ᠵᠤᠬᠢᠶᠠᠭᠴᠢ: ᠴᠠᠭ:2022-01-07 ᠥᠵᠡᠭᠰᠡᠨ : ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠱᠢ ᠲᠠᠢ ᠹᠧᠩ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠤᠭᠤᠮᠳᠠ ᠪᠠᠷ ᠦᠡᠭᠭᠡᠷᠡᠬᠦ ᠪᠠᠶᠢᠳᠠᠯ ᠤᠨ ᠸᠢᠳᠢᠣ᠋ ᠲᠤᠬᠢᠷᠠᠭᠤᠯᠤᠯᠲᠠ ᠶᠢᠨ ᠬᠤᠷᠠᠯ ᠳᠡᠭᠡᠷ᠎ᠡ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠤ ᠭᠠᠳᠠᠨ᠎ᠠ ᠠᠴᠠ ᠭᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠪᠣᠭᠤᠮᠲᠠ ᠪᠠᠷ ᠦᠡᠭᠭᠡᠷᠡᠬᠦ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ

ᠱᠢ ᠲᠠᠢ ᠹᠧᠩ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠤᠭᠤᠮᠳᠠ ᠪᠠᠷ ᠦᠡᠭᠭᠡᠷᠡᠬᠦ ᠪᠠᠶᠢᠳᠠᠯ ᠤᠨ ᠸᠢᠳᠢᠣ᠋ ᠲᠤᠬᠢᠷᠠᠭᠤᠯᠤᠯᠲᠠ ᠶᠢᠨ ᠬᠤᠷᠠᠯ ᠳᠡᠭᠡᠷ᠎ᠡ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠤ ᠭᠠᠳᠠᠨ᠎ᠠ ᠠᠴᠠ ᠭᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠪᠣᠭᠤᠮᠲᠠ ᠪᠠᠷ ᠦᠡᠭᠭᠡᠷᠡᠬᠦ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ

2021  12  ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠤᠭᠤᠮᠳᠠ ᠪᠠᠷ ᠦᠡᠭᠭᠡᠷᠡᠬᠦ ᠪᠠᠶᠢᠳᠠᠯ ᠤᠨ ᠸᠢᠳᠢᠣ᠋ ᠲᠤᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠶᠠᠷᠢᠶ᠎ᠠ ᠲᠠᠯᠪᠢᠪᠠ᠃ ᠲᠡᠷᠡ᠂ ᠬᠢᠯᠢ ᠶᠢᠨ ᠪᠣᠭᠤᠮᠲᠠ ᠪᠣᠯ ᠭᠠᠳᠠᠭᠠᠳᠤ ᠨᠡᠭᠡᠭᠡᠯᠲᠡ ᠶᠢᠨ ᠴᠢᠬᠤᠯᠠ ᠴᠤᠩᠬᠤᠪᠴᠢ ᠮᠥᠨ᠂ ᠪᠠᠰᠠ ᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠂ 《ᠰᠡᠷᠭᠡᠶᠢᠯᠡᠬᠦ》 ᠪᠠ 《ᠲᠠᠯᠪᠢᠬᠤ》 ᠶᠢᠨ ᠬᠠᠷᠢᠴᠠᠭ᠎ᠠ ᠶᠢ ᠵᠥᠪ ᠰᠢᠶᠳᠪᠦᠷᠢᠯᠡᠵᠦ᠂ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠪᠣᠭᠤᠮᠲᠠ ᠪᠠᠷ ᠦᠡᠭᠭᠡᠷᠡᠬᠦ ᠬᠤᠶᠠᠷ ᠶᠡᠭᠡ ᠶᠠᠪᠤᠳᠠᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠬᠤᠶᠠᠷ ᠲᠠᠯ᠎ᠠ ᠪᠠᠷ ᠠᠳᠬᠤᠬᠤ ᠪᠦᠭᠡᠳ ᠴᠢᠩᠭ᠎ᠠ ᠠᠳᠬᠤᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃    

ᠬᠤᠷᠠᠯ ᠠᠴᠠ ᠮᠠᠨᠵᠤᠤᠷ᠂ ᠡᠷᠢᠶᠡᠨ᠂ ᠮᠠᠨᠳᠤᠯ᠂ ᠭᠠᠭᠴᠠᠮᠤᠳᠤ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠪᠠ ᠪᠤᠭᠤᠮᠳᠠ ᠪᠠᠷ ᠦᠡᠭᠭᠡᠷᠡᠵᠤ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    

ᠱᠢ ᠲᠠᠢ ᠹᠧᠩ᠂ ᠡᠨᠡ ᠵᠢᠯ ᠠᠴᠠ ᠨᠠᠭᠠᠰᠢ ᠮᠠᠨ ᠤ ᠣᠷᠣᠨ ᠤ ᠬᠡᠰᠡᠭ ᠬᠢᠯᠢ ᠶᠢᠨ ᠪᠣᠭᠤᠮᠲᠠ ᠶᠢᠨ ᠭᠠᠵᠠᠷ ᠣᠷᠣᠨ ᠳᠤ ᠬᠢᠵᠢᠭ ᠤᠨ ᠪᠠᠶᠢᠳᠠᠯ ᠵᠠᠯᠭᠠᠭ᠎ᠠ ᠪᠠᠷ ᠡᠭᠦᠰᠴᠦ᠂ ᠮᠠᠰᠢ ᠮᠠᠭᠤ ᠨᠦᠯᠦᠭᠡ ᠪᠤᠯᠵᠤ᠂ ᠲᠤᠶᠢᠯ ᠤᠨ ᠬᠠᠷᠠᠰᠠᠯᠲᠠᠢ ᠰᠤᠷᠭᠠᠮᠵᠢ ᠣᠯᠭᠤᠵᠤ᠂ ᠮᠠᠰᠢ ᠶᠡᠭᠡ ᠦᠨ᠎ᠡ ᠦᠷᠳᠡᠭ ᠭᠠᠷᠭᠠᠪᠠ᠃ ᠡᠯ᠎ᠡ ᠭᠠᠵᠠᠷ ᠤᠨ ᠬᠢᠨ ᠤᠯᠤᠰ ᠲᠥᠷᠥ ᠶᠢᠨ ᠲᠠᠯ᠎ᠠ ᠠᠴᠠ ᠤᠴᠢᠷ ᠰᠢᠯᠲᠠᠭᠠᠨ ᠢ ᠵᠠᠳᠠᠯᠬᠤ ᠪᠠ ᠪᠠᠶᠢᠴᠠᠭᠠᠨ ᠡᠷᠢᠬᠦ ᠶᠢ ᠪᠠᠷᠢᠮᠲᠠᠯᠠᠵᠤ᠂ ᠭᠦᠨᠵᠡᠭᠡᠶ ᠡᠷᠬᠢᠴᠡᠬᠦᠯᠦᠨ ᠲᠤᠩᠭᠠᠵᠤ᠂ ᠭᠦᠨᠵᠡᠭᠡᠶ ᠰᠡᠷᠡᠮᠵᠢ ᠠᠪᠴᠤ᠂ ᠺᠠᠳ᠋ᠷ ᠤᠨ ᠦᠵᠡᠯ ᠰᠠᠨᠠᠭ᠎ᠠ ᠪᠣᠯᠤᠨ ᠰᠤᠷᠲᠠᠯ ᠤᠨ ᠠᠰᠠᠭᠤᠳᠠᠯ ᠢ ᠰᠢᠶᠳᠪᠦᠷᠢᠯᠡᠬᠦ ᠶᠢ ᠦᠨᠡᠨ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠥᠪᠡᠷ ᠢ ᠪᠠᠨ ᠪᠠᠶᠢᠴᠠᠭᠠᠵᠤ ᠥᠪᠡᠷ ᠵᠠᠯᠠᠷᠠᠭᠤᠯᠬᠤ ᠶᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠵᠦ᠂ ᠪᠥᠬᠦ ᠬᠡᠯᠬᠢᠶ᠎ᠡ᠂ ᠪᠥᠬᠦ ᠬᠦᠷᠢᠶ᠎ᠠ᠂ ᠪᠥᠬᠦ ᠲᠠᠯ᠎ᠠ ᠪᠠᠷ ᠰᠠᠭᠤᠷᠢ ᠪᠠᠨ ᠪᠠᠬᠢᠵᠢᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠴᠤᠬᠤᠶᠢᠵᠤ ᠪᠠᠶᠢᠬᠤ ᠦᠶ᠎ᠡ ᠳᠤᠨᠢ ᠪᠥᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠶ᠃ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠨ ᠨᠢᠭᠳᠠ ᠰᠦᠯᠵᠢᠵᠤ᠂ ᠤᠯᠤᠰ ᠤᠨ ᠡᠭᠦᠳᠡ ᠶᠢ ᠰᠠᠶᠢᠳᠤᠷ ᠰᠠᠬᠢᠬᠤ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠲᠤᠬᠠᠢ ᠲᠥᠪ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠶᠣᠰᠣᠭᠠᠷ ᠨᠢ  ᠨᠠᠶᠢᠳᠠᠪᠤᠷᠢᠵᠢᠭᠤᠯᠵᠤ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠪᠦᠲᠦᠮᠵᠢᠲᠡᠢ᠂ ᠴᠢᠩᠭ᠎ᠠ ᠪᠣᠳᠠᠲᠠᠢ ᠨᠠᠷᠢᠯᠢᠭ ᠰᠠᠶᠢᠲᠤᠷ ᠬᠢᠵᠦ᠂ ᠸᠢᠷᠦ᠋ᠰ ᠤᠨ ᠬᠠᠯᠳᠠᠪᠤᠷᠢᠯᠠᠬᠤ ᠵᠠᠮ ᠢ ᠲᠠᠰᠤᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠠᠷᠢᠯᠭᠠᠵᠤ᠂ ᠬᠢᠯᠢ ᠶᠢᠨ ᠪᠣᠭᠤᠮᠲᠠ ᠶᠢ ᠦᠨᠡᠨ ᠬᠦ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠲᠡᠮᠦᠷ ᠬᠡᠷᠡᠮ ᠪᠤᠯᠤᠳ ᠬᠠᠨ᠎ᠠ ᠪᠣᠯᠭᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃    

ᠱᠢ ᠲᠠᠢ ᠹᠧᠩ᠂ ᠡᠯ᠎ᠡ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠬᠢᠨ ᠲᠣᠰ ᠲᠣᠰ ᠤᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠶᠢᠯ ᠤᠨ ᠠᠮᠤᠷ ᠲᠦᠪᠰᠢᠨ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠤᠷᠢᠳ ᠢᠶᠠᠷ ᠬᠢᠯᠪᠠᠷ ᠢ ᠨᠢ ᠬᠢᠵᠦ ᠳᠠᠷᠠᠭ᠎ᠠ ᠨᠢ ᠬᠦᠴᠢᠷᠲᠡᠶ ᠶᠢ ᠨᠢ ᠬᠢᠬᠦ᠂ ᠪᠦᠯᠦᠭ ᠬᠤᠪᠢᠶᠠᠨ ᠡᠮᠬᠢ ᠵᠢᠷᠤᠮ ᠲᠠᠢ ᠪᠠᠶᠢᠬᠤ ᠵᠠᠷᠴᠢᠮ ᠶᠣᠰᠣᠭᠠᠷ᠂ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢ ᠨᠠᠪᠳᠡᠷᠡᠭᠦᠯᠬᠦ ᠲᠤᠬᠠᠶᠢᠯᠠᠭᠰᠠᠨ ᠠᠵᠢᠯ ᠪᠣᠯᠤᠨ ᠬᠡᠪ ᠤᠨ ᠠᠵᠢᠯᠯᠠᠭᠠᠨ ᠤ ᠡᠮᠬᠢ ᠳᠢᠭᠯᠢᠮ ᠢ ᠠᠯᠢ ᠲᠦᠷᠭᠡᠨ ᠢᠶᠠᠷ ᠰᠡᠷᠭᠦᠭᠡᠬᠦ ᠬᠡᠷᠡᠭᠲᠡᠶ᠃ ᠬᠢᠯᠢ ᠶᠢᠨ ᠪᠣᠭᠤᠮᠲᠠ ᠪᠠᠷ ᠦᠡᠭᠭᠡᠷᠡᠬᠦ ᠶᠢ ᠰᠡᠷᠭᠦᠭᠡᠬᠦ ᠡᠯ᠎ᠡ ᠵᠦᠶᠯ ᠤᠨ ᠪᠡᠯᠡᠳᠭᠡᠯ ᠠᠵᠢᠯ ᠢ ᠭᠦᠶᠴᠡᠳ ᠰᠠᠶᠢᠲᠤᠷ ᠬᠢᠵᠦ᠂ ᠡᠯ᠎ᠡ ᠲᠠᠯ᠎ᠠ᠂ ᠡᠯ᠎ᠡ ᠭᠤᠭᠴᠤᠭ᠎ᠠ ᠶᠢᠨ ᠠᠵᠢᠯ ᠢ ᠪᠦᠷᠢᠨ ᠭᠦᠶᠴᠡᠳ ᠪᠣᠳᠣᠯᠬᠢᠯᠠᠵᠤ᠂ ᠨᠠᠷᠢᠨ ᠨᠢᠮᠪᠠᠶ ᠲᠥᠯᠥᠪᠵᠢᠭᠦᠯᠦᠨ᠂  ᠪᠠᠶᠢᠷᠢᠯᠠᠭᠤᠯᠵᠤ᠂ ᠬᠢᠯᠢ ᠶᠢᠨ ᠪᠣᠭᠤᠮᠲᠠ ᠶᠢᠨ ᠠᠵᠢᠯᠯᠠᠭᠠᠨ ᠤ ᠥᠴᠦᠬᠡᠨ ᠴᠦ ᠠᠯᠳᠠᠰᠢ ᠭᠠᠷᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠡᠬᠤ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠲᠣᠭᠲᠡᠴᠡ ᠶᠢ ᠪᠠᠶᠢᠭᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠡᠭᠭᠤ ᠶᠢᠨ ᠴᠢᠨᠠᠷᠲᠠᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠷᠢᠨ ᠵᠦᠢᠯᠡᠰ ᠳᠤᠮᠳᠠ ᠨᠢᠭᠤᠭᠳᠠᠵᠤ ᠪᠠᠶᠢᠭ᠎ᠠ 《ᠠᠲᠠ ᠴᠢᠳᠬᠦᠷ》 ᠢ ᠦᠨᠡᠨ ᠬᠦ ᠡᠷᠢᠨ ᠭᠠᠷᠭᠠᠵᠤ ᠤᠰᠠᠳᠬᠠᠬᠤ ᠬᠡᠷᠡᠭᠲᠡᠢ᠃ ᠬᠢᠯᠢ ᠶᠢᠨ ᠪᠣᠭᠤᠮᠲᠠ ᠪᠠᠷ ᠦᠡᠭᠭᠡᠷᠡᠬᠦ ᠶᠢ ᠦᠨᠡᠯᠡᠬᠦ ᠠᠵᠢᠯ ᠢ ᠴᠢᠩᠭ᠎ᠠ ᠰᠠᠶᠢᠲᠤᠷ ᠬᠢᠵᠦ᠂ ᠪᠣᠭᠤᠮᠲᠠ ᠪᠠᠷ ᠦᠡᠭᠭᠡᠷᠡᠭᠡᠬᠦ ᠨᠥᠬᠦᠴᠡᠯ ᠳᠤ ᠬᠥᠷᠬᠦ ᠥᠬᠡᠶ ᠶᠢ ᠨᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠲᠠᠢ ᠪᠠᠷ ᠠᠵᠢᠯᠯᠠᠭᠠᠨ ᠢᠶᠠᠨ ᠰᠡᠷᠭᠦᠭᠡᠬᠦ ᠶᠢ ᠤᠭᠳᠤ ᠵᠦᠪᠰᠢᠶᠡᠷᠡᠵᠤ ᠪᠤᠯᠬᠤ ᠦᠭᠡᠢ᠃ ᠬᠢᠯᠢ ᠶᠢᠨ ᠪᠣᠭᠤᠮᠲᠠ ᠪᠠᠷ ᠦᠡᠭᠭᠡᠷᠡᠭᠡᠬᠦ ᠲᠠᠭᠤᠷᠢᠶᠠᠮᠠᠯ ᠰᠣᠷᠢᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠲᠡᠭᠦᠯᠳᠡᠷᠵᠢᠭᠦᠯᠦᠨ ᠨᠠᠷᠢᠯᠢᠬᠵᠢᠭᠤᠯᠬᠤ ᠬᠡᠷᠡᠭᠲᠡᠶ᠃ ᠠᠯᠬᠤᠮ  ᠬᠤᠪᠢᠶᠠᠨ ᠲᠦᠷᠦᠯ ᠬᠤᠪᠢᠶᠠᠭᠰᠠᠨ ᠬᠢᠯᠢ ᠶᠢᠨ ᠪᠣᠭᠤᠮᠲᠠ ᠪᠠᠷ ᠦᠡᠭᠭᠡᠷᠡᠭᠡᠬᠦ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠯᠠᠪᠳᠠᠭᠤᠨ ᠪᠠᠲᠤᠲᠠᠢ᠂ ᠡᠮᠬᠢ ᠵᠢᠷᠤᠮ ᠲᠠᠢ ᠪᠠᠷ ᠬᠢᠯᠢ ᠶᠢᠨ ᠪᠣᠭᠤᠮᠲᠠ ᠪᠠᠷ ᠦᠡᠭᠭᠡᠷᠡᠬᠦ ᠪᠡᠶᠡᠯᠡᠬᠦᠯᠬᠦ ᠬᠡᠷᠡᠭᠳᠠᠢ᠃ 《ᠪᠦᠰᠡᠯᠡᠬᠦ᠂ ᠬᠠᠷᠠᠬᠤ᠂ ᠬᠠᠮᠢᠶᠠᠷᠬᠤ᠂ ᠬᠡᠮᠵᠢᠬᠦ》 ᠳᠥᠷᠪᠡᠨ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠲᠦᠪᠯᠡᠷᠡᠩᠭᠦᠢ ᠬᠦᠴᠦᠯᠡᠵᠦ᠂ ᠭᠤᠤᠯᠳᠠᠯᠭ᠎ᠠ ᠲᠠᠢ ᠠᠬᠢᠭᠤᠯᠵᠤ᠂ ᠲᠣᠨᠤᠭ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ᠂ ᠡᠳ᠋ ᠪᠣᠳᠠᠰ ᠢ ᠲᠣᠬᠢᠷᠠᠭᠤᠯᠬᠤ᠂ ᠠᠵᠢᠯᠲᠠᠨ ᠢ ᠬᠠᠮᠢᠶᠠᠷᠤᠨ ᠡᠵᠡᠮᠳᠡᠬᠦ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠬᠦᠰᠴᠤ ᠮᠡᠳᠡᠬᠦ ᠡᠯ᠎ᠡ ᠵᠦᠢᠯ ᠤᠨ ᠪᠠᠶᠢᠳᠠᠯ ᠢ ᠭᠦᠢᠴᠡᠳ ᠪᠣᠳᠣᠯᠬᠢᠯᠠᠵᠤ᠂ ᠬᠤᠯᠪᠣᠭᠳᠠᠯ ᠪᠦᠬᠦᠢ ᠲᠥᠰᠦᠯ ᠲᠦᠰᠦᠪ ᠢ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠨᠠᠷᠢᠨ ᠲᠠᠩᠰᠠᠵᠢᠭᠤᠯᠤᠬᠰᠠᠨ᠂ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠬᠠᠮᠢᠶᠠᠷᠤᠯᠲᠠ ᠠᠴᠠ ᠭᠤᠭᠤᠵᠢᠭᠳᠠᠵᠦ ᠡᠵᠡᠮᠳᠡᠯ ᠢᠶᠠᠨ ᠠᠯᠳᠠᠬᠤ ᠶᠠᠪᠤᠳᠠᠯ ᠢ ᠤᠬᠳᠤ ᠭᠠᠷᠭᠠᠵᠤ ᠪᠤᠯᠬᠤ ᠦᠭᠡᠢ ᠭᠡᠵᠦ ᠴᠢᠬᠤᠯᠠᠴᠢᠯᠠᠪᠠ᠃    

ᠱᠢ ᠲᠠᠢ ᠹᠧᠩ᠂ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠣᠯ ᠪᠡᠷᠭᠡ ᠬᠠᠲᠠᠭᠤ ᠳᠠᠶᠢᠯᠠᠯᠳᠤᠭᠠᠨ ᠮᠥᠨ᠂ ᠬᠢᠯᠢ ᠶᠢᠨ ᠪᠣᠭᠤᠮᠲᠠ ᠪᠠᠷ ᠦᠡᠭᠭᠡᠷᠡᠬᠦ ᠶᠠᠪᠤᠳᠠᠯ ᠪᠣᠯ ᠬᠠᠲᠠᠭᠤ ᠡᠭᠦᠷᠭᠡ ᠮᠥᠨ᠂ ᠡᠷᠬᠡᠪᠰᠢ ᠰᠢᠨᠵᠢᠯᠡᠬᠦ ᠤᠬᠠᠭᠠᠨᠴᠢ ᠬᠦᠴᠦᠲᠡᠶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠷ 《ᠰᠡᠷᠭᠡᠶᠢᠯᠡᠬᠦ》 ᠪᠠ 《ᠲᠠᠯᠪᠢᠬᠤ》 ᠬᠤᠶᠠᠷ ᠶᠡᠭᠡ ᠶᠠᠪᠤᠳᠠᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠲᠡᠮᠦᠷ ᠮᠡᠲᠦ ᠰᠠᠬᠢᠯᠭ᠎ᠠ ᠪᠠᠲᠤ ᠪᠠᠷ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶ ᠨᠠᠶᠢᠳᠠᠪᠤᠷᠢᠵᠢᠭᠤᠯᠵᠤ᠂ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠭᠤᠣᠯ ᠬᠠᠷᠢᠭᠤᠴᠠᠯᠭᠠᠲᠠᠨ ᠨᠥᠬᠦᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠬᠦᠴᠦᠨ ᠢᠶᠠᠨ ᠪᠠᠶᠢᠷᠢᠯᠠᠭᠤᠯᠵᠤ᠂ 《ᠲᠦᠷᠪᠡᠨ ᠲᠠᠯ᠎ᠠ ᠶᠢᠨ ᠬᠠᠷᠢᠭᠤᠴᠠᠯᠭ᠎ᠠ》 ᠶᠢ ᠪᠣᠳᠠᠲᠠᠶᠢᠵᠢᠭᠤᠯᠵᠤ᠂ 《ᠲᠦᠷᠪᠡᠨ ᠡᠷᠲᠡ ᠪᠠᠶᠢᠬᠤ》 ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠵᠤ᠂ ᠤᠯᠤᠰ ᠤᠨ ᠡᠭᠦᠳᠡ ᠪᠠᠨ ᠪᠠᠳᠤ ᠰᠠᠶᠢᠲᠤᠷ ᠰᠠᠬᠢᠬᠤ ᠬᠡᠷᠡᠭᠲᠡᠢ᠃ ᠠᠯᠢ ᠨᠢᠭᠡ ᠱᠠᠲᠤᠨ ᠤ ᠪᠠᠶᠢᠭᠤᠯᠭ᠎ᠠ ᠨᠢᠭᠡᠴᠢ᠂ ᠠᠯᠢ ᠨᠢᠭᠡ ᠲᠦᠷᠦᠯ ᠤᠨ ᠠᠵᠤ ᠠᠬᠤᠶᠢᠯᠠᠯ ᠭᠡᠰᠡᠨ ᠦᠭᠡᠢ ᠴᠥᠮ ᠡᠷᠬᠡᠪᠰᠢ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠯᠲᠡᠢ ᠵᠢᠯᠤᠭᠤᠳᠤᠯᠭ᠎ᠠ ᠶᠢ ᠡᠷᠡᠰ ᠲᠠᠭᠠᠬᠤ ᠬᠡᠷᠡᠭᠲᠡᠢ᠂ ᠡᠷᠬᠡᠪᠰᠢ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠂ ᠥᠪᠡᠷ ᠥᠪᠡᠷ ᠤᠨ  ᠬᠢ ᠪᠠᠷ ᠢᠶᠠᠨ ᠠᠵᠢᠯᠯᠠᠵᠤ᠂ ᠥᠪᠡᠷ ᠥᠪᠡᠷ ᠤᠨ ᠬᠢ ᠪᠠᠷ ᠢᠶᠠᠨ ᠬᠢᠬᠦ ᠶᠢ ᠤᠬᠳᠤ ᠵᠥᠪᠰᠢᠶᠡᠷᠡᠬᠦ ᠦᠭᠡᠢ᠃ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠶ ᠠᠩᠭᠢ ᠡᠷᠬᠡᠪᠰᠢ ᠴᠤᠮᠬᠠᠳᠬᠠᠨ ᠰᠢᠯᠢᠳᠡᠭᠵᠢᠬᠦᠯᠦᠨ ᠬᠠᠮᠢᠶᠠᠷᠴᠤ᠂ ᠥᠨᠳᠥᠷ ᠪᠦᠲᠦᠮᠵᠢᠲᠡᠶ ᠠᠵᠢᠯᠯᠠᠵᠤ᠂ ᠪᠣᠭᠤᠮᠲᠠ ᠶᠢ ᠴᠢᠩᠭ᠎ᠠ ᠡᠵᠡᠮᠳᠡᠵᠦ᠂ ᠪᠠᠷᠢᠮᠵᠢᠶ᠎ᠠ ᠶᠢ ᠨᠢᠭᠡᠳᠭᠡᠵᠦ᠂ ᠳᠡᠰ ᠳᠠᠷᠠᠭᠠᠯᠠᠯ ᠢ ᠵᠢᠷᠤᠮᠵᠢᠭᠤᠯᠵᠤ᠂ ᠡᠯ᠎ᠡ ᠬᠢᠯᠢ ᠶᠢᠨ ᠪᠣᠭᠤᠮᠲᠠ ᠶᠢᠨ ᠭᠠᠵᠠᠷ ᠣᠷᠣᠨ ᠢ ᠵᠢᠯᠣᠭᠤᠳᠤᠨ ᠱᠠᠯᠠᠪᠳᠠᠭᠤᠯᠵᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠨᠡᠨ ᠬᠦ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠨᠠᠶᠢᠳᠠᠪᠤᠷᠢᠵᠢᠭᠤᠯᠵᠤ᠂ ᠶᠠᠭᠠᠬᠢᠭᠰᠠᠨ ᠴᠤ ᠬᠠᠰᠢ ᠶᠠᠰᠢ᠂ ᠪᠦᠳᠦᠭᠦᠯᠢᠭ ᠢᠶᠠᠷ ᠬᠢᠵᠦ ᠪᠣᠯᠬᠤ ᠥᠬᠡᠶ᠂ ᠥᠪᠡᠷ ᠥᠪᠡᠷ ᠤᠨ ᠬᠢ ᠪᠠᠷ ᠢᠶᠠᠨ ᠦᠯᠢᠶᠡᠵᠤ᠂ ᠥᠪᠡᠷ ᠥᠪᠡᠷ ᠤᠨ ᠬᠢ ᠪᠠᠷ ᠢᠶᠠᠨ ᠲᠠᠭᠤᠯᠠᠵᠤ ᠪᠣᠯᠬᠤ ᠥᠬᠡᠶ᠂ ᠶᠠᠭᠠᠬᠢᠭᠰᠠᠨ ᠴᠤ ᠳᠤᠲᠠᠭᠤ ᠳᠣᠷᠭᠤᠨ ᠬᠢᠵᠦ᠂ ᠰᠣᠩᠭᠤᠯᠲᠠ ᠬᠢᠵᠦ᠂ ᠦᠭᠡᠷᠡᠲᠦᠭᠦᠯᠦᠨ ᠬᠤᠪᠢᠷᠠᠭᠤᠯᠵᠤ ᠪᠣᠯᠬᠤ ᠥᠬᠡᠶ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ  ᠨᠠᠶᠢᠳᠠᠪᠤᠷᠢᠵᠢᠭᠤᠯᠤᠭᠰᠠᠨ ᠥᠬᠡᠶ᠂ ᠠᠯᠪᠠ ᠬᠠᠰᠢᠵᠤ ᠬᠠᠷᠢᠭᠤᠴᠠᠯᠭ᠎ᠠ ᠲᠦᠯᠬᠢᠭᠰᠡᠨ᠂ ᠨᠠᠵᠠᠭᠠᠶ ᠬᠠᠨᠳᠤᠵᠤ ᠠᠷᠭᠠᠴᠠᠭᠰᠠᠨ ᠪᠠᠶᠢᠪᠠᠯ ᠴᠢᠩᠭ᠎ᠠ ᠰᠢᠶᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃    

ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠤᠢ ᠯᠢ ᠰᠢᠨ᠂ ᠪᠣᠣ ᠰᠢᠶᠠᠨ ᠬᠤᠸᠠ ᠬᠤᠷᠠᠯ ᠳᠤ ᠣᠷᠣᠯᠴᠠᠵᠠᠢ᠃ 

 

 

 


   :                    
   :           
备案序号:蒙ICP备05003250号 公安备案15010502000173