ᠵᠤᠬᠢᠶᠠᠭᠴᠢ: ᠴᠠᠭ:2022-01-07 ᠥᠵᠡᠭᠰᠡᠨ : ᠢᠷᠡᠯᠲᠡ: ᠢᠷᠡᠯᠲᠡ᠄ ᠥᠪᠥᠷ ᠮᠣᠩᠭᠤᠯ ᠤᠨ     ᠵᠠᠰᠠᠭ ᠤᠨ ᠣᠷᠳᠣᠨ  
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠯᠥᠪᠵᠢᠭᠦᠯᠭᠡ︾ ᠨᠡᠶᠢᠲᠡᠯᠡᠭᠳᠡᠪᠡ

 

ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠯᠥᠪᠵᠢᠭᠦᠯᠭᠡ》 ᠳᠤ ᠲᠠᠶᠢᠯᠤᠮᠵᠢ ᠬᠢᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠯᠥᠪᠵᠢᠭᠦᠯᠭᠡ》 ︵ᠳᠣᠷᠣᠭᠰᠢ 《ᠲᠥᠯᠥᠪᠵᠢᠭᠦᠯᠭᠡ》 ᠭᠡᠵᠦ ᠲᠣᠪᠴᠢᠯᠠᠨ᠎ᠠ︶ ᠶᠢ ᠲᠣᠭᠲᠠᠭᠠᠭᠰᠠᠨ ᠶᠠᠪᠤᠴᠠ᠂ ᠭᠤᠤᠯ ᠠᠭᠤᠯᠭ᠎ᠠ ᠪᠠ ᠬᠠᠮᠢᠶ᠎ᠠ ᠪᠥᠬᠦᠶ ᠪᠠᠶᠢᠳᠠᠯ ᠢ ᠵᠠᠷᠯᠠᠨ ᠮᠡᠳᠡᠭᠳᠡᠪᠡ᠃    

ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠯᠥᠪᠵᠢᠭᠦᠯᠭᠡ》 ᠶᠢ ᠥᠪᠡᠷᠲᠡᠭᠡᠨ ᠵᠠᠰᠠᠬᠤ ᠣᠷᠣᠨ ᠤ 《N》 ᠲᠥᠷᠥᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠤᠰᠬᠠᠶ ᠲᠥᠯᠥᠪᠵᠢᠭᠦᠯᠭᠡ ᠳᠤ ᠵᠢᠭᠰᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ  ᠳᠠᠷᠤᠮᠠᠯᠯᠠᠨ ᠲᠠᠷᠬᠠᠭᠠᠪᠠ᠃ 《ᠲᠥᠯᠥᠪᠵᠢᠭᠦᠯᠭᠡ》 ᠶᠢ ᠨᠠᠶᠢᠷᠠᠭᠤᠯᠤᠨ ᠵᠣᠬᠢᠶᠠᠬᠤ ᠠᠵᠢᠯ 2020 ᠣᠨ ᠤ 7 ᠳ᠋ᠤᠭᠠᠷ ᠰᠠᠷ᠎ᠠ ᠠᠴᠠ ᠡᠬᠢᠯᠡᠵᠦ᠂ ᠮᠠᠨ ᠤ ᠣᠷᠣᠨ ᠤ 《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠠᠮᠵᠢᠯᠲᠠ ᠶᠢ ᠪᠦᠬᠦ ᠲᠠᠯ᠎ᠠ ᠪᠠᠷ ᠳ᠋ᠦᠩᠨᠡᠵᠦ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠷᠢᠳ ᠬᠤᠵᠢᠳ 12 ᠠᠶᠢᠮᠠᠭ ᠬᠤᠲᠠ ᠳᠤ ᠬᠦᠷᠴᠦ 2 ᠡᠭᠡᠯᠵᠢ ᠶᠢᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠲᠤᠭᠤᠷᠪᠢᠨ ᠪᠢᠴᠢᠬᠦ ᠶᠠᠪᠤᠴᠠ ᠳᠤ 30 ᠭᠠᠷᠤᠶ ᠵᠥᠪᠯᠡᠯ ᠠᠯᠪᠠᠨ ᠬᠡᠷ ᠲᠢᠩᠬᠢᠮ ᠲᠣᠪᠴᠢᠶ᠎ᠠ ᠪᠣᠯᠤᠨ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠵᠢᠴᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠠᠮᠢᠶ᠎ᠠ ᠪᠥᠬᠦᠶ ᠠᠵᠢᠯ ᠲᠥᠷᠥᠯ ᠤᠨ ᠨᠡᠶᠢᠭᠡᠮᠯᠢᠭ ᠵᠡᠷᠭᠡ ᠠᠴᠠ ᠥᠷᠭᠡᠨ ᠢᠶᠠᠷ ᠰᠠᠨᠠᠯ ᠬᠤᠷᠢᠶᠠᠵᠤ᠂ ᠨᠢᠮᠪᠠᠶ ᠰᠦᠪᠡᠭᠴᠢᠯᠡᠬᠦ ᠪᠠ ᠰᠢᠨᠵᠢᠯᠡᠬᠦ ᠤᠬᠠᠭᠠᠨᠴᠢ ᠨᠤᠲᠠᠯᠠᠯᠲᠠ ᠬᠢᠬᠦ ᠪᠠᠷ ᠳᠡᠮᠵᠢᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠯᠥᠪᠵᠢᠭᠦᠯᠭᠡ》 ᠶᠢ ᠨᠠᠶᠢᠷᠠᠭᠤᠯᠤᠨ ᠪᠢᠴᠢᠪᠡ᠃    

《ᠲᠥᠯᠥᠪᠵᠢᠭᠦᠯᠭᠡ》 ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠶᠡᠷᠦᠩᠬᠡᠶ ᠬᠠᠷᠠᠯᠲᠠ ᠶᠢ ᠲᠣᠳᠣᠷᠬᠠᠶᠢᠯᠠᠪᠠ᠂ ᠲᠤᠬᠠᠶᠢᠯᠠᠪᠠᠯ 《ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠵᠤ᠂ ᠠᠷᠠᠳ ᠤᠨ ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠭᠤᠣᠯᠳᠠᠯᠭ᠎ᠠ ᠪᠠᠨ ᠲᠥᠪᠯᠡᠷᠡᠭᠦᠯᠵᠦ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ》  ᠲᠣᠭᠤᠷᠢᠨ ᠳᠤ᠂ 2025 ᠣᠨ ᠪᠣᠯᠬᠤ ᠳᠤ᠂ ᠨᠢᠭᠡᠳᠦᠯᠲᠡᠢ ᠪᠥᠭᠡᠳ ᠨᠡᠭᠡᠭᠡᠯᠲᠡᠲᠡᠢ᠂ ᠥᠷᠢᠰᠥᠯᠳᠦᠭᠡᠨ ᠲᠠᠢ ᠪᠥᠭᠡᠳ ᠡᠮᠬᠢ ᠵᠢᠷᠤᠮ ᠲᠠᠢ᠂ ᠦᠨᠡᠨᠴᠢ ᠢᠲᠡᠭᠡᠮᠵᠢᠲᠡᠢ ᠪᠥᠭᠡᠳ ᠬᠠᠤᠯᠢ ᠶᠢ ᠰᠠᠬᠢᠬᠤ᠂ ᠬᠢᠨᠠᠯᠲᠠ ᠬᠠᠮᠢᠶᠠᠷᠤᠯᠲᠠ ᠬᠦᠴᠦᠲᠡᠢ ᠤᠳᠤ ᠦᠶ᠎ᠡ ᠶᠢᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠵᠤ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠦᠷᠢᠯᠳᠦᠭᠦᠯᠵᠦ᠂ ᠨᠠᠮ ᠤᠨ ᠬᠤᠷᠢᠶ᠎ᠠ  ᠤᠳᠤᠷᠢᠳᠤᠭᠰᠠᠨ᠂ ᠵᠠᠰᠠᠭ ᠤᠨ ᠣᠷᠳᠣᠨ ᠭᠤᠣᠯᠴᠢᠯᠠᠨ ᠵᠢᠯᠤᠭᠤᠳᠤᠭᠰᠠᠨ᠂ ᠰᠠᠯᠠᠭ᠎ᠠ ᠮᠥᠴᠢᠷ ᠬᠤᠯᠪᠣᠭᠠᠯᠠᠭᠰᠠᠨ᠂ ᠠᠵᠤ ᠠᠬᠤᠶᠢᠯᠠᠯ ᠭᠤᠣᠯᠯᠠᠨ ᠬᠠᠷᠢᠭᠤᠴᠠᠭᠰᠠᠨ᠂ ᠨᠡᠶᠢᠭᠡᠮ ᠳᠠᠶᠠᠭᠠᠷ ᠣᠷᠣᠯᠴᠠᠭᠰᠠᠨ ᠶᠡᠭᠡ ᠶᠠᠰᠤ ᠴᠢᠨᠠᠷ ᠤᠨ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ᠃ ᠡᠭᠦᠨ ᠤ ᠬᠠᠮᠲᠤ᠂ 《ᠲᠥᠯᠥᠪᠵᠢᠭᠦᠯᠭᠡ》 ᠨᠢ ᠬᠡᠮᠵᠢᠶ᠎ᠡ ᠲᠣᠭᠲᠠᠭᠠᠬᠤ ᠠᠷᠭ᠎ᠠ ᠬᠡᠯᠪᠡᠷᠢ ᠪᠠᠷ ᠲᠦᠮᠡᠨ ᠬᠥᠮᠦᠨ ᠪᠦᠷᠢ ᠳᠤ ᠥᠨᠳᠥᠷ ᠥᠷᠲᠡᠭᠲᠦ ᠡᠭᠦᠳᠦᠯᠲᠡ ᠶᠢᠨ ᠲᠤᠰᠬᠠᠶ ᠠᠰᠢᠭ ᠤᠨ ᠪᠠᠶᠢᠬᠤ ᠬᠡᠮᠵᠢᠶ᠎ᠡ᠂ ᠬᠡᠷᠡᠭᠯᠡᠭᠡ ᠶᠢᠨ ᠵᠠᠭᠠᠯᠳᠤᠯᠭ᠎ᠠ ᠶᠢ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠬᠤ ᠨᠣᠷᠮ᠎ᠠ᠂ ᠦᠢᠯᠡᠳᠬᠡᠯ ᠤᠨ ᠦᠢᠯᠡᠰ ᠤᠨ ᠦᠢᠯᠡᠳᠬᠦᠨ ᠤ ᠶᠠᠰᠤ ᠴᠢᠨᠠᠷ ᠤᠨ ᠬᠢᠷᠢ ᠲᠡᠩᠴᠡᠭᠰᠡᠨ ᠨᠣᠷᠮ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠬᠠᠨᠤᠮᠵᠢ ᠶᠢᠨ ᠬᠡᠮᠵᠢᠶ᠎ᠡ᠂ ᠴᠢᠨᠠᠷᠯᠢᠭ ᠬᠥᠭᠵᠢᠯᠲᠡ ᠶᠢ ᠠᠬᠢᠭᠤᠯᠬᠤ ᠪᠠᠷᠢᠮᠵᠢᠶ᠎ᠠ ᠲᠣᠭᠲᠠᠯᠴᠠᠭᠠᠨ ᠤ ᠲᠥᠷᠥᠯ ᠵᠦᠢᠯ ᠢ ᠪᠠᠶᠢᠭᠤᠯᠬᠤ ᠵᠡᠷᠭᠡ 5 ᠴᠢᠬᠤᠯᠠ ᠵᠢᠱᠢᠯᠲᠡ ᠶᠢᠨ ᠴᠢᠨᠠᠷᠲᠠᠶ ᠭᠦᠢᠴᠡᠳᠬᠡᠯ ᠲᠤᠭ᠎ᠠ᠂ ᠵᠢᠴᠢ ᠲᠠᠰᠢᠷᠠᠮ ᠳᠤ ᠨᠢ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠳᠠᠩᠰᠠ ᠶᠢ ᠬᠠᠮᠤᠷᠤᠭᠤᠯᠬᠤ᠂ ᠢᠯᠡᠴᠢᠯᠡᠨ ᠮᠡᠳᠡᠭᠦᠯᠦᠭᠰᠡᠨ ᠢ ᠲᠣᠭᠲᠠᠭᠰᠠᠨ ᠬᠤᠭᠤᠴᠠᠭᠠᠨ ᠳᠤ ᠬᠠᠷᠭᠤᠭᠤᠯᠤᠨ ᠪᠠᠶᠢᠴᠠᠭᠠᠬᠤ ᠨᠣᠷᠮ᠎ᠠ᠂ ᠮᠢᠩᠭᠠᠨ ᠬᠥᠮᠦᠨ ᠤ ᠲᠠᠷᠢᠶᠠᠯᠠᠩ ᠤᠨ ᠪᠦᠲᠦᠭᠡᠭᠳᠡᠬᠦᠨ ᠪᠠ ᠢᠳᠡᠭᠡᠨ ᠢ ᠰᠢᠯᠭᠠᠨ ᠪᠠᠶᠢᠴᠠᠭᠠᠬᠤ ᠬᠡᠮᠵᠢᠶ᠎ᠡ᠂ ᠢᠳᠡᠭᠡᠨ ᠢ ᠰᠤᠭᠤᠴᠢᠨ ᠪᠠᠶᠢᠴᠠᠭᠠᠵᠤ ᠠᠰᠠᠭᠤᠳᠠᠯ ᠢ ᠰᠢᠢᠳᠪᠦᠷᠢᠯᠡᠬᠦ ᠨᠣᠷᠮ᠎ᠠ᠂ ᠦᠨᠳᠦᠰᠦᠨ ᠡᠮ ᠤᠨ ᠵᠦᠢᠯ ᠤᠨ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ᠂ ᠲᠦᠮᠡᠨ ᠰᠠᠤᠷᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠦᠬᠦᠯᠲᠡ ᠶᠢᠨ ᠨᠣᠷᠮ᠎ᠠ ᠵᠡᠷᠭᠡ 6 ᠬᠢᠵᠠᠭᠠᠷᠯᠠᠬᠤ ᠴᠢᠨᠠᠷᠲᠠᠶ ᠴᠢᠬᠤᠯᠠ ᠭᠦᠢᠴᠡᠳᠬᠡᠯ ᠲᠤᠭ᠎ᠠ ᠶᠢ ᠳᠤᠷᠠᠳᠤᠨ ᠭᠠᠷᠭᠠᠪᠠ᠃    

《ᠲᠥᠯᠥᠪᠵᠢᠭᠦᠯᠭᠡ》 ᠳᠤ ᠪᠠᠰᠠ ᠰᠢᠨᠡᠴᠢᠯᠡᠯᠲᠡ ᠶᠢᠨ ᠴᠢᠨᠠᠷᠲᠠᠶ ᠪᠠᠷ 《4+4》 ᠡᠭᠦᠷᠭᠡ ᠶᠢᠨ ᠵᠠᠭᠪᠤᠷ ᠢ ᠳᠤᠷᠠᠳᠤᠨ ᠭᠠᠷᠭᠠᠵᠠᠶ᠂ ᠲᠤᠬᠠᠶᠢᠯᠠᠪᠠᠯ᠄ 4 ᠣᠷᠴᠢᠨ ᠨᠥᠬᠦᠴᠡᠯ ᠢ ᠰᠢᠯᠢᠳᠡᠭᠵᠢᠭᠦᠯᠵᠦ᠂ 4 ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ︵ᠠᠭᠤᠵᠢᠭᠤ ᠪᠥᠭᠡᠳ ᠳᠥᠭᠦᠮ ᠳᠥᠲᠡ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠣᠷᠴᠢᠨ ᠨᠥᠬᠦᠴᠡᠯ ᠢ ᠪᠤᠢ ᠪᠣᠯᠭᠠᠬᠤ᠂ ᠲᠥᠪ ᠭᠤᠣᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠣᠷᠴᠢᠨ ᠨᠥᠬᠦᠴᠡᠯ ᠢ ᠪᠤᠢ ᠪᠣᠯᠭᠠᠬᠤ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠤᠢ ᠪᠣᠯᠭᠠᠬᠤ᠂ ᠥᠨᠳᠥᠷ ᠪᠠᠷᠢᠮᠵᠢᠶᠠᠲᠤ ᠶᠠᠰᠤ ᠴᠢᠨᠠᠷ ᠤᠨ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠬᠤ᠂ ᠣᠳᠣᠬᠢᠴᠢᠯᠠᠭᠰᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠬᠤ᠂ ᠥᠨᠳᠥᠷ ᠦᠷ᠎ᠡ ᠪᠦᠲᠦᠮᠵᠢᠲᠡᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠠᠶᠢᠭᠤᠯᠬᠤ᠂ ᠤᠯᠠᠨ ᠡᠰᠢᠲᠦ ᠬᠤᠷᠠᠮᠠᠯ ᠬᠠᠮᠵᠢᠯᠴᠠᠨ ᠬᠠᠮᠲᠤ ᠪᠠᠷ ᠵᠠᠰᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠲᠤᠯᠭᠠᠭᠤᠷᠢᠯᠠᠯ ᠤᠨ ᠲᠣᠭᠲᠠᠯᠴᠠᠭ᠎ᠠ ᠶᠢ ᠪᠠᠬᠢᠵᠢᠭᠦᠯᠬᠦ︶᠃ 37 ᠵᠦᠢᠯ ᠤᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠲᠣᠬᠢᠷᠠᠭᠤᠯᠵᠤ᠂ ᠣᠳᠣᠬᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠩ ᠤᠨ ᠠᠵᠢᠯ ᠢ ᠬᠠᠮᠤᠷᠤᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠬᠡᠷᠡᠭᠴᠡᠭᠡ ᠶᠢ ᠬᠠᠮᠲᠤ ᠳᠤ ᠨᠢ ᠬᠠᠷᠠᠭᠠᠯᠵᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠳᠤ 《ᠲᠤᠮᠤ ᠵᠠᠬ᠎ᠠ ᠳᠡᠯᠭᠡᠭᠦᠷ》 ᠢ ᠪᠠᠶᠢᠭᠤᠯᠬᠤ᠂ 《ᠲᠤᠮᠤ ᠶᠠᠰᠤ ᠴᠢᠨᠠᠷ》 ᠢ ᠳᠡᠭᠡᠭᠰᠢᠯᠡᠭᠦᠯᠬᠦ᠂ 《ᠲᠤᠮᠤ ᠬᠢᠨᠠᠯᠲᠠ ᠬᠠᠮᠢᠶᠠᠷᠤᠯᠲᠠ》 ᠶᠢ ᠪᠣᠳᠠᠲᠠᠶᠢᠵᠢᠭᠤᠯᠬᠤ ᠳᠤ ᠦᠨᠳᠦᠰᠦ ᠪᠠᠷᠢᠮᠲᠠ ᠬᠠᠩᠭᠠᠬᠤ ᠶᠢᠨ ᠬᠠᠮᠲᠤ ᠭᠦᠢᠴᠡᠳ ᠣᠷᠣᠨ ᠵᠠᠶ ᠦᠯᠡᠳᠡᠭᠡᠪᠡ᠃ ᠡᠭᠦᠨ ᠤ ᠬᠠᠮᠲᠤ᠂ 《ᠲᠥᠯᠥᠪᠵᠢᠭᠦᠯᠭᠡ》 ᠨᠢ ᠴᠢᠨᠠᠷᠯᠢᠭ ᠬᠥᠭᠵᠢᠯᠲᠡ ᠳᠤ ᠦᠢᠯᠡᠴᠢᠯᠡᠬᠦ᠂ 《ᠬᠤᠶᠠᠷ ᠰᠠᠭᠤᠷᠢᠨ》 ᠳᠤ ᠦᠢᠯᠡᠴᠢᠯᠡᠬᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠬᠤ ᠭᠤᠷᠪᠠᠨ ᠲᠠᠯ᠎ᠠ ᠶᠢᠨ ᠲᠣᠭᠤᠷᠢᠨ ᠳᠤ᠂ 16 ᠴᠢᠬᠤᠯᠠ ᠶᠡᠭᠡ ᠲᠥᠷᠥᠯ ᠵᠦᠢᠯ ᠢ ᠳᠣᠭᠢᠷᠠᠭᠤᠯᠵᠤ᠂ ᠪᠣᠳᠠᠲᠠᠶ ᠶᠢ ᠡᠷᠬᠢᠮᠯᠡᠬᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠪᠠ᠃

 

 

 


   :                    
   :           
备案序号:蒙ICP备05003250号 公安备案15010502000173