ᠵᠤᠬᠢᠶᠠᠭᠴᠢ:
ᠴᠠᠭ:2022-01-14
ᠥᠵᠡᠭᠰᠡᠨ : ℃
ᠢᠷᠡᠯᠲᠡ: ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢᠨ 《ᠬᠥᠲᠥᠯᠪᠦᠷᠢ》 ᠪᠣᠯᠤᠨ ᠲᠤᠰᠬᠠᠶ ᠲᠥᠯᠥᠪᠵᠢᠭᠦᠯᠭᠡ ᠳᠤ ᠲᠣᠭᠲᠠᠭᠠᠭᠰᠠᠨ ᠴᠢᠬᠤᠯᠠ ᠶᠡᠭᠡ ᠲᠥᠷᠥᠯ ᠵᠦᠢᠯ ᠢ ᠲᠥᠷᠭᠡᠳᠬᠡᠨ ᠠᠬᠢᠭᠤᠯᠵᠤ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠲᠤᠬᠠᠶ ᠪᠠᠶᠢᠷᠢᠯᠠᠭᠤᠯᠪᠠ
ᠡᠮ ᠤᠨ ᠵᠦᠢᠯ ᠪᠣᠯᠣᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠪᠠᠶᠢᠩᠭᠤᠵᠢᠭᠤᠯᠤᠨ ᠳᠦᠷᠢᠮᠵᠢᠭᠦᠯᠵᠦ ᠥᠷᠨᠢᠭᠦᠯᠦᠨ ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠪᠠᠷ ᠲᠣᠭᠲᠠᠪᠠ
ᠰᠢᠨᠬᠤᠸᠠ ᠬᠤᠷᠢᠶᠠᠨ ᠤ ᠪᠡᠭᠡᠵᠢᠩ ᠤᠨ 2022 1 ᠰᠠᠷ᠎ᠠ ᠶᠢᠨ 10 ᠤ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 10 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢᠨ 《ᠬᠥᠲᠥᠯᠪᠦᠷᠢ》 ᠪᠣᠯᠣᠨ ᠲᠤᠰᠬᠠᠶ ᠲᠥᠯᠥᠪᠵᠢᠭᠦᠯᠭᠡ ᠳᠤ ᠲᠣᠭᠲᠠᠭᠠᠭᠰᠠᠨ ᠴᠢᠬᠤᠯᠠ ᠶᠡᠭᠡ ᠲᠥᠷᠥᠯ ᠵᠦᠢᠯ ᠢ ᠲᠥᠷᠭᠡᠳᠬᠡᠨ ᠠᠬᠢᠭᠤᠯᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠬᠦ ᠲᠤᠬᠠᠶ ᠪᠠᠶᠢᠷᠢᠯᠠᠭᠤᠯᠪᠠ︔ ᠡᠮ ᠤᠨ ᠵᠦᠢᠯ ᠪᠣᠯᠤᠨ ᠥᠨᠳᠥᠷ ᠦᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠪᠠᠶᠢᠩᠭᠤᠵᠢᠭᠤᠯᠤᠨ ᠳᠦᠷᠢᠮᠵᠢᠭᠦᠯᠵᠦ ᠥᠷᠨᠢᠭᠦᠯᠦᠨ᠂ ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠴᠢᠨᠠᠭᠰᠢᠳᠠ ᠬᠥᠩᠭᠡᠷᠡᠭᠦᠯᠬᠦ ᠪᠠᠷ ᠲᠣᠭᠲᠠᠪᠠ᠃
ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢᠨ 《ᠬᠥᠲᠥᠯᠪᠦᠷᠢ》 ᠳᠤ ᠲᠣᠭᠲᠠᠭᠠᠭᠰᠠᠨ ᠭᠤᠣᠯᠳᠠᠯᠭ᠎ᠠ ᠲᠠᠢ ᠬᠠᠷᠢᠴᠠᠭᠤᠯᠵᠤ᠂ ᠤᠯᠤᠰ ᠤᠨ ᠳᠡᠰ ᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠷ ᠰᠠᠶᠢᠲᠤᠷ ᠬᠢᠵᠦ᠂ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠡᠷᠡᠭᠵᠢᠭᠦᠯᠵᠦ ᠪᠣᠯᠬᠤᠶᠢᠴᠠ ᠲᠥᠷᠥ ᠶᠢᠨ ᠪᠣᠳᠣᠯᠭ᠎ᠠ ᠪᠣᠯᠤᠨ ᠪᠣᠳᠠᠲᠠᠶ ᠲᠥᠷᠥᠯ ᠵᠦᠢᠯ ᠢ ᠳᠤᠷᠠᠳᠤᠨ ᠭᠠᠷᠭᠠᠬᠤ ᠬᠡᠷᠡᠭᠲᠡᠶ᠃ ᠣᠳᠣᠬᠠᠨ ᠳᠤ 44 ᠲᠤᠰᠬᠠᠶ ᠲᠥᠯᠥᠪᠵᠢᠭᠦᠯᠭᠡ ᠶᠢ ᠨᠢᠭᠡᠨᠲᠡ ᠦᠨᠳᠦᠰᠦᠨ ᠳᠤ ᠪᠠᠨ ᠨᠠᠶᠢᠷᠠᠭᠤᠯᠤᠨ ᠳᠠᠭᠤᠰᠬᠠᠵᠤ ᠵᠠᠯᠭᠠᠭ᠎ᠠ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠢᠷᠡᠭᠡᠳᠦᠶ ᠶᠢ ᠪᠣᠳᠣᠯᠬᠢᠯᠠᠨ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠤᠰᠬᠠᠶ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠦᠴᠦᠲᠡᠶ ᠮᠥᠷᠲᠡᠭᠡᠨ ᠡᠮᠬᠢ ᠵᠢᠷᠤᠮ ᠲᠠᠢ ᠠᠬᠢᠭᠤᠯᠬᠤ ᠬᠡᠷᠡᠭᠲᠡᠶ ᠭᠡᠵᠡᠢ᠃
ᠬᠤᠷᠠᠯ ᠠᠴᠠ ᠵᠢᠭᠠᠬᠤ ᠳᠤ ᠪᠠᠨ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠠᠪᠠᠭ᠎ᠠ ᠳᠠᠪᠠᠵᠤ ᠪᠣᠭᠤᠮᠲᠠ ᠰᠢᠪᠲᠤᠯᠬᠤ ᠪᠠᠶᠢᠳᠠᠯ ᠳᠤ ᠣᠷᠣᠰᠢᠵᠤ ᠪᠠᠶᠢᠨ᠎ᠠ᠃ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠨᠡᠮᠡᠭᠳᠡᠯ ᠢ ᠲᠣᠭᠲᠠᠪᠤᠷᠢᠵᠢᠭᠤᠯᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠭᠦᠯᠦᠨ᠂ 《ᠪᠦᠬᠦᠨ ᠢ ᠬᠠᠮᠤᠷᠤᠭᠤᠯᠬᠤ》 ᠦᠭᠡᠢ ᠪᠠᠶᠢᠬᠤ ᠶᠢ ᠪᠠᠷᠢᠮᠲᠠᠯᠠᠵᠤ᠂ ᠬᠠᠮᠤᠭ ᠤᠨ ᠡᠴᠦᠰ ᠤᠨ ᠬᠡᠷᠡᠭᠯᠡᠭᠡ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠬᠠᠨᠳᠤᠯᠭᠠᠲᠤ ᠴᠢᠨᠠᠷᠲᠠᠶ ᠪᠠᠷ ᠥᠷᠭᠡᠳᠬᠡᠬᠦ ᠬᠡᠷᠡᠭᠲᠡᠶ᠃ ᠡᠨᠡ ᠨᠢ ᠠᠵᠤ ᠠᠬᠤᠶ ᠶᠢᠨ ᠪᠠᠭᠤᠷᠠᠯᠲᠠ ᠶᠢᠨ ᠰᠢᠨ᠎ᠡ ᠳᠠᠷᠤᠯᠲᠠ ᠶᠢ ᠠᠷᠭᠠᠴᠠᠵᠤ᠂ ᠨᠢᠭᠡᠳᠦᠭᠡᠷ ᠤᠯᠠᠷᠢᠯ ᠪᠠ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠦᠨᠡᠨ ᠬᠦ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠢᠭᠡ ᠳᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢᠨ 《ᠬᠥᠲᠥᠯᠪᠦᠷᠢ》 ᠳᠤ ᠲᠣᠭᠲᠠᠭᠠᠭᠰᠠᠨ 102 ᠵᠦᠢᠯ ᠤᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠪᠠ ᠲᠤᠰᠬᠠᠶ ᠵᠦᠢᠯ ᠤᠨ ᠲᠥᠯᠥᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠠᠮᠤ ᠪᠤᠳᠠᠭ᠎ᠠ ᠪᠠ ᠡᠨᠧᠷᠭᠢ ᠶᠢᠨ ᠠᠮᠤᠷ ᠲᠦᠪᠰᠢᠨ᠂ ᠲᠡᠷᠢᠭᠦᠨ ᠤ ᠦᠢᠯᠡᠳᠬᠡᠯ ᠤᠨ ᠦᠢᠯᠡᠰ ᠪᠠ ᠳᠡᠭᠡᠳᠦ ᠮᠡᠷᠭᠡᠵᠢᠯ ᠤᠨ ᠠᠵᠤ ᠦᠢᠯᠡᠰ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠪᠠ ᠲᠣᠣᠷ ᠰᠦᠯᠵᠢᠶ᠎ᠡ ᠮᠡᠳᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ᠂ ᠬᠤᠳᠠ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠡᠯᠡ ᠲᠣᠬᠢᠷᠠᠭᠤᠯᠬᠤ᠂ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠲᠥᠯᠥᠪᠵᠢᠭᠦᠯᠭᠡ ᠳᠤ ᠣᠷᠣᠭᠤᠯᠤᠭᠰᠠᠨ᠂ ᠨᠥᠬᠦᠴᠡᠯ ᠪᠦᠷᠢᠳᠦᠭᠰᠡᠨ ᠲᠥᠷᠥᠯ ᠵᠦᠢᠯ ᠳᠤ ᠬᠤᠯᠪᠣᠭᠳᠠᠯ ᠪᠦᠬᠦᠢ ᠭᠠᠷ ᠭᠦᠢᠴᠡᠳᠬᠡᠯ ᠢ ᠳᠥᠭᠦᠮᠴᠢᠯᠡᠵᠦ᠂ ᠢᠯᠠᠩᠭᠤᠶ᠎ᠠ ᠡᠮᠦᠨᠡᠬᠢ ᠬᠤᠭᠤᠴᠠᠭᠠᠨ ᠳᠤ ᠨᠢᠭᠡᠨᠲᠡ ᠨᠤᠲᠠᠯᠠᠭᠠᠳ ᠤᠯᠠᠨ ᠵᠢᠯ ᠪᠣᠯᠤᠭᠰᠠᠨ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠷᠥᠯ ᠵᠦᠢᠯ ᠢ ᠱᠠᠯᠠᠪᠳᠠᠨ ᠬᠡᠷᠡᠭᠵᠢᠭᠦᠯᠬᠦ ᠶᠢ ᠠᠬᠢᠭᠤᠯᠵᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠬᠡᠷᠡᠭᠯᠡᠵᠦ᠂ ᠲᠦᠷ ᠴᠠᠭ ᠠᠵᠢᠯ ᠣᠯᠤᠭᠠᠳᠤᠶ ᠬᠡᠰᠡᠭ ᠬᠥᠯᠥᠰᠥᠨ ᠠᠵᠢᠯᠴᠢᠨ ᠢ ᠬᠢᠬᠦ ᠠᠵᠢᠯ ᠲᠠᠢ᠂ ᠴᠠᠯᠢᠩ ᠣᠷᠣᠯᠭ᠎ᠠ ᠲᠠᠢ ᠪᠣᠯᠭᠠᠬᠤ ᠬᠡᠷᠡᠭᠲᠡᠶ᠃ ᠰᠢᠨ᠎ᠡ ᠪᠠᠷ ᠠᠵᠢᠯ ᠢᠶᠠᠨ ᠡᠬᠢᠯᠡᠭᠦᠯᠦᠭᠰᠡᠨ ᠲᠥᠷᠥᠯ ᠵᠦᠢᠯ ᠤᠨ ᠪᠡᠯᠡ ᠣᠷᠣᠭᠤᠯᠤᠯᠲᠠ ᠨᠢ ᠪᠠᠭᠤᠷᠠᠭᠰᠠᠨ ᠭᠠᠵᠠᠷ ᠣᠷᠣᠨ ᠢ ᠵᠢᠯᠣᠭᠤᠳᠤᠨ ᠠᠵᠢᠯ ᠢ ᠨᠢ ᠴᠢᠩᠭᠠᠳᠬᠠᠵᠤ᠂ ᠪᠡᠯᠡ ᠣᠷᠣᠭᠤᠯᠤᠯᠲᠠ ᠨᠢ ᠥᠭᠡᠳᠡ ᠦᠭᠡᠢ ᠪᠠᠶᠢᠳᠠᠯ ᠢ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠪᠠᠯᠠ ᠮᠥᠩᠭᠦ ᠨᠢ ᠲᠥᠷᠥᠯ ᠵᠦᠢᠯ ᠢ ᠳᠠᠭᠠᠬᠤ ᠱᠠᠭᠠᠷᠳᠠᠯᠭ᠎ᠠ ᠶᠣᠰᠣᠭᠠᠷ᠂ ᠨᠢᠳᠤᠨᠤᠨ ᠤ ᠳᠥᠷᠪᠡᠳᠦᠭᠡᠷ ᠤᠯᠠᠷᠢᠯ ᠳᠤ ᠲᠠᠷᠬᠠᠭᠠᠭᠰᠠᠨ 1.2 ᠲᠦᠮᠡᠨ ᠳ᠋ᠦᠩᠰᠢᠭᠤᠷ ᠲᠥᠭᠦᠷᠢᠭ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠪᠣᠳᠠᠲᠠᠶ ᠲᠥᠷᠥᠯ ᠵᠦᠢᠯ ᠳᠤ ᠠᠯᠢ ᠲᠦᠷᠭᠡᠨ ᠢᠶᠠᠷ ᠨᠠᠶᠢᠳᠠᠪᠤᠷᠢᠵᠢᠭᠤᠯᠬᠤ ᠬᠡᠷᠡᠭᠲᠡᠶ᠃ ᠡᠨᠡ ᠵᠢᠯ ᠨᠢᠭᠡᠨᠲᠡ ᠪᠠᠭᠤᠯᠭᠠᠭᠰᠠᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠱᠠᠯᠠᠪᠳᠠᠨ ᠲᠠᠷᠬᠠᠭᠠᠵᠤ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠰᠠᠶᠢᠲᠤᠷ ᠬᠡᠷᠡᠭᠯᠡᠨ᠂ ᠪᠠᠶᠢᠭᠤᠯᠵᠤ ᠪᠠᠶᠢᠭ᠎ᠠ ᠪᠠ ᠠᠯᠢ ᠲᠦᠷᠭᠡᠨ ᠢᠶᠠᠷ ᠠᠵᠢᠯ ᠢᠶᠠᠨ ᠡᠬᠢᠯᠡᠭᠦᠯᠵᠦ ᠴᠢᠳᠠᠬᠤ ᠲᠥᠷᠥᠯ ᠵᠦᠢᠯ ᠢ ᠭᠤᠣᠯᠳᠠᠯᠭ᠎ᠠ ᠲᠠᠢ ᠪᠠᠷ ᠲᠣᠬᠢᠷᠠᠭᠤᠯᠵᠤ᠂ ᠨᠡᠩ ᠤᠯᠠᠨ ᠨᠡᠶᠢᠭᠡᠮ ᠤᠨ ᠪᠡᠯᠡ ᠣᠷᠣᠭᠤᠯᠤᠯᠲᠠ ᠶᠢ ᠲᠠᠶᠢᠴᠢᠯᠠᠨ᠂ ᠨᠢᠭᠡᠳᠦᠭᠡᠷ ᠤᠯᠠᠷᠢᠯ ᠳᠤ ᠨᠡᠩ ᠤᠯᠠᠨ ᠪᠣᠳᠠᠲᠤ ᠵᠦᠢᠯ ᠤᠨ ᠠᠵᠢᠯ ᠤᠨ ᠬᠡᠮᠵᠢᠶ᠎ᠡ ᠶᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠠᠯᠠᠯᠲᠠ ᠶᠢᠨ ᠲᠦᠷᠢᠮ᠂ ᠣᠷᠣᠨ ᠪᠦᠰᠡ ᠶᠢᠨ ᠦᠨᠡᠯᠡᠨ ᠵᠢᠱᠢᠯᠲᠡ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ ᠦᠯᠡᠳᠡᠭᠡᠯ ᠡᠳ᠋ ᠬᠥᠷᠥᠩᠭᠡ ᠶᠢ ᠴᠢᠯᠥᠭᠡᠲᠡᠶ ᠭᠦᠢᠯᠭᠡᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠬᠦ ᠬᠡᠷᠡᠭᠲᠡᠢ ᠭᠡᠵᠡᠢ᠃
ᠬᠤᠷᠠᠯ ᠠᠴᠠ ᠵᠢᠭᠠᠬᠤ ᠳᠤ ᠪᠠᠨ᠂ ᠤᠢᠢᠷ᠎ᠠ ᠶᠢᠨ ᠵᠢᠯ ᠤᠳ ᠠᠴᠠ ᠨᠠᠭᠠᠰᠢ᠂ ᠡᠮ ᠤᠨ ᠵᠦᠢᠯ ᠪᠣᠯᠤᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠥᠭᠡᠷᠡᠴᠢᠯᠡᠯᠲᠡ ᠶᠢ ᠲᠠᠰᠤᠷᠠᠯᠳᠡ ᠦᠭᠡᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠪᠠᠷ ᠡᠮ ᠡᠮᠨᠡᠯᠭᠡ ᠶᠢᠨ ᠦᠨ᠎ᠡ ᠬᠠᠩᠰᠢ ᠬᠡᠳᠦ ᠥᠨᠳᠥᠷ ᠪᠠᠶᠢᠳᠠᠯ ᠢ ᠪᠦᠲᠦᠮᠵᠢᠲᠡᠢ ᠬᠢᠵᠠᠭᠠᠷᠯᠠᠵᠤ᠂ ᠨᠢᠳᠤᠨᠤᠨ ᠤ ᠵᠢᠯ ᠤᠨ ᠡᠴᠦᠰ ᠪᠣᠯᠲᠠᠯ᠎ᠠ ᠡᠮᠴᠢᠯᠡᠭᠡᠨ ᠤ ᠳᠠᠭᠠᠳᠬᠠᠯ ᠪᠣᠯᠤᠨ ᠡᠪᠡᠳᠴᠢᠲᠡᠨ ᠤ ᠵᠠᠷᠤᠯᠭ᠎ᠠ ᠶᠢ ᠨᠡᠶᠢᠳᠡ 2600 ᠳ᠋ᠦᠩᠰᠢᠭᠤᠷ ᠲᠥᠭᠦᠷᠢᠭ ᠠᠷᠪᠢᠯᠠᠭᠰᠠᠨ ᠪᠥᠭᠡᠳ ᠡᠮ ᠡᠮᠨᠡᠯᠭᠡ ᠶᠢᠨ ᠠᠵᠤ ᠠᠬᠤᠶᠢᠯᠠᠯ ᠤᠨ ᠨᠡᠩ ᠣᠯᠠᠨ ᠤᠶᠤᠨ ᠬᠦᠴᠦᠨ ᠢᠶᠠᠨ ᠦᠢᠯᠡᠳᠬᠦᠨ ᠰᠤᠳᠤᠯᠤᠨ ᠨᠡᠭᠡᠭᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠲᠠᠯᠪᠢᠬᠤ ᠶᠢ ᠠᠬᠢᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠪᠠᠶᠢᠩᠭᠤᠵᠢᠭᠤᠯᠤᠨ ᠳᠦᠷᠢᠮᠵᠢᠭᠦᠯᠬᠦ ᠶᠢᠨ ᠬᠠᠮᠲᠤ ᠬᠡᠪᠴᠢᠶ᠎ᠡ ᠶᠢ ᠲᠦᠷᠭᠡᠳᠬᠡᠨ ᠥᠷᠭᠡᠳᠬᠡᠵᠦ᠂ ᠡᠮ ᠡᠮᠨᠡᠯᠭᠡ ᠶᠢᠨ ᠦᠨ᠎ᠡ ᠬᠠᠩᠰᠢ ᠶᠢ ᠦᠷᠭᠦᠯᠵᠢᠯᠡᠨ ᠪᠠᠭᠤᠷᠠᠭᠤᠯᠵᠤ᠂ ᠡᠪᠡᠳᠴᠢᠲᠡᠨ ᠳᠤ ᠠᠰᠢᠭ ᠬᠦᠷᠲᠡᠭᠡᠬᠦ ᠬᠡᠷᠡᠭᠲᠡᠶ᠃ ᠨᠢᠭᠡ ᠳᠤ᠂ ᠤᠳᠠᠭᠠᠨ ᠴᠢᠨᠠᠷᠲᠠᠶ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠢᠶᠠᠷ ᠭᠤᠤᠯᠳᠠᠯᠭ᠎ᠠ ᠪᠣᠯᠭᠠᠵᠤ᠂ ᠤᠯᠤᠰ ᠤᠨ ᠲᠠᠰ ᠳᠠᠪᠬᠤᠷᠭ᠎ᠠ ᠠᠴᠠ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠭᠠᠵᠠᠷ ᠣᠷᠣᠨ ᠤ ᠬᠢᠨ ᠤᠯᠤᠰ ᠠᠴᠠ ᠲᠥᠪᠯᠡᠷᠡᠭᠦᠯᠦᠨ ᠬᠤᠳᠠᠯᠳᠤᠨ ᠠᠪᠬᠤ ᠠᠴᠠ ᠭᠠᠳᠠᠨᠠᠬᠢ ᠡᠮ ᠤᠨ ᠵᠦᠢᠯ ᠢ ᠮᠤᠵᠢ ᠶᠢᠨ ᠱᠠᠲᠤᠨ ᠳᠤ ᠪᠤᠶᠤ ᠮᠤᠵᠢ ᠠᠯᠤᠰᠯᠠᠨ ᠬᠤᠯᠪᠣᠭᠠᠯᠠᠵᠤ ᠬᠤᠳᠠᠯᠳᠤᠨ ᠠᠪᠬᠤ ᠠᠵᠢᠯ ᠢ ᠦᠷᠨᠢᠭᠦᠯᠬᠦ ᠬᠡᠷᠡᠭᠲᠡᠢ᠃ ᠡᠨᠡ ᠵᠢᠯ ᠤᠨ ᠡᠴᠦᠰ ᠠᠴᠠ ᠡᠮᠦᠨ᠎ᠡ᠂ ᠤᠯᠤᠰ ᠪᠠ ᠮᠤᠵᠢ ᠶᠢᠨ ᠱᠠᠲᠤᠨ ᠤ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠢ ᠮᠤᠵᠢ ᠨᠢᠭᠡᠪᠦᠷᠢ ᠳᠤ ᠨᠡᠶᠢᠲᠡ 350 ᠠᠴᠠ ᠳᠡᠭᠡᠭᠰᠢ ᠪᠠᠶᠢᠯᠭᠠᠬᠤ ᠬᠡᠷᠡᠭᠲᠡᠢ᠃ ᠬᠤᠶᠠᠷ ᠲᠤ᠂ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠦᠪᠯᠡᠷᠡᠭᠦᠯᠦᠨ ᠬᠤᠳᠠᠯᠳᠤᠨ ᠠᠪᠬᠤ ᠪᠦᠷᠬᠦᠴᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠶᠠᠰᠤᠨ ᠤ ᠰᠠᠯᠠᠭᠠᠨ ᠤ ᠬᠤᠷᠣᠭᠳᠠᠯ ᠮᠠᠲ᠋ᠧᠷᠢᠶᠠᠯ᠂ ᠡᠮ ᠤᠨ ᠪᠥᠮᠪᠥᠭᠡᠯᠢᠭ ᠤᠭᠤᠲᠠ᠂ ᠰᠠᠭᠤᠯᠭᠠᠬᠤ ᠰᠢᠳᠦ ᠵᠡᠷᠭᠡ ᠶᠢ ᠲᠣᠰ ᠲᠣᠰ ᠤᠯᠤᠰ ᠪᠠ ᠮᠤᠵᠢ ᠶᠢᠨ ᠱᠠᠲᠤᠨ ᠤ ᠲᠠᠰ ᠳᠠᠪᠬᠤᠷᠭ᠎ᠠ ᠳᠤ ᠲᠦᠪᠯᠡᠷᠡᠭᠦᠯᠦᠨ ᠬᠤᠳᠠᠯᠳᠤᠨ ᠠᠪᠬᠤ ᠠᠵᠢᠯ ᠢ ᠥᠷᠨᠢᠭᠦᠯᠬᠦ ᠬᠡᠷᠡᠭᠲᠡᠢ᠃ ᠭᠤᠷᠪᠠ ᠳᠤ᠂ ᠰᠣᠩᠭᠤᠭᠳᠠᠭᠰᠠᠨ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠬᠠᠩᠭᠠᠬᠤ ᠶᠢ ᠪᠠᠲᠤᠯᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠣᠩᠭᠤᠭᠳᠠᠭᠰᠠᠨ ᠦᠢᠯᠡᠳᠬᠦᠨ ᠤ ᠦᠨ᠎ᠡ ᠶᠢ ᠪᠠᠭᠤᠷᠠᠭᠤᠯᠬᠤ ᠠᠴᠠ ᠪᠢᠰᠢ ᠴᠢᠨᠠᠷ ᠢ ᠨᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠨᠤᠭᠤᠳ ᠰᠣᠩᠭᠤᠭᠳᠠᠭᠰᠠᠨ ᠦᠢᠯᠡᠳᠬᠦᠨ ᠢ ᠵᠦᠶ ᠵᠣᠬᠢᠰᠲᠠᠶ ᠪᠠᠷ ᠡᠩ ᠲᠡᠷᠢᠭᠦᠨ ᠳᠤ ᠬᠡᠷᠡᠭᠯᠡᠬᠦ ᠬᠡᠷᠡᠭᠲᠡᠶ᠃ ᠳᠥᠷᠪᠡ ᠳᠤ᠂ ᠲᠦᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠦᠯᠡᠳᠡᠪᠦᠷᠢ ᠶᠢ ᠦᠯᠡᠳᠡᠭᠡᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠤᠨ᠂ ᠡᠮᠨᠡᠯᠭᠡ ᠶᠢᠨ ᠠᠵᠢᠯᠲᠠᠨ ᠤ ᠣᠷᠣᠯᠭ᠎ᠠ ᠶᠢ ᠵᠦᠶ ᠵᠣᠬᠢᠰᠲᠠᠶ ᠳᠡᠭᠡᠭᠰᠢᠯᠡᠭᠦᠯᠵᠦ᠂ ᠢᠳᠡᠪᠬᠢᠵᠢᠯ ᠢ ᠨᠠᠩ ᠳᠠᠶᠢᠴᠢᠯᠠᠬᠤ ᠬᠡᠷᠡᠭᠲᠡᠢ ᠭᠡᠵᠡᠢ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃