ᠵᠤᠬᠢᠶᠠᠭᠴᠢ:
ᠴᠠᠭ:2022-01-14
ᠥᠵᠡᠭᠰᠡᠨ : ℃
ᠢᠷᠡᠯᠲᠡ: ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
︽14 · 5︾ ᠶᠢᠨ ᠬᠤᠭᠤᠴᠠᠭᠠᠨ ᠳᠤ ᠮᠠᠨ ᠤ ᠣᠷᠣᠨ ᠨᠠᠰᠤᠲᠠᠶᠢᠴᠤᠳ ᠲᠤ ᠲᠠᠪᠤᠨ ᠶᠡᠭᠡ ᠲᠥᠷᠥ ᠶᠢᠨ ᠪᠣᠳᠣᠯᠭ᠎ᠠ ᠶᠢᠨ ︽ᠪᠡᠯᠡᠭ︾ ᠬᠦᠷᠭᠡᠬᠦ ᠪᠠᠷ ᠪᠠᠶᠢᠨ᠎ᠠ
2022 1 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿14 · 5﹀ ᠶᠢᠨ ᠨᠠᠰᠤᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ》 ︵ᠳᠣᠷᠣᠭᠰᠢ 《ᠲᠥᠯᠥᠪᠵᠢᠭᠦᠯᠭᠡ》 ᠭᠡᠵᠦ ᠲᠣᠪᠴᠢᠯᠠᠨ᠎ᠠ︶ ᠳᠤ ᠲᠠᠶᠢᠯᠤᠮᠵᠢ ᠬᠢᠬᠦ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
《14 · 5》 ᠶᠢᠨ ᠬᠤᠭᠤᠴᠠᠭᠠᠨ ᠳᠤ᠂ ᠮᠠᠨ ᠤ ᠣᠷᠣᠨ ᠨᠠᠰᠤᠲᠠᠶᠢᠴᠤᠳ ᠲᠤ ᠨᠡᠶᠢᠭᠡᠮ ᠤᠨ ᠪᠠᠲᠤᠯᠠᠭ᠎ᠠ ᠶᠢᠨ ᠲᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠨᠠᠰᠤᠲᠠᠶᠢᠴᠤᠳ ᠲᠤ ᠨᠠᠩ ᠣᠯᠠᠨ ᠨᠡᠶᠢᠭᠡᠮ ᠤᠨ ᠣᠷᠣᠯᠴᠠᠯᠭ᠎ᠠ ᠬᠠᠩᠭᠠᠬᠤ᠂ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯ ᠢ ᠪᠠᠶᠢᠭᠤᠯᠬᠤ ᠵᠡᠷᠭᠡ ᠲᠠᠪᠤᠨ ᠵᠦᠢᠯ ᠤᠨ ᠲᠥᠷᠥ ᠶᠢᠨ ᠪᠣᠳᠣᠯᠭ᠎ᠠ ᠶᠢᠨ 《ᠪᠡᠯᠡᠭ》 ᠬᠦᠷᠭᠡᠬᠦ ᠪᠠᠷ ᠪᠠᠶᠢᠨ᠎ᠠ᠃
ᠲᠠᠨᠢᠯᠴᠠᠭᠤᠯᠤᠭᠰᠠᠨ ᠢᠶᠠᠷ᠂ 《ᠲᠥᠯᠥᠪᠵᠢᠭᠦᠯᠭᠡ》 ᠳᠤ 《14 · 5》 ᠶᠢᠨ ᠬᠤᠭᠤᠴᠠᠭᠠᠨ ᠳᠠᠬᠢ ᠪᠥᠬᠦ ᠣᠷᠣᠨ ᠤ ᠨᠠᠰᠤᠵᠢᠯ ᠤᠨ ᠦᠢᠯᠡᠰ ᠤᠨ ᠬᠥᠭᠵᠢᠯᠲᠡ ᠶᠢᠨ ᠲᠠᠪᠤᠨ ᠲᠠᠯ᠎ᠠ ᠶᠢᠨ ᠭᠤᠤᠯ ᠬᠠᠷᠠᠯᠲᠠ ᠶᠢ ᠳᠤᠷᠠᠳᠪᠠ᠃ ᠨᠢᠭᠡᠳᠦᠭᠡᠷ ᠬᠠᠷᠠᠯᠲᠠ ᠨᠢ ᠨᠡᠶᠢᠭᠡᠮ ᠤᠨ ᠪᠠᠲᠤᠯᠠᠭ᠎ᠠ ᠶᠢᠨ ᠲᠦᠷᠢᠮ ᠤᠨ ᠲᠣᠭᠲᠠᠯᠴᠠᠭ᠎ᠠ ᠶᠢ ᠨᠡᠩ ᠰᠢᠨᠵᠢᠯᠡᠬᠦ ᠤᠬᠠᠭᠠᠨᠴᠢ ᠪᠣᠯᠭᠠᠨ ᠲᠡᠭᠦᠯᠳᠡᠷᠵᠢᠭᠦᠯᠦᠨ᠎ᠡ᠃ 《14 · 5》 ᠶᠢᠨ ᠬᠤᠭᠤᠴᠠᠭᠠᠨ ᠳᠤ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ᠂ ᠲᠥᠪ ᠭᠤᠣᠯᠴᠢ ᠨᠢᠭᠡᠳᠦᠯᠲᠡᠶ ᠪᠠᠶᠢᠯᠭᠠᠵᠤ᠂ ᠦᠷᠭᠦᠯᠵᠢᠯᠡᠵᠦ ᠪᠣᠯᠬᠤᠶᠢᠴᠠ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠨᠡᠩ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠨ᠎ᠡ᠃ ᠣᠯᠭᠤᠮᠵᠢ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠰᠢᠯᠵᠢᠭᠦᠯᠦᠨ ᠦᠷᠭᠦᠯᠵᠢᠯᠡᠭᠦᠯᠬᠦ ᠠᠵᠢᠯ ᠢ ᠨᠠᠩ ᠤᠷᠤᠭᠰᠢᠲᠠᠶ ᠪᠣᠯᠭᠠᠨ᠎ᠠ᠃ ᠦᠨᠳᠦᠰᠦᠨ ᠡᠮᠴᠢᠯᠡᠭᠡᠨ ᠤ ᠳᠠᠭᠠᠳᠬᠠᠯ ᠢ ᠬᠠᠤᠯᠢ ᠪᠠᠷ ᠲᠣᠭᠲᠠᠭᠠᠭᠰᠠᠨ ᠬᠥᠮᠥᠨ ᠢ ᠪᠦᠬᠦᠨ ᠳᠤ ᠣᠯᠭᠤᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ ᠪᠥᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠲᠦᠪᠰᠢᠨ ᠪᠠ ᠨᠠᠰᠤᠵᠢᠯ ᠤᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠰᠠᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠥᠷᠥ ᠶᠢᠨ ᠪᠣᠳᠣᠯᠭ᠎ᠠ ᠶᠢᠨ ᠵᠠᠭᠪᠤᠷ ᠢ ᠠᠩᠬ᠎ᠠ ᠠᠯᠬᠤᠮ ᠪᠦᠷᠢᠯᠳᠦᠭᠦᠯᠦᠨ᠎ᠡ᠃
ᠬᠤᠶᠠᠳᠤᠭᠠᠷ ᠬᠠᠷᠠᠯᠲᠠ ᠨᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ᠎ᠠ᠃
《14 · 5》 ᠶᠢᠨ ᠬᠤᠭᠤᠴᠠᠭᠠᠨ ᠳᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠠᠩ ᠵᠣᠬᠢᠰᠲᠠᠶ ᠪᠣᠯᠭᠠᠵᠤ᠂ ᠦᠢᠯᠡᠴᠢᠯᠡᠭᠡᠨ ᠤ ᠠᠭᠤᠯᠭ᠎ᠠ ᠶᠢ ᠨᠠᠩ ᠪᠠᠶᠠᠯᠢᠭ ᠪᠣᠯᠭᠠᠨ᠂ ᠦᠢᠯᠡᠴᠢᠯᠡᠭᠡᠨ ᠤ ᠭᠤᠤᠯ ᠴᠣᠭᠴᠠ ᠶᠢ ᠨᠠᠩ ᠣᠯᠠᠨ ᠡᠰᠢᠵᠢᠭᠦᠯᠵᠦ ᠂ ᠦᠢᠯᠡᠴᠢᠯᠡᠭᠡᠨ ᠤ ᠴᠢᠳᠠᠪᠤᠷᠢ ᠪᠠ ᠦᠢᠯᠡᠴᠢᠯᠡᠭᠡᠨ ᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠦᠨ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠴᠡᠭᠡ ᠶᠢ ᠦᠨᠳᠦᠰᠦᠨ ᠳᠤ ᠪᠠᠨ ᠬᠠᠩᠭᠠᠨ᠎ᠠ᠃ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠢᠷᠤᠮᠵᠢᠭᠰᠠᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠨᠣᠷᠮ᠎ᠠ ᠶᠢ 65% ᠠᠴᠠ ᠳᠡᠭᠡᠭᠰᠢ ᠳᠤ ᠬᠦᠷᠦᠭᠦᠯᠵᠦ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠪᠠᠶᠢᠭᠤᠯᠬᠤ ᠬᠠᠷᠢᠴᠠᠯ ᠢ 65% ᠠᠴᠠ ᠳᠡᠭᠡᠭᠰᠢ ᠳᠤ ᠬᠦᠷᠦᠭᠦᠯᠦᠨ᠎ᠡ᠃
ᠭᠤᠷᠪᠠᠳᠤᠭᠠᠷ ᠬᠠᠷᠠᠯᠲᠠ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠨᠡᠩ ᠲᠡᠭᠦᠯᠳᠡᠷᠵᠢᠭᠦᠯᠦᠨ᠎ᠡ᠃ 《14 · 5》 ᠶᠢᠨ ᠬᠤᠭᠤᠴᠠᠭᠠᠨ ᠳᠤ᠂ ᠭᠡᠷ ᠪᠦᠯᠢ ᠪᠣᠯᠣᠨ ᠨᠡᠶᠢᠭᠡᠮ ᠲᠣᠭᠤᠷᠢᠭ ᠤᠨ ᠪᠠᠶᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠨᠡᠵᠦ ᠠᠰᠠᠷᠠᠬᠤ ᠪᠠ ᠡᠷᠡᠭᠦᠯᠵᠢᠭᠦᠯᠵᠦ ᠠᠰᠠᠷᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠦᠷᠢᠯᠳᠦᠭᠦᠯᠦᠨ᠎ᠡ᠃ ᠨᠡᠶᠢᠳᠡᠮ ᠬᠠᠷᠠᠭᠠᠯᠵᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠬᠠᠷᠢᠯᠴᠠᠨ ᠬᠠᠪᠰᠤᠷᠤᠯᠴᠠᠬᠤ ᠴᠢᠨᠠᠷᠲᠠᠶ ᠠᠰᠠᠷᠠᠮᠵᠢ ᠶᠢ ᠤᠯᠠᠮ ᠨᠢᠭᠡ ᠠᠯᠬᠤᠮ ᠬᠥᠭᠵᠢᠭᠦᠯᠵᠦ᠂ ᠡᠮᠨᠡᠬᠦ ᠪᠠ ᠠᠰᠠᠷᠠᠬᠤ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠂ ᠬᠡᠷ ᠪᠦᠯᠢ ᠪᠣᠯᠣᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 90% ᠳᠤ ᠬᠦᠷᠦᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠤᠪᠢᠯᠠᠬᠤ ᠬᠡᠯᠪᠡᠷᠢ ᠶᠢᠨ ᠣᠷᠣ ᠶᠢᠨ ᠡᠵᠡᠯᠡᠬᠦ ᠬᠠᠷᠢᠴᠠᠯ ᠢ 55% ᠠᠴᠠ ᠳᠡᠭᠡᠭᠰᠢ ᠳᠤ ᠬᠦᠷᠦᠭᠦᠯᠦᠨ᠎ᠡ᠃
ᠳᠥᠷᠪᠡᠳᠦᠭᠡᠷ ᠬᠠᠷᠠᠯᠲᠠ ᠨᠢ ᠨᠠᠰᠤᠲᠠᠶᠢᠴᠤᠳ ᠤᠨ ᠨᠡᠶᠢᠭᠡᠮ ᠤᠨ ᠣᠷᠣᠯᠴᠠᠯᠭ᠎ᠠ ᠶᠢ ᠨᠠᠩ ᠥᠷᠭᠡᠨ ᠪᠥᠭᠡᠳ ᠭᠦᠢᠴᠡᠳ ᠪᠣᠯᠭᠠᠨ᠎ᠠ᠃ 《14 · 5》 ᠶᠢᠨ ᠬᠤᠭᠤᠴᠠᠭᠠᠨ ᠳᠤ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠥᠭᠵᠢᠭᠦᠯᠵᠦ᠂ ᠨᠠᠰᠤᠨ ᠲᠤᠷᠰᠢᠳᠠ ᠶᠢᠨ ᠰᠤᠷᠭᠠᠨ ᠬᠥᠮᠦᠵᠢᠯ ᠤᠨ ᠲᠣᠭᠲᠠᠯᠴᠠᠭ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠠᠵᠢᠯᠯᠠᠭᠠᠨ ᠤ ᠲᠠᠯᠠᠪᠤᠷ᠂ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠨᠠᠰᠤᠲᠠᠶᠢᠴᠤᠳ ᠤᠨ ᠬᠥᠳᠡᠯᠮᠦᠷᠢ ᠬᠦᠴᠦᠨ ᠳᠤ ᠠᠵᠢᠯ ᠣᠯᠭᠤᠬᠤ ᠶᠢ ᠠᠬᠢᠭᠤᠯᠬᠤ ᠬᠠᠤᠯᠢ ᠴᠠᠭᠠᠵᠠ ᠶᠢᠨ ᠬᠠᠮᠠᠭᠠᠯᠠᠯᠲᠠ᠂ ᠠᠵᠢᠯ ᠮᠡᠷᠭᠡᠵᠢᠯ ᠤᠨ ᠪᠣᠯᠪᠠᠰᠤᠷᠠᠯ ᠵᠡᠷᠭᠡ ᠬᠤᠯᠪᠣᠭᠳᠠᠯ ᠪᠥᠬᠦᠶ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠪᠠᠶᠢᠭᠤᠯᠵᠤ᠂ 《ᠪᠤᠭᠤᠷᠤᠯᠴᠤᠳ ᠤᠨ ᠠᠵᠢᠯᠯᠠᠭ᠎ᠠ》 ᠶᠢᠨ ᠲᠥᠯᠥᠪᠯᠡᠭᠡ ᠶᠢ ᠶᠡᠭᠡ ᠪᠠᠷ ᠥᠷᠨᠢᠭᠦᠯᠦᠨ᠎ᠡ᠃ ᠪᠥᠬᠦ ᠣᠷᠣᠨ ᠤ ᠰᠤᠷᠭᠠᠨ ᠬᠥᠮᠦᠵᠢᠯ ᠤᠨ ᠠᠵᠢᠯᠯᠠᠭ᠎ᠠ ᠳᠤ ᠪᠠᠶᠢᠩᠭᠤ ᠣᠷᠣᠯᠴᠠᠬᠤ ᠨᠠᠰᠤᠲᠠᠶᠢᠴᠤᠳ ᠤᠨ ᠨᠠᠰᠤᠲᠠᠶᠢᠴᠤᠳ ᠤᠨ ᠬᠥᠮᠦᠨ ᠠᠮᠠ ᠳᠠᠬᠢ ᠡᠵᠡᠯᠡᠬᠦ ᠬᠠᠷᠢᠴᠠᠯ ᠢ 20% ᠠᠴᠠ ᠳᠡᠭᠡᠭᠰᠢ ᠳᠤ ᠬᠦᠷᠦᠭᠦᠯᠦᠨ᠎ᠡ᠃
ᠲᠠᠪᠤᠳᠤᠭᠠᠷ ᠬᠠᠷᠠᠯᠲᠠ ᠨᠢ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯ ᠤᠨ ᠪᠣᠷᠣ ᠲᠥᠯᠥᠪ ᠢ ᠦᠨᠳᠦᠰᠦᠨ ᠳᠤ ᠪᠠᠨ ᠪᠠᠶᠢᠭᠤᠯᠤᠨ᠎ᠠ᠃ 《14 · 5》 ᠶᠢᠨ ᠬᠤᠭᠤᠴᠠᠭᠠᠨ ᠳᠤ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢ ᠳᠡᠮᠵᠢᠬᠦ ᠲᠦᠷᠦ ᠶᠢᠨ ᠪᠤᠳᠤᠯᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠥᠮᠦᠨ ᠠᠮᠠ ᠶᠢᠨ ᠨᠠᠰᠤᠵᠢᠯᠲᠠ ᠶᠢ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠭᠠᠴᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠨᠠᠰᠤᠲᠠᠶᠢᠴᠤᠳ ᠤᠨ ᠣᠶᠤᠨᠴᠢ ᠮᠡᠷᠭᠡᠵᠢᠯ ᠢ ᠬᠡᠷᠡᠭᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠢᠯᠡᠳᠲᠡ ᠰᠠᠶᠢᠵᠢᠷᠠᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠠᠵᠢᠯ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠵᠣᠬᠢᠴᠠᠩᠭᠤᠶ ᠪᠠᠷ ᠬᠥᠭᠵᠢᠭᠦᠯᠵᠦ᠂ ᠨᠠᠰᠤᠲᠠᠨ ᠢᠶᠠᠨ ᠠᠰᠠᠷᠠᠬᠤ᠂ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠨᠡᠶᠢᠭᠡᠮ ᠤᠨ ᠠᠭᠤᠷ ᠠᠮᠢᠰᠬᠤᠯ ᠢ ᠨᠡᠩ ᠃ 《14 · 5》 ᠶᠢᠨ ᠬᠤᠭᠤᠴᠠᠭᠠᠨ ᠳᠤ᠂ ᠵᠢᠯ ᠪᠦᠷᠢ ᠪᠦᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ 30 ᠣᠷᠴᠢᠮ ᠡᠭᠦᠳᠦᠨ ᠪᠠᠶᠢᠭᠤᠯᠤᠨ᠎ᠠ᠃