ ᠪᠠᠶᠢᠭ᠎ᠠ ᠮᠠᠷᠺᠰ ᠤᠨ ᠦᠵᠡᠯ ᠪᠣᠯ ᠰᠢᠨᠵᠢᠯᠡᠬᠦ ᠤᠬᠠᠭᠠᠨᠴᠢ ᠮᠥᠨ᠂ ᠦᠨᠡᠨ ᠶᠣᠰᠣ ᠮᠥᠨ᠂ ᠮᠠᠨ ᠤ ᠶᠠᠪᠤᠵᠤ ᠪᠠᠶᠢᠭ᠎ᠠ ᠵᠠᠮ ᠪᠣᠯ ᠲᠦᠷᠦ ᠶᠢᠨ ᠡᠷᠬᠡ ᠶᠢ ᠲᠦᠮᠡᠨ ᠤ ᠬᠢ ᠪᠣᠯᠭᠠᠬᠤ ᠬᠥᠮᠦᠨ ᠤ ᠶᠢᠷᠲᠢᠨᠴᠦ ᠶᠢᠨ ᠲᠥᠪ ᠶᠣᠰᠣ ᠮᠥᠨ᠂ ᠮᠠᠨ ᠤ ᠨᠠᠮ ᠤᠨ ᠲᠡᠮᠡᠴᠡᠯ ᠤᠨ ᠵᠣᠷᠢᠭ ᠰᠠᠨᠠᠭ᠎ᠠ ᠪᠣᠯ ᠬᠦᠴᠦᠨ ᠴᠢᠳᠠᠯ ᠢᠶᠠᠷ ᠪᠢᠯᠬᠠᠮ᠎ᠠ᠂ ᠬᠦᠴᠦᠨ ᠴᠢᠳᠠᠯ ᠢᠶᠠᠷ ᠬᠠᠮᠤᠭ ᠤᠨ ᠴᠢᠩᠭ᠎ᠠ ᠪᠠᠶᠢᠳᠠᠭ ᠭᠡᠳᠡᠭ ᠢ ᠨᠡᠩ ᠭᠦᠨᠵᠡᠭᠡᠢ ᠲᠠᠨᠢᠵᠤ᠂ ᠬᠡᠷᠡᠭ ᠤᠴᠢᠷ ᠤᠨ ᠦᠡᠭᠭᠡᠨ ᠲᠠᠯ᠎ᠠ ᠶᠢ ᠨᠢ ᠮᠡᠳᠡᠬᠦ ᠶᠢᠨ ᠬᠠᠮᠲᠤ ᠨᠡᠩ ᠴᠣ᠋ ᠮᠦᠨ ᠴᠢᠨᠠᠷ ᠢ ᠨᠢ ᠤᠶᠢᠯᠠᠭᠠᠵᠤ᠂ ᠵᠠᠶᠢᠯᠠᠰᠢ ᠦᠭᠡᠢ ᠴᠢᠨᠠᠷ ᠢ ᠨᠢ ᠲᠠᠨᠢᠵᠤ ᠴᠢᠳᠠᠬᠤ ᠶᠢ ᠪᠡᠶᠡᠯᠡᠬᠦᠯᠬᠦ ᠬᠡᠷᠡᠭᠲᠡᠢ᠃ ᠲᠡᠦᠬᠡ ᠶᠢᠨ ᠢᠲᠡᠭᠡᠯ ᠢᠶᠠᠨ ᠨᠡᠮᠡᠭᠳᠡᠭᠦᠯᠬᠦ ᠳᠤᠮᠳᠠ ᠲᠡᠦᠬᠡ ᠶᠢᠨ ᠤᠬᠠᠮᠰᠠᠷ ᠢᠶᠠᠨ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠴᠢᠩᠭᠠᠳᠬᠠᠵᠤ᠂ ᠲᠡᠦᠬᠡ ᠶᠢᠨ ᠵᠢᠮ᠎ᠡ ᠶᠣᠰᠣ ᠶᠢ ᠨᠡᠩ ᠰᠠᠶᠢᠲᠤᠷ ᠡᠵᠡᠮᠳᠡᠵᠦ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠲᠡᠦᠬᠡᠲᠦ ᠡᠭᠦᠷᠭᠡ ᠪᠠᠨ ᠨᠡᠩ ᠰᠠᠶᠢᠲᠤᠷ ᠡᠭᠦᠷᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃    

ᠱᠢ ᠲᠠᠢ ᠹᠧᠩ᠂ ᠶᠡᠷᠦᠩᠬᠡᠢ ᠱᠦᠵᠢ ᠰᠢ ᠶᠢᠨ ᠫᠢᠩ ᠤᠨ ᠲᠡᠮᠡᠴᠡᠯ ᠤᠨ ᠵᠣᠷᠢᠭ ᠰᠠᠨᠠᠭ᠎ᠠ ᠶᠢ ᠴᠢᠩᠭᠠᠳᠬᠠᠬᠤ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠲᠡᠮᠡᠴᠡᠯ ᠤᠨ ᠡᠷᠳᠡᠮ ᠴᠢᠳᠠᠪᠤᠷᠢ ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠪᠠᠨ ᠡᠷᠡᠰ ᠪᠠᠳᠤ ᠡᠬᠦᠷᠬᠡᠯᠡᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠨᠢ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ ᠂ ᠨᠠᠮ ᠪᠣᠯᠤᠨ ᠠᠷᠠᠳ ᠲᠦᠮᠡᠨ ᠤ ᠣᠯᠤᠭᠰᠠᠨ ᠠᠯᠢᠪᠠ ᠠᠮᠵᠢᠯᠲᠠ ᠪᠦᠲᠦᠮᠵᠢ ᠶᠢ ᠴᠥᠮ ᠲᠡᠮᠡᠴᠡᠯ ᠢᠶᠠᠷ ᠲᠠᠮᠵᠢᠨ ᠣᠯᠤᠭᠰᠠᠨ ᠶᠤᠮ᠃ ᠣᠳᠣᠬᠠᠨ ᠳᠤ ᠥᠪᠥᠷ ᠮᠣᠩᠭᠤᠯ ᠶᠠᠭ ᠡᠯ᠎ᠡ ᠲᠥᠷᠥᠯ ᠤᠨ ᠵᠥᠷᠢᠴᠡᠯ ᠪᠠ ᠲᠦᠭᠰᠢᠭᠦᠷᠢ ᠠᠮᠠᠷᠬᠠᠨ ᠡᠭᠦᠰᠭᠦ ᠬᠤᠭᠤᠴᠠᠭᠠᠨ ᠳᠤ ᠣᠷᠣᠰᠢᠵᠤ ᠪᠤᠢ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠬᠢᠴᠠ ᠳᠤᠮᠳᠠᠬᠢ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠡᠭᠦᠷᠭᠡᠯᠡᠵᠦ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠦᠭᠬᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ᠂ ᠡᠷᠬᠡᠪᠰᠢ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠪᠠ ᠬᠠᠷᠰᠢ ᠰᠠᠭᠠᠳ ᠲᠠᠢ ᠵᠣᠷᠢᠭᠲᠠᠶ ᠪᠠᠷ ᠲᠡᠮᠡᠴᠡᠬᠦ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠮᠤᠵᠢ ᠶᠢᠨ ᠲᠡᠰ ᠤᠨ ᠤᠳᠤᠷᠢᠳᠬᠤ ᠺᠠᠳ᠋ᠷᠴᠤᠳ ᠡᠪ ᠬᠠᠮᠲᠤᠴᠤᠳ ᠤᠨ ᠵᠣᠷᠢᠭᠲᠠᠢ ᠪᠠᠷ ᠲᠡᠮᠡᠴᠡᠯ ᠬᠢᠬᠦ ᠵᠠᠩ ᠴᠢᠨᠠᠷ᠂ ᠴᠢᠬᠡᠴᠢ ᠵᠣᠷᠢᠭ᠂ ᠴᠢᠩ ᠵᠢᠷᠤᠮ᠂ ᠰᠥᠰᠥ ᠵᠣᠷᠢᠭ ᠢᠶᠠᠨ ᠢᠮᠠᠭᠲᠠ ᠪᠠᠲᠤᠯᠠᠵᠤ᠂ ᠬᠦᠨᠳᠦ ᠶᠡᠭᠡ ᠥᠷᠢᠰᠥᠯᠳᠦᠭᠡᠨ ᠢ ᠪᠦᠲᠦᠮᠵᠢᠲᠡᠢ ᠠᠷᠭᠠᠴᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠬᠤᠷᠢᠭᠯᠠᠵᠤ᠂ ᠬᠦᠨᠳᠦ ᠶᠡᠭᠡ ᠬᠠᠷᠰᠢ ᠰᠠᠭᠠᠳ ᠢ ᠢᠯᠠᠨ ᠳᠠᠪᠠᠵᠤ᠂ ᠬᠦᠨᠳᠦ ᠶᠡᠭᠡ ᠵᠥᠷᠢᠴᠡᠯ ᠢ ᠰᠢᠢᠳᠪᠦᠷᠢᠯᠡᠵᠦ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠢ ᠲᠠᠰᠤᠷᠠᠯᠳᠠ ᠦᠭᠡᠢ ᠤᠷᠤᠬᠰᠢ  ᠠᠬᠢᠭᠤᠯᠬᠤ ᠬᠡᠷᠡᠭᠲᠡᠢ᠃ ᠤᠳᠤ ᠨᠢᠭᠡᠨᠲᠡ ᠨᠢᠭᠡᠳᠦᠭᠡᠷ ᠤᠯᠠᠷᠢᠯ ᠳᠤ ᠣᠷᠣᠪᠠ᠂ ᠡᠷᠬᠡᠪᠰᠢ ᠨᠠᠮ ᠤᠨ ᠲᠥᠪ ᠬᠤᠷᠢᠶᠠᠨ ᠤ ᠡᠨᠡ ᠵᠢᠯ ᠤᠨ ᠠᠵᠤ ᠠᠬᠤᠢ ᠶᠢᠨ ᠠᠵᠢᠯ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠲᠤᠬᠠᠢ ᠴᠢᠬᠤᠯᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠶᠢ ᠪᠠᠲᠤᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠵᠤ᠂ ᠵᠣᠷᠢᠭᠲᠠᠢ ᠪᠠᠷ ᠵᠦᠷᠢᠴᠡᠯ ᠳᠤ ᠰᠢᠭᠤᠳ ᠬᠠᠨᠳᠤᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠨᠡᠨ ᠬᠦ ᠴᠢᠩᠭ᠎ᠠ ᠠᠳᠬᠤᠵᠤ᠂ ᠦᠨᠡᠨ ᠬᠦ ᠪᠣᠳᠠᠲᠠᠢ ᠨᠠᠶᠢᠳᠠᠪᠤᠷᠢᠵᠢᠭᠤᠯᠬᠤ ᠶᠢ ᠲᠦᠷᠭᠡᠳᠬᠡᠵᠤ᠂ ᠡᠯ᠎ᠡ ᠵᠦᠢᠯ ᠤᠨ ᠠᠵᠢᠯ ᠢ ᠤᠷᠤᠬᠰᠢ  ᠠᠬᠢᠭᠤᠯᠵᠤ᠂ ᠠᠵᠤ ᠠᠬᠤᠢ ᠶᠢᠨ ᠡᠷᠭᠢᠯᠲᠡ ᠶᠢ ᠲᠣᠭᠲᠠᠭᠤᠨ ᠪᠠᠶᠢᠯᠭᠠᠵᠤ᠂ ᠰᠢᠯᠢᠳᠡᠭ  ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃

 


   :                    
   :           
备案序号:蒙ICP备05003250号 公安备案15010502000173