ᠵᠤᠬᠢᠶᠠᠭᠴᠢ:
ᠴᠠᠭ:2022-01-14
ᠥᠵᠡᠭᠰᠡᠨ : ℃
ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠪᠡᠭᠡᠵᠢᠩ ᠳᠤ ᠬᠡᠯᠡᠯᠴᠡᠭᠡ ᠬᠢᠪᠡ ᠱᠢ ᠲᠠᠢ ᠹᠧᠩ ᠶᠠᠷᠢᠶ᠎ᠠ ᠲᠠᠯᠪᠢᠵᠤ ᠸᠠᠩ ᠯᠢ ᠰᠢᠶᠠ ᠣᠷᠣᠯᠴᠠᠪᠠ ᠯᠦ ᠳ᠋ᠦᠩ ᠹᠦ᠋ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠪᠡᠭᠡᠵᠢᠩ ᠳᠤ ᠬᠡᠯᠡᠯᠴᠡᠭᠡ ᠬᠢᠪᠡ ᠱᠢ ᠲᠠᠢ ᠹᠧᠩ ᠶᠠᠷᠢᠶ᠎ᠠ ᠲᠠᠯᠪᠢᠵᠤ ᠸᠠᠩ ᠯᠢ ᠰᠢᠶᠠ ᠣᠷᠣᠯᠴᠠᠪᠠ ᠯᠦ ᠳ᠋ᠦᠩ ᠹᠦ᠋ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
2022 1 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠪᠡᠭᠡᠵᠢᠩ ᠳᠤ ᠬᠡᠯᠡᠯᠴᠡᠭᠡ ᠬᠢᠵᠦ᠂ ᠤᠯᠠᠮ ᠴᠢᠨᠠᠭᠰᠢᠳᠠ ᠪᠠᠶᠢᠳᠠᠯ ᠢᠶᠠᠨ ᠤᠯᠤᠯᠴᠠᠵᠤ᠂ ᠠᠵᠢᠯ ᠢᠶᠠᠨ ᠵᠣᠯᠭᠠᠭᠤᠯᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠪᠡ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠮᠠᠨ ᠤ ᠣᠷᠣᠨ ᠤ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠵᠤ᠂ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠦ ᠳ᠋ᠦᠩ ᠹᠦ᠋ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
ᠱᠢ ᠲᠠᠢ ᠹᠧᠩ ᠬᠡᠯᠡᠯᠴᠡᠭᠡ ᠬᠢᠬᠦ ᠳᠡᠭᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠲᠡᠮᠦᠷ ᠵᠠᠮ ᠪᠣᠯ ᠤᠯᠤᠰ ᠠᠷᠠᠳ ᠤᠨ ᠠᠵᠤ ᠠᠬᠤᠶ ᠶᠢᠨ ᠭᠤᠤᠯ ᠰᠤᠳᠠᠰᠤ ᠮᠥᠨ᠂ ᠥᠪᠥᠷ ᠮᠣᠩᠭᠤᠯ ᠤᠨ ᠭᠠᠵᠠᠷ ᠵᠦᠶ ᠶᠢᠨ ᠨᠥᠬᠦᠴᠡᠯ ᠣᠨᠴᠠᠭᠠᠶ᠂ ᠣᠲᠣ ᠦᠶ᠎ᠡ ᠶᠢᠨ ᠲᠡᠮᠦᠷ ᠵᠠᠮ ᠤᠨ ᠲᠤᠤᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠬᠦ ᠨᠢ ᠨᠠᠩ ᠴᠢᠬᠤᠯᠠ ᠪᠥᠭᠡᠳ ᠪᠠᠴᠢᠮ ᠲᠤᠯᠭᠠᠮ ᠪᠠᠶᠢᠳᠠᠭ᠃ ᠣᠳᠣᠬᠠᠨ ᠳᠤ᠂ ᠪᠥᠬᠦ ᠣᠷᠣᠨ ᠤ ᠲᠡᠮᠦᠷ ᠵᠠᠮ ᠤᠨ ᠰᠠᠭᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠦᠪᠰᠢᠨ ᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠲᠠᠢ ᠬᠠᠷᠢᠴᠠᠭᠤᠯᠪᠠᠯ ᠪᠠᠰᠠ ᠮᠠᠰᠢ ᠣᠯᠠᠨ ᠥᠯᠥ ᠵᠣᠬᠢᠴᠠᠬᠤ ᠭᠠᠵᠠᠷ ᠪᠠᠶᠢᠵᠥ᠂ ᠵᠠᠷᠢᠮ ᠲᠣᠪᠣᠶᠢᠮ᠎ᠠ ᠳᠤᠲᠠᠭᠤᠳᠠᠯ ᠣᠷᠣᠰᠢᠵᠤ ᠪᠣᠶ᠃ ᠡᠭᠦᠨ ᠤ ᠲᠤᠯᠠᠳᠠ᠂ ᠪᠢᠳᠡ ᠵᠠᠮ ᠬᠠᠷᠢᠯᠴᠠᠭᠠᠨ ᠤ ᠬᠦᠴᠦᠷᠬᠡᠭ ᠤᠯᠤᠰ ᠪᠥᠲᠥᠭᠡᠨ ᠬᠦᠳᠦᠯᠪᠦᠷᠢ ᠳᠤ ᠳᠤᠷᠠᠳᠤᠭᠰᠠᠨ 《ᠪᠥᠬᠦ ᠤᠯᠤᠰ ᠤᠨ 123 ᠭᠠᠳᠠᠭᠰᠢ ᠭᠠᠷᠬᠤ ᠵᠠᠮ ᠬᠠᠷᠢᠯᠴᠠᠭᠠᠨ ᠤ ᠲᠣᠭᠤᠷᠢᠭ》 ᠤᠨ ᠬᠠᠷᠠᠯᠲᠠ ᠶᠣᠰᠣᠭᠠᠷ᠂ ᠲᠦᠷᠬᠡᠨ ᠤ ᠲᠡᠮᠦᠷ ᠵᠠᠮ ᠤᠨ ᠲᠤᠤᠷᠵᠢᠯᠳᠠ ᠶᠢ ᠠᠬᠢᠭᠤᠯᠬᠤ᠂ ᠬᠤᠲᠠ ᠶᠢᠨ ᠬᠤᠭᠤᠷᠣᠨᠳᠣᠬᠢ ᠲᠡᠮᠦᠷ ᠵᠠᠮ ᠤᠨ ᠲᠤᠤᠷᠵᠢᠯ ᠤᠨ ᠪᠠᠶᠢᠷᠢᠰᠢᠯ ᠢ ᠴᠢᠩᠭᠠᠷᠠᠭᠤᠯᠬᠤ ᠪᠠᠷ ᠭᠤᠤᠯᠳᠠᠯᠭ᠎ᠠ ᠪᠣᠯᠭᠠᠵᠤ᠂ ᠳᠤᠲᠠᠭᠤᠳᠠᠯ ᠢ ᠨᠥᠬᠦᠪᠥᠷᠢᠯᠡᠬᠦ᠂ ᠪᠣᠭᠤᠮᠢ ᠶᠢ ᠰᠢᠪᠲᠤᠯᠬᠤ ᠳᠤ ᠠᠩᠬᠠᠷᠤᠯ ᠢᠶᠠᠨ ᠲᠦᠪᠯᠡᠷᠡᠬᠦᠯᠵᠤ᠂ ᠨᠢᠭᠡ ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠢ ᠲᠥᠰᠦᠪᠯᠡᠪᠡ᠂ ᠤᠯᠤᠰ ᠤᠨ ᠲᠡᠮᠦᠷ ᠵᠠᠮ ᠤᠨ ᠪᠦᠯᠦᠭᠯᠡᠯ ᠠᠴᠠ ᠬᠦᠴᠦᠲᠡᠶ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠵᠥᠪᠳᠡᠯᠴᠡᠨ ᠲᠣᠭᠲᠠᠭᠰᠠᠨ ᠬᠠᠮᠲᠤᠷᠠᠯᠴᠠᠭᠠᠨ ᠤ ᠵᠦᠢᠯ ᠳᠤ᠂ ᠪᠢᠳᠡ ᠯᠠᠪᠳᠠᠢ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠵᠦ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ ᠬᠡᠪᠡ᠃
ᠯᠦ ᠳ᠋ᠦᠩ ᠹᠦ᠋ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠣᠷᠳᠣ ᠬᠤᠭᠤᠴᠠᠭᠠᠨ ᠤ ᠲᠤᠷᠰᠢ ᠲᠡᠮᠦᠷ ᠵᠠᠮ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠵᠦ᠂ ᠥᠪᠥᠷ ᠮᠣᠩᠭᠤᠯ ᠤᠨ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠠᠮᠢ ᠠᠬᠤᠶ ᠶᠢᠨ ᠠᠮᠤᠷ ᠲᠦᠪᠰᠢᠨ ᠵᠢᠴᠢ ᠤᠯᠤᠰ ᠠᠷᠠᠳ ᠤᠨ ᠠᠵᠤ ᠠᠬᠤᠶ ᠶᠢᠨ ᠲᠣᠭᠲᠠᠭᠤᠨ ᠡᠷᠬᠢᠯᠳᠠ ᠶᠢ ᠪᠠᠲᠤᠯᠠᠬᠤ ᠵᠡᠷᠭᠡ ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠭᠡᠪᠡ᠃ ᠲᠡᠷᠡ᠂ ᠥᠪᠥᠷ ᠮᠣᠩᠭᠤᠯ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠨᠢᠭᠡᠨᠲᠡ ᠵᠣᠬᠢᠬᠤ ᠰᠠᠭᠤᠷᠢ ᠲᠠᠢ ᠪᠣᠯᠤᠭᠰᠠᠨ ᠪᠣᠯᠪᠠᠴᠤ ᠵᠠᠮ ᠤᠨ ᠲᠤᠤᠷ ᠤᠨ ᠪᠦᠲᠦᠴᠡ ᠪᠠ ᠶᠠᠰᠤ ᠴᠢᠨᠠᠷ ᠤᠨ ᠲᠠᠯ᠎ᠠ ᠪᠠᠷ ᠪᠠᠰᠠ ᠮᠠᠰᠢ ᠶᠡᠭᠡ ᠳᠡᠭᠡᠭᠰᠢᠯᠡᠯᠳᠠ ᠶᠢᠨ ᠣᠷᠣᠨ ᠵᠠᠶ ᠪᠠ ᠬᠥᠭᠵᠢᠯᠲᠡ ᠶᠢᠨ ᠳᠠᠯᠳᠠ ᠬᠦᠴᠦᠨ ᠲᠠᠢ ᠪᠠᠶᠢᠨ᠎ᠠ᠃ ᠤᠯᠤᠰ ᠤᠨ ᠲᠡᠮᠦᠷ ᠵᠠᠮ ᠤᠨ ᠪᠦᠯᠦᠭᠯᠡᠯ ᠳᠤᠷᠠᠲᠠᠶ᠎ᠠ ᠥᠪᠥᠷ ᠮᠣᠩᠭᠤᠯ ᠯᠤᠭ᠎ᠠ ᠤᠳᠤ ᠶᠢᠨ ᠪᠠᠶᠢᠭ᠎ᠠ ᠰᠠᠭᠤᠷᠢᠨ ᠳᠡᠭᠡᠷ᠎ᠡ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠤᠯᠠᠮ ᠴᠢᠨᠠᠬᠰᠢᠳᠠ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠨ᠎ᠡ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠤᠯᠤᠯᠴᠠᠭ᠎ᠠ ᠵᠣᠯᠭᠠᠯᠴᠠᠭ᠎ᠠ ᠶᠢᠨ ᠲᠣᠭᠲᠠᠴᠠ ᠶᠢ ᠪᠦᠷᠢᠨᠰᠢᠬᠦᠯᠤᠨ᠂ ᠬᠤᠯᠪᠣᠭᠳᠠᠯ ᠪᠦᠬᠦᠢ ᠵᠦᠢᠯ ᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠤᠯᠪᠣᠭᠳᠠᠯ ᠪᠦᠬᠦᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠬᠤ ᠶᠢ ᠬᠦᠰᠡᠵᠦ ᠪᠠᠶᠢᠨ᠎ᠠ ᠬᠡᠪᠡ᠃
ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠵᠠᠩ ᠱᠤᠤ ᠴᠦᠨ᠂ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠶᠡᠷᠦᠩᠬᠡᠶ ᠳᠠᠭᠠᠭᠠᠮᠠᠯ ᠶᠠᠩ ᠢᠦᠢ ᠳ᠋ᠦᠩ᠂ ᠳᠡᠳ᠋ ᠶᠡᠷᠦᠩᠬᠡᠶ ᠳᠠᠭᠠᠭᠠᠮᠠᠯ ᠭᠦᠸᠧ ᠵᠦ ᠰᠢᠤᠸᠠᠢ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠣᠷᠳᠣᠰ ᠬᠤᠲᠠ ᠶᠢᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠶ᠃