ᠵᠤᠬᠢᠶᠠᠭᠴᠢ:
ᠴᠠᠭ:2022-01-14
ᠥᠵᠡᠭᠰᠡᠨ : ℃
ᠢᠷᠡᠯᠲᠡ: ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
ᠾᠧᠩ ᠰᠢᠶᠤᠤ ᠹᠠᠨ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠪᠠᠶᠢᠴᠠᠭᠠᠨ ᠰᠤᠳᠤᠯᠬᠤ ᠳᠤ ᠪᠠᠨ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠴᠢᠩᠭᠠᠳᠬᠠᠵᠤ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ ᠳᠤ ᠠᠮᠤᠷ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠨᠦᠬᠦᠴᠡᠯ ᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ
ᠾᠧᠩ ᠰᠢᠶᠤᠤ ᠹᠠᠨ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠪᠠᠶᠢᠴᠠᠭᠠᠨ ᠰᠤᠳᠤᠯᠬᠤ ᠳᠤ ᠪᠠᠨ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠴᠢᠩᠭᠠᠳᠬᠠᠵᠤ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ ᠳᠤ ᠠᠮᠤᠷ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠨᠦᠬᠦᠴᠡᠯ ᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ
2022 1 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠪᠦᠯᠬᠦᠮ ᠳᠠᠭᠠᠭᠤᠯᠤᠨ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠠᠬᠢᠳᠠᠯ ᠰᠣᠷᠪᠤᠯᠵᠢᠯᠠᠯ ᠤᠨ ᠲᠣᠪᠴᠢᠶ᠎ᠠ ᠳᠤ ᠬᠦᠷᠴᠦ᠂ 《ᠭᠤᠷᠪᠠᠨ ᠶᠡᠭᠡ ᠠᠵᠢᠯᠯᠠᠭ᠎ᠠ ᠦᠷᠨᠢᠭᠦᠯᠵᠦ ᠨᠢᠭᠡ ᠶᠢ ᠴᠢᠩᠭ᠎ᠠ ᠪᠠᠶᠢᠴᠠᠭᠠᠬᠤ》 ᠪᠠᠷ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ 《ᠭᠤᠷᠪᠠ ᠶᠢ ᠭᠦᠢᠴᠡᠳᠬᠡᠵᠦ ᠨᠢᠭᠡ ᠶᠢ ᠰᠢᠢᠳᠪᠦᠷᠢᠯᠡᠬᠦ》 ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠲᠠᠯ᠎ᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠣᠶᠢᠯᠠᠭᠠᠪᠠ᠃
ᠾᠧᠩ ᠰᠢᠶᠤᠤ ᠹᠠᠨ ᠴᠢᠬᠤᠯᠠᠴᠢᠯᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠺᠠᠳ᠋ᠷ ᠵᠠᠬᠢᠳᠠᠯ ᠰᠣᠷᠪᠤᠯᠵᠢᠯᠠᠯ ᠤᠨ ᠠᠵᠢᠯ ᠤᠨ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠣᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠤᠯᠵᠢᠬᠤᠨ ᠢ ᠪᠠᠷᠢᠮᠲᠠᠯᠠᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠪᠦᠲᠦᠮᠵᠢ ᠶᠢᠨ ᠦᠵᠡᠯᠲᠡ ᠶᠢ ᠪᠤᠢ ᠪᠣᠯᠭᠠᠵᠤ᠂ 《ᠬᠤᠶᠠᠷ ᠢ ᠬᠠᠮᠠᠭᠠᠯᠠᠬᠤ》 ᠶᠢ ᠪᠣᠳᠠᠲᠠᠢ ᠠᠵᠢᠯᠯᠠᠭ᠎ᠠ ᠳᠡᠭᠡᠷ᠎ᠡ ᠪᠠᠨ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ ᠪᠠᠶᠢᠷᠢᠯᠠᠭᠤᠯᠤᠯᠲᠠ ᠶᠣᠰᠣᠭᠠᠷ᠂ ᠱᠢ ᠲᠠᠢ ᠹᠧᠩ ᠱᠦᠵᠢ᠂ ᠸᠠᠩ ᠯᠢ ᠰᠢᠶᠠ ᠲᠡᠷᠢᠭᠦᠯᠡᠭᠴᠢ ᠶᠢᠨ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠭᠦᠨᠵᠡᠭᠡᠶ ᠰᠢᠢᠳᠪᠦᠷᠢᠯᠡᠵᠦ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠲᠤᠬᠠᠶ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠪᠠᠷ ᠬᠤᠷᠠᠯᠳᠤᠬᠤ ᠳᠤ ᠠᠮᠤᠷ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠨᠥᠬᠦᠴᠡᠯ ᠢ ᠴᠢᠷᠮᠠᠶᠢᠨ ᠡᠭᠦᠳᠬᠦ ᠬᠡᠷᠡᠭᠲᠡᠶ᠃ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠤᠷᠢᠳ ᠢᠶᠠᠷ ᠬᠦᠯᠢᠶᠡᠨ ᠠᠪᠴᠤ ᠤᠷᠢᠳ ᠢᠶᠠᠷ ᠰᠢᠢᠳᠪᠦᠷᠢᠯᠡᠬᠦ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠴᠢᠩᠭᠠᠳᠬᠠᠵᠤ᠂ ᠵᠢᠭᠰᠠᠭᠠᠨ ᠪᠠᠶᠢᠴᠠᠭᠠᠬᠤ᠂ ᠨᠠᠮᠳᠠᠭᠠᠬᠤ᠂ ᠲᠣᠭᠲᠠᠭᠤᠨ ᠢ ᠡᠵᠡᠮᠳᠡᠬᠦ᠂ ᠴᠣᠬᠢᠯᠲᠠ ᠥᠭᠬᠦ ᠡᠯ᠎ᠡ ᠭᠤᠭᠴᠤᠭ᠎ᠠ ᠶᠢᠨ ᠠᠵᠢᠯ ᠢ ᠰᠠᠶᠢᠲᠤᠷ ᠬᠢᠵᠦ᠂ 《ᠭᠤᠷᠪᠠ ᠶᠢ ᠭᠦᠢᠴᠡᠳᠬᠡᠵᠦ ᠨᠢᠭᠡ ᠶᠢ ᠰᠢᠢᠳᠪᠦᠷᠢᠯᠡᠬᠦ》 ᠱᠠᠭᠠᠷᠳᠠᠯᠭ᠎ᠠ ᠶᠢ ᠯᠠᠪᠳᠠᠭᠤᠨ ᠪᠤᠲᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠵᠠᠬᠢᠳᠠᠯ ᠰᠣᠷᠪᠤᠯᠵᠢᠯᠠᠯ ᠤᠨ ᠠᠵᠢᠯ ᠤᠨ ᠺᠠᠳ᠋ᠷ ᠤᠨ ᠡᠩᠨᠡᠭᠡ ᠪᠣᠯᠤᠨ ᠵᠠᠬᠢᠳᠠᠯ ᠰᠣᠷᠪᠤᠯᠵᠢᠯᠠᠯ ᠤᠨ ᠮᠡᠳᠡᠭᠡ ᠵᠠᠩᠭᠢᠴᠢᠯᠠᠯᠲᠠ᠂ ᠤᠶᠤᠨᠴᠢᠯᠠᠯᠳᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠬᠢᠳᠠᠯ ᠰᠣᠷᠪᠤᠯᠵᠢᠯᠠᠯ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃