ᠵᠤᠬᠢᠶᠠᠭᠴᠢ: ᠢᠷᠡᠯᠲᠡ᠄ ᠥᠪᠥᠷ ᠮᠣᠩᠭᠤᠯ ᠤᠨ     ᠵᠠᠰᠠᠭ ᠤᠨ ᠣᠷᠳᠣᠨ   ᠴᠠᠭ:2022-01-21 ᠥᠵᠡᠭᠰᠡᠨ : ᠢᠷᠡᠯᠲᠡ:
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠳᠠᠷᠠᠭᠠᠴᠢ ᠶᠢᠨ ᠱᠠᠲᠤ  ᠢᠯᠠᠩᠭᠤᠶ᠎ᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠨᠡᠭᠦᠷᠡᠰᠦ ᠴᠠᠬᠢᠯᠭᠠᠨ ᠲᠣᠰᠣ ᠬᠡᠢ ᠲᠡᠭᠡᠭᠡᠪᠦᠷᠢ ᠶᠢᠨ ᠪᠠᠲᠤᠯᠠᠭ᠎ᠠ ᠪᠣᠯᠣᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠪᠠᠶᠢᠷᠢᠯᠠᠭᠤᠯᠪᠠ

ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠳᠠᠷᠠᠭᠠᠴᠢ ᠶᠢᠨ ᠱᠠᠲᠤ  ᠢᠯᠠᠩᠭᠤᠶ᠎ᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠨᠡᠭᠦᠷᠡᠰᠦ ᠴᠠᠬᠢᠯᠭᠠᠨ ᠲᠣᠰᠣ ᠬᠡᠢ ᠲᠡᠭᠡᠭᠡᠪᠦᠷᠢ ᠶᠢᠨ ᠪᠠᠲᠤᠯᠠᠭ᠎ᠠ ᠪᠣᠯᠣᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠪᠠᠶᠢᠷᠢᠯᠠᠭᠤᠯᠪᠠ

ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ  ᠲᠠᠷᠠᠭᠠᠴᠢ ᠶᠢᠨ ᠱᠠᠲᠤ   ᠢᠯᠠᠩᠭᠤᠶ᠎ᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠨᠡᠭᠦᠷᠡᠰᠦ ᠴᠠᠬᠢᠯᠭᠠᠨ ᠲᠣᠰᠣ ᠬᠡᠢ ᠲᠡᠭᠡᠭᠡᠪᠦᠷᠢ ᠶᠢᠨ ᠪᠠᠲᠤᠯᠠᠭ᠎ᠠ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠪᠠᠶᠢᠷᠢᠯᠠᠭᠤᠯᠪᠠ       

ᠬᠤᠭᠤᠴᠠᠭ᠎ᠠ ᠨᠢ ᠲᠤᠯᠤᠭᠰᠠᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠬᠡᠰᠡᠭ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠪᠠ ᠬᠥᠭᠵᠢᠯᠲᠡ ᠶᠢ ᠳᠡᠮᠵᠢᠬᠦ ᠪᠠᠷ ᠲᠣᠭᠲᠠᠪᠠ       

ᠰᠢᠨᠬᠤᠸᠠ ᠬᠤᠷᠢᠶᠠᠨ ᠤ ᠪᠡᠭᠡᠵᠢᠩ ᠤᠨ 2022  1 ᠳ᠋ᠦ᠋ᠭᠡᠷ ᠰᠠᠷ᠎ᠠ ᠶᠢᠨ 19  ᠤ ᠡᠳᠦᠷ ᠤᠨ ᠴᠠᠬᠢᠯᠭᠠᠨ ᠮᠡᠳᠡᠭᠡ   ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 19  ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠠᠷᠠᠭᠠᠴᠢ ᠶᠢᠨ ᠱᠠᠲᠤ  ᠢᠯᠠᠩᠭᠤᠶ᠎ᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠨᠡᠭᠦᠷᠡᠰᠦ ᠴᠠᠬᠢᠯᠭᠠᠨ ᠲᠣᠰᠣ ᠬᠡᠢ ᠲᠡᠭᠡᠭᠡᠪᠦᠷᠢ ᠶᠢᠨ ᠪᠠᠲᠤᠯᠠᠭ᠎ᠠ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠪᠠᠶᠢᠷᠢᠯᠠᠭᠤᠯᠪᠠ︔ ᠬᠤᠭᠤᠴᠠᠭ᠎ᠠ ᠨᠢ ᠲᠤᠯᠤᠭᠰᠠᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠬᠡᠰᠡᠭ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠪᠠ ᠬᠥᠭᠵᠢᠯᠲᠡ ᠶᠢ ᠳᠡᠮᠵᠢᠬᠦ ᠪᠠᠷ ᠲᠣᠭᠲᠠᠪᠠ᠃       

ᠬᠤᠷᠠᠯ ᠠᠴᠠ ᠵᠢᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠨᠧᠷᠭᠢ ᠶᠢᠨ ᠰᠤᠷᠪᠤᠯᠵᠢ ᠪᠣᠯᠣᠨ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠴᠢᠩᠭᠠᠳᠬᠠᠬᠤ ᠬᠡᠷᠡᠭᠲᠡᠢ᠂ ᠣᠳᠣᠬᠠᠨ ᠳᠤ ᠨᠡᠭᠦᠷᠡᠰᠦ ᠴᠠᠬᠢᠯᠭᠠᠨ ᠲᠣᠰᠣ ᠬᠡᠢ ᠲᠡᠭᠡᠭᠡᠪᠦᠷᠢ ᠶᠢᠨ ᠪᠠᠲᠤᠯᠠᠭ᠎ᠠ ᠶᠡᠷᠦᠩᠬᠡᠢ ᠳᠤ ᠪᠠᠨ ᠲᠣᠭᠲᠠᠭᠤᠨ ᠪᠠᠶᠢᠵᠤ᠂ ᠠᠮᠤ  ᠲᠣᠰᠣ ᠮᠢᠬ᠎ᠠ ᠥᠨᠳᠡᠭᠡ ᠰᠦ ᠵᠢᠮᠢᠰ ᠨᠣᠭᠤᠭ᠎ᠠ ᠵᠡᠷᠭᠡ ᠠᠷᠠᠳ ᠤᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠶᠢᠨ ᠬᠡᠮᠵᠢᠶ᠎ᠡ ᠭᠦᠢᠴᠡᠳ ᠪᠥᠭᠡᠳ ᠦᠨ᠎ᠡ ᠬᠠᠩᠰᠢ ᠲᠣᠭᠲᠠᠭᠤᠨ ᠪᠠᠶᠢᠨ᠎ᠠ ᠭᠡᠵᠡᠢ᠃ ᠬᠤᠷᠠᠯ ᠠᠴᠠ ᠱᠠᠭᠠᠷᠳᠠᠭᠰᠠᠨ ᠨᠢ᠂ ᠡᠨᠧᠷᠭᠢ  ᠪᠣᠯᠣᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠪᠣᠳᠠᠲᠠᠢ ᠪᠥᠭᠡᠳ ᠨᠠᠷᠢᠯᠢᠭ ᠠᠳᠬᠤᠵᠤ᠂ ᠠᠵᠤ ᠠᠬᠤᠢ ᠶᠢᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠬᠡᠷᠡᠭᠲᠡᠢ᠃ ᠨᠢᠭᠡ ᠳᠤ᠂ ᠨᠡᠭᠦᠷᠡᠰᠦ ᠴᠠᠬᠢᠯᠭᠠᠨ ᠲᠣᠰᠣ ᠬᠡᠢ ᠲᠡᠭᠡᠭᠡᠪᠦᠷᠢ ᠶᠢᠨ ᠲᠠᠯ᠎ᠠ ᠶᠢᠨ ᠶᠠᠮᠤᠨ ᠤ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠣᠯᠣᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠨᠡᠭᠦᠷᠡᠰᠦᠨ ᠤ ᠬᠡᠪ ᠤᠨ ᠦᠢᠯᠡᠳᠪᠦᠷᠢᠯᠡᠯ ᠢ ᠪᠠᠲᠤᠯᠠᠵᠤ᠂ ᠴᠠᠬᠢᠯᠭᠠᠨ ᠭᠠᠷᠭᠠᠬᠤ ᠢᠯᠴᠢ ᠬᠠᠩᠭᠠᠬᠤ ᠨᠡᠭᠦᠷᠡᠰᠦ ᠲᠡᠭᠡᠭᠡᠪᠦᠷᠢᠯᠡᠬᠦ ᠶᠢ ᠤᠷᠢᠳ ᠢᠶᠠᠷ ᠪᠠᠲᠤᠯᠠᠬᠤ ᠬᠡᠷᠡᠭᠲᠡᠢ᠃ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ ᠭᠠᠷᠭᠠᠬᠤ ᠶᠣᠰᠣᠲᠠᠢ ᠶᠢ ᠨᠢ ᠪᠦᠬᠦᠨ ᠢ ᠭᠠᠷᠭᠠᠬᠤ ᠶᠢ ᠳᠡᠮᠵᠢᠵᠦ᠂ ᠣᠯᠠᠨ ᠠᠷᠭ᠎ᠠ ᠵᠠᠮ ᠢᠶᠠᠷ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠳᠤ ᠬᠦᠴᠦᠨ ᠨᠡᠮᠡᠷᠢᠯᠡᠬᠦ ᠶᠢ ᠳᠡᠭᠡᠭᠰᠢᠯᠡᠭᠦᠯᠦᠨ᠂ ᠮᠤᠵᠢ ᠣᠷᠣᠨ ᠠᠯᠤᠰᠯᠠᠨ ᠴᠠᠬᠢᠯᠭᠠᠨ ᠬᠦᠷᠭᠡᠬᠦ ᠵᠠᠮ ᠱᠤᠭᠤᠮ ᠢ ᠰᠠᠶᠢᠲᠤᠷ ᠬᠡᠷᠡᠭᠯᠡᠵᠦ ᠢᠯᠡᠭᠦᠳᠡᠯ ᠳᠤᠲᠠᠭᠤᠳᠠᠯ ᠤᠨ ᠬᠠᠷᠢᠯᠴᠠᠨ ᠨᠥᠬᠦᠪᠦᠷᠢᠯᠡᠨ ᠲᠤᠰᠠᠯᠠᠬᠤ ᠶᠢ ᠴᠢᠩᠭᠠᠳᠬᠠᠬᠤ ᠬᠡᠷᠡᠭᠲᠡᠢ᠃ ᠲᠣᠰᠣ ᠬᠡᠢ ᠶᠢᠨ ᠠᠭᠤᠷᠬᠠᠢ ᠶᠢᠨ ᠠᠶᠤᠯ ᠦᠭᠡᠢ ᠪᠥᠭᠡᠳ ᠭᠦᠢᠴᠡᠳ ᠳᠠᠭᠠᠭᠠᠴᠠ ᠲᠠᠢ ᠦᠢᠯᠡᠳᠪᠦᠷᠢᠯᠡᠯ ᠢ ᠠᠬᠢᠭᠤᠯᠵᠤ᠂ ᠲᠣᠰᠣ ᠬᠡᠢ ᠶᠢᠨ ᠬᠠᠩᠭᠠᠯᠭ᠎ᠠ ᠶᠢ ᠴᠢᠷᠮᠠᠶᠢᠨ ᠪᠠᠲᠤᠯᠠᠵᠤ᠂ ᠤᠮᠠᠷᠠᠲᠤ ᠶᠢᠨ ᠡᠬᠢ ᠪᠠᠶᠠᠯᠢᠭ ᠢᠶᠠᠷ ᠪᠠᠴᠢᠮ ᠰᠢᠭ᠋ ᠭᠠᠵᠠᠷ ᠣᠷᠣᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠪᠠ ᠡᠨᠧᠷᠭᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠬᠤᠶᠠᠷ ᠲᠤ᠂ 《  》 ᠬᠤᠲᠠ ᠶᠢᠨ ᠳᠠᠷᠤᠭ᠎ᠠ  ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠢᠳᠡᠰᠢᠨ ᠨᠣᠭᠤᠭ᠎ᠠ ᠲᠠᠷᠢᠬᠤ ᠶᠢ ᠥᠷᠭᠡᠳᠬᠡᠵᠦ᠂ ᠮᠢᠬ᠎ᠠ ᠥᠨᠳᠡᠭᠡ ᠰᠦ᠂ ᠤᠰᠤᠨ ᠤ ᠭᠠᠷᠤᠯᠲᠠ ᠶᠢᠨ ᠦᠢᠯᠡᠳᠪᠦᠷᠢᠯᠡᠯ ᠬᠠᠩᠭᠠᠯᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠵᠠᠮ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ᠂ ᠡᠯᠧᠺᠲᠷᠣᠨ ᠬᠤᠳᠠᠯᠳᠤᠭᠠᠨ ᠤ ᠲᠠᠪᠴᠠᠩ᠂ ᠵᠢᠵᠢᠭᠯᠡᠨ ᠬᠤᠳᠠᠯᠳᠤᠬᠤ ᠲᠣᠣᠷ ᠴᠡᠭ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠡᠪ ᠤᠨ ᠡᠵᠡᠩᠨᠡᠯᠲᠡ ᠶᠢ ᠬᠥᠲᠥᠯᠥᠨ ᠵᠢᠯᠤᠭᠤᠳᠴᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠶᠠᠯᠢᠭᠵᠢᠭᠤᠯᠤᠨ᠂ ᠬᠡᠷᠡᠭᠯᠡᠭᠡ ᠶᠢ ᠥᠷᠭᠡᠳᠬᠡᠬᠦ ᠶᠢ ᠠᠬᠢᠭᠤᠯᠤᠨ᠎ᠠ᠃ ᠭᠠᠮᠰᠢᠭᠳᠠᠭᠰᠠᠨ ᠤᠯᠠᠨ ᠲᠦᠮᠡᠨ ᠪᠠ ᠬᠦᠴᠢᠷᠳᠡᠯ ᠲᠠᠢ ᠬᠥᠮᠥᠰ ᠢ ᠬᠠᠪᠰᠤᠷᠤᠨ ᠲᠡᠳᠬᠦᠬᠦ ᠪᠤᠶᠤ   ᠲᠤᠰᠠᠯᠠᠬᠤ ᠡᠷᠴᠢᠮ ᠢ ᠴᠢᠩᠭᠠᠷᠠᠭᠤᠯᠤᠨ᠎ᠠ᠃ ᠭᠤᠷᠪᠠ ᠳᠤ᠂ ᠬᠠᠲᠠᠭᠤ ᠰᠢᠷᠦᠭᠦᠨ ᠴᠠᠭ ᠠᠭᠤᠷ᠂ ᠭᠡᠨᠡᠳᠲᠡ ᠶᠢᠨ ᠬᠢᠵᠢᠭ ᠤᠨ ᠪᠠᠶᠢᠳᠠᠯ ᠵᠡᠷᠭᠡ ᠪᠣᠯᠵᠣᠰᠢ ᠦᠭᠡᠢ ᠬᠦᠴᠦᠨ ᠵᠦᠢᠯ ᠢ ᠠᠷᠭᠠᠴᠠᠬᠤ ᠪᠡᠯᠡᠳᠬᠡᠯ ᠲᠥᠰᠥᠯ ᠢ ᠦᠷᠭᠦᠯᠵᠢᠯᠡᠨ ᠰᠠᠶᠢᠲᠤᠷ ᠬᠢᠵᠦ᠂ ᠣᠷᠣᠨ ᠨᠤᠲᠤᠭ ᠢ ᠵᠢᠯᠣᠭᠤᠳᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠵᠠᠮ ᠬᠠᠷᠢᠯᠴᠠᠭᠠᠨ ᠤ  ᠲᠣᠣᠷ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠪᠠᠲᠤᠯᠠᠭ᠎ᠠ ᠶᠢ ᠴᠢᠩᠭᠠᠳᠬᠠᠨ᠂ ᠬᠢᠵᠢᠭ ᠤᠨ ᠪᠠᠶᠢᠳᠠᠯ ᠠᠴᠠ ᠪᠣᠯᠵᠤ ᠪᠢᠲᠡᠭᠦᠮᠵᠢᠯᠡᠭᠰᠡᠨ ᠭᠠᠵᠠᠷ ᠣᠷᠣᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠬᠢᠵᠦ᠂ ᠨᠡᠶᠢᠭᠡᠮ ᠤᠨ ᠬᠦᠴᠦᠨ ᠪᠠ ᠨᠡᠶᠢᠭᠡᠮ ᠲᠣᠭᠤᠷᠢᠭ ᠤᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ 《ᠡᠴᠦᠰ ᠤᠨ ᠨᠢᠭᠡ ᠺᠢᠯᠣᠮᠧᠲᠷ》 《ᠡᠴᠦᠰ ᠤᠨ ᠨᠢᠭᠡ ᠮᠧᠲᠷ》 ᠤᠨ ᠡᠳ᠋ ᠪᠣᠳᠠᠰ ᠤᠨ ᠲᠣᠬᠢᠷᠠᠭᠤᠯᠤᠯᠲᠠ ᠬᠦᠷᠭᠡᠯᠲᠡ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠥᠷᠪᠡ ᠳᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠬᠢᠨᠠᠨ  ᠴᠢᠩᠭᠠᠳᠬᠠᠵᠤ᠂ ᠢᠳᠡᠭᠡᠨ ᠤ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠦᠨ᠎ᠡ ᠬᠠᠩᠰᠢ ᠶᠢ  ᠥᠰᠬᠡᠬᠦ ᠵᠡᠷᠭᠡ ᠬᠠᠤᠯᠢ ᠵᠥᠷᠢᠴᠡᠭᠰᠡᠨ  ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠡᠢ᠃       

ᠬᠤᠷᠠᠯ ᠠᠴᠠ ᠵᠢᠭᠠᠭᠰᠠᠨ ᠨᠢ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠣᠯ ᠰᠢᠭᠤᠳ᠂ ᠪᠦᠲᠦᠮᠵᠢᠲᠡᠢ᠂ ᠡᠷᠬᠡ ᠲᠡᠭᠰᠢ ᠪᠠᠷ ᠠᠵᠤ ᠠᠬᠤᠶᠢᠯᠠᠯ ᠠᠷᠠᠳ ᠲᠦᠮᠡᠨ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠪᠣᠯᠣᠨ᠎ᠠ ᠭᠡᠵᠡᠢ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠲᠤᠰᠠᠳᠠ᠂ ᠬᠤᠷᠠᠯ ᠠᠴᠠ ᠲᠣᠭᠲᠠᠭᠠᠭᠰᠠᠨ ᠨᠢ᠂ ᠡᠮᠦᠨᠡᠬᠢ ᠬᠤᠭᠤᠴᠠᠭᠠᠨ ᠳᠤ ᠨᠢᠭᠡᠨᠲᠡ ᠬᠤᠭᠤᠴᠠᠭ᠎ᠠ ᠨᠢ ᠲᠤᠯᠤᠭᠰᠠᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠬᠡᠰᠡᠭ ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠶᠢ ᠤᠷᠲᠤᠳᠬᠠᠭᠰᠠᠨ ᠰᠠᠭᠤᠷᠢᠨ ᠳᠡᠭᠡᠷ᠎ᠡ᠂ ᠰᠢᠨᠵᠢᠯᠡᠬᠦ ᠤᠬᠠᠭᠠᠨ ᠮᠡᠷᠭᠡᠵᠢᠯ᠂ ᠠᠵᠢᠯ ᠣᠯᠵᠤ ᠦᠢᠯᠡᠰ ᠴᠣᠭᠴᠠᠯᠠᠬᠤ᠂ ᠡᠮᠴᠢᠯᠡᠭᠡ᠂ ᠰᠤᠷᠭᠠᠨ ᠬᠥᠮᠦᠵᠢᠯ ᠵᠡᠷᠭᠡ ᠳᠤ ᠬᠤᠯᠪᠣᠭᠳᠠᠭᠰᠠᠨ ᠪᠤᠰᠤᠳ 11 ᠵᠦᠢᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ 2023 ᠣᠨ ᠤ ᠰᠡᠭᠦᠯᠴᠢ ᠪᠣᠯᠲᠠᠯ᠎ᠠ ᠦᠷᠭᠦᠯᠵᠢᠯᠡᠨ ᠬᠡᠷᠡᠭᠵᠢᠭᠦᠯᠦᠨ᠎ᠡ᠃ ᠨᠢᠭᠡ ᠳᠤ᠂ ᠨᠥᠬᠦᠴᠡᠯ ᠳᠤ ᠨᠡᠶᠢᠴᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠪᠠ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠶᠢᠨ ᠨᠡᠪᠴᠢᠭᠦᠯᠦᠨ ᠦᠢᠯᠡᠴᠢᠯᠡᠬᠦ ᠥᠷᠲᠡᠭ ᠨᠡᠮᠡᠭᠳᠡᠯ ᠤᠨ ᠭᠠᠶᠢᠯᠢ ᠶᠢ ᠬᠡᠯᠲᠦᠷᠢᠭᠦᠯᠵᠦ᠂ ᠲᠡᠭᠦᠨ ᠤ ᠥᠪᠡᠷ ᠢᠶᠠᠨ ᠬᠡᠷᠡᠭᠯᠡᠬᠦ ᠵᠢᠴᠢ ᠨᠡᠪᠴᠢᠭᠦᠯᠬᠦ ᠡᠲᠡᠭᠡᠳ ᠲᠤ ᠬᠠᠩᠭᠠᠨ ᠬᠡᠷᠡᠭᠯᠡᠭᠦᠯᠵᠦ ᠪᠠᠶᠢᠭ᠎ᠠ ᠭᠡᠷ ᠬᠥᠷᠥᠩᠭᠡ᠂ ᠭᠠᠵᠠᠷ ᠰᠢᠷᠣᠢ ᠠᠴᠠ ᠭᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠤᠨ ᠤ ᠭᠠᠵᠠᠷ ᠰᠢᠷᠣᠢ   ᠤ ᠭᠠᠶᠢᠯᠢ ᠲᠠᠲᠠᠪᠤᠷᠢᠯᠠᠬᠤ ᠶᠢ ᠬᠡᠯᠲᠦᠷᠢᠭᠦᠯᠦᠨ᠎ᠡ᠃  ᠬᠠᠨ ᠡᠭᠦᠳᠦᠨ ᠪᠠᠶᠢᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠦᠷᠭᠦᠯᠵᠢᠯᠡᠨ ᠠᠭᠤᠵᠢᠭᠤ ᠲᠠᠯᠪᠢᠵᠤ᠂ ᠨᠥᠬᠦᠴᠡᠯ ᠳᠤ ᠨᠡᠶᠢᠴᠡᠭᠰᠡᠨ ᠦᠢᠯᠡᠰ ᠴᠣᠭᠴᠠᠯᠠᠵᠤ ᠪᠡᠯᠡ ᠣᠷᠣᠭᠤᠯᠬᠤ ᠠᠵᠤ ᠠᠬᠤᠶᠢᠯᠠᠯ ᠪᠠ ᠠᠨᠴᠢᠯ ᠤᠨ ᠪᠡᠯᠡ ᠣᠷᠣᠭᠤᠯᠤᠯᠲᠠ ᠶᠢᠨ ᠬᠤᠪᠢ ᠬᠥᠮᠥᠨ ᠠᠴᠠ ᠪᠡᠯᠡ ᠣᠷᠣᠭᠤᠯᠤᠭᠰᠠᠨ ᠪᠠᠶᠢᠪᠠᠯ᠂ ᠪᠡᠯᠡ ᠣᠷᠣᠭᠤᠯᠤᠭᠰᠠᠨ ᠲᠤᠭ᠎ᠠ ᠶᠢᠨ ᠵᠣᠬᠢᠬᠤ ᠬᠠᠷᠢᠴᠠᠯ ᠢᠶᠠᠷ ᠭᠠᠶᠢᠯᠢ ᠲᠤᠰᠢᠶᠠᠬᠤ ᠶᠣᠰᠣᠲᠠᠢ ᠠᠰᠢᠭ ᠣᠷᠣᠯᠭ᠎ᠠ ᠶᠢᠨ ᠲᠤᠭ᠎ᠠ ᠶᠢ ᠲᠤᠯᠭᠠᠨ ᠰᠠᠭᠤᠯᠭᠠᠨ᠎ᠠ᠃ ᠠᠵᠤ ᠠᠬᠤᠶᠢᠯᠠᠯ ᠤᠳ ᠤᠨ ᠡᠯᠰᠡᠨ ᠬᠡᠷᠡᠭᠯᠡᠭᠰᠡᠨ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠤᠨ ᠠᠯᠪᠠᠨ ᠠᠴᠠ ᠬᠠᠯᠠᠭᠳᠠᠭᠰᠠᠳ ᠪᠣᠯᠣᠨ ᠴᠡᠷᠢᠭ ᠤᠨ  ᠠᠴᠠ ᠬᠠᠯᠠᠭᠳᠠᠭᠰᠠᠳ ᠤᠨ ᠬᠤᠪᠢ ᠶᠢᠨ ᠡᠵᠡᠩᠨᠡᠯᠲᠡ ᠶᠢᠨ ᠦᠢᠯᠡᠰ ᠡᠷᠬᠢᠯᠡᠭᠰᠡᠳ ᠠᠴᠠ ᠭᠠᠶᠢᠯᠢ ᠲᠠᠲᠠᠪᠤᠷᠢ ᠪᠣᠯᠣᠨ ᠬᠤᠯᠪᠣᠭᠳᠠᠯ ᠪᠦᠬᠦᠢ ᠨᠡᠮᠡᠯᠲᠡ ᠰᠦᠢᠳᠬᠡᠯ ᠢ ᠦᠷᠭᠦᠯᠵᠢᠯᠡᠨ ᠵᠣᠬᠢᠬᠤ ᠬᠢᠵᠠᠭᠠᠷ ᠲᠤᠭ᠎ᠠ ᠪᠠᠷ ᠲᠡᠰ ᠳᠠᠷᠠᠭᠠᠯᠠᠨ ᠬᠠᠰᠤᠨ᠎ᠠ᠃ ᠬᠤᠶᠠᠷ ᠲᠤ᠂ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠭᠠᠯᠠᠬᠤ ᠵᠠᠬ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠠᠴᠠ ᠬᠤᠷᠢᠶᠠᠬᠤ ᠭᠡᠷ ᠬᠥᠷᠥᠩᠭᠡ ᠶᠢᠨ ᠭᠠᠶᠢᠯᠢ ᠪᠠ ᠬᠤᠳᠠ ᠪᠠᠯᠭᠠᠰᠤᠨ ᠤ ᠭᠠᠵᠠᠷ ᠰᠢᠷᠣᠢ  ᠤ ᠭᠠᠶᠢᠯᠢ ᠶᠢ ᠬᠡᠯᠲᠦᠷᠢᠭᠦᠯᠦᠨ᠎ᠡ᠃ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠲᠠᠯᠠᠪᠤᠷ ᠵᠡᠷᠭᠡ ᠡᠵᠡᠩᠨᠡᠯᠲᠡ ᠳᠤ ᠬᠡᠷᠡᠭᠯᠡᠬᠦ ᠭᠠᠵᠠᠷ ᠠᠴᠠ ᠬᠤᠷᠢᠶᠠᠬᠤ ᠬᠤᠲᠠ ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠶᠢ ᠬᠡᠯᠲᠦᠷᠢᠭᠦᠯᠦᠨ᠎ᠡ᠃ ᠭᠤᠷᠪᠠ ᠳᠤ᠂ ᠦᠷᠭᠦᠯᠵᠢᠯᠡᠨ ᠮᠤᠵᠢ ᠶᠢᠨ ᠱᠠᠲᠤᠨ ᠤ ᠵᠠᠰᠠᠭ ᠤᠨ ᠣᠷᠳᠣᠨ ᠳᠤ ᠣᠷᠣᠨ ᠨᠤᠲᠤᠭ ᠤᠨ ᠤᠰᠤᠨ ᠴᠥᠭᠦᠷᠥᠮ ᠤᠨ ᠨᠡᠭᠦᠳᠡᠯ ᠠᠷᠠᠳ ᠢ ᠲᠡᠳᠬᠦᠨ ᠳᠡᠮᠵᠢᠬᠦ ᠰᠠᠭᠤᠷᠢ ᠮᠥᠩᠭᠦ ᠶᠢ ᠲᠠᠲᠠᠪᠤᠷᠢᠯᠠᠬᠤ ᠠᠴᠠ ᠬᠡᠯᠲᠦᠷᠢᠭᠦᠯᠬᠦ᠂ ᠲᠠᠲᠠᠪᠤᠷᠢᠯᠠᠬᠤ ᠶᠢ ᠵᠣᠭᠰᠤᠭᠠᠬᠤ ᠪᠤᠶᠤ ᠬᠥᠩᠭᠡᠯᠡᠨ ᠲᠠᠲᠠᠪᠤᠷᠢᠯᠠᠬᠤ ᠶᠢ ᠡᠵᠡᠨ ᠮᠡᠳᠡᠨ ᠲᠣᠭᠲᠠᠭᠠᠬᠤ ᠡᠷᠬᠡ ᠣᠯᠭᠤᠨ᠎ᠠ᠃ ᠳᠥᠷᠪᠡ ᠳᠤ᠂ ᠡᠮᠨᠡᠯᠭᠡ ᠶᠢᠨ ᠠᠵᠢᠯᠲᠠᠨ ᠪᠠ ᠬᠢᠵᠢᠭ  ᠰᠡᠷᠭᠡᠶᠢᠯᠡᠬᠦ ᠠᠵᠢᠯᠲᠠᠨ ᠤ ᠲᠦᠷ ᠴᠠᠭ ᠤᠨ ᠴᠢᠨᠠᠷᠲᠠᠢ ᠨᠥᠬᠦᠪᠦᠷᠢ᠂ ᠱᠠᠩᠨᠠᠯ ᠤᠨ ᠮᠥᠩᠭᠦ ᠵᠢᠴᠢ ᠨᠢᠭᠡᠴᠢ ᠠᠴᠠ ᠬᠤᠪᠢ ᠬᠥᠮᠥᠨ ᠳᠤ ᠣᠯᠭᠤᠭᠰᠠᠨ ᠰᠡᠷᠭᠡᠶᠢᠯᠡᠬᠦ ᠡᠮ ᠤᠨ ᠵᠦᠢᠯ ᠵᠡᠷᠭᠡ ᠪᠣᠳᠠᠲᠤ ᠪᠣᠳᠠᠰ ᠠᠴᠠ ᠬᠤᠷᠢᠶᠠᠬᠤ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢ ᠬᠡᠯᠲᠦᠷᠢᠭᠦᠯᠦᠨ᠎ᠡ᠃ ᠡᠮ ᠤᠨ ᠵᠦᠢᠯ ᠪᠠ ᠡᠮᠴᠢᠯᠡᠭᠡᠨ ᠤ  ᠪᠠᠭᠠᠵᠢ ᠮᠡᠲᠦ ᠶᠢᠨ ᠬᠠᠮᠢᠶ᠎ᠠ ᠪᠦᠬᠦᠢ ᠬᠢᠵᠢᠭ ᠢ ᠰᠡᠷᠭᠡᠶᠢᠯᠡᠬᠦ ᠦᠢᠯᠡᠳᠬᠦᠨ ᠤ ᠳᠠᠩᠰᠠᠯᠠᠭᠤᠯᠬᠤ ᠰᠦᠢᠳᠬᠡᠯ ᠢ ᠬᠡᠯᠲᠦᠷᠢᠭᠦᠯᠦᠨ᠎ᠡ᠃ ᠲᠠᠪᠤ ᠳᠤ᠂ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠶᠢᠨ ᠨᠡᠶᠢᠲᠡ ᠶᠢᠨ ᠪᠠᠶᠢᠷᠢ ᠠᠴᠠ ᠬᠤᠷᠢᠶᠠᠬᠤ ᠭᠡᠷ ᠬᠥᠷᠥᠩᠭᠡ ᠶᠢᠨ ᠭᠠᠶᠢᠯᠢ ᠪᠠ ᠬᠤᠯᠪᠣᠭᠳᠠᠯ ᠪᠦᠬᠦᠢ ᠲᠦᠷᠢᠶᠡᠰᠦᠯᠡᠬᠦ ᠭᠡᠷ᠎ᠡ ᠶᠢᠨ ᠲᠡᠮᠳᠡᠭᠲᠦ ᠶᠢᠨ ᠭᠠᠶᠢᠯᠢ ᠶᠢ ᠬᠡᠯᠲᠦᠷᠢᠭᠦᠯᠦᠨ᠎ᠡ᠃ ᠲᠠᠸᠠᠷ ᠤᠨ ᠨᠥᠭᠡᠴᠡᠯᠡᠯᠲᠡ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠤᠬᠠᠶᠢᠯᠠᠭᠰᠠᠨ ᠠᠵᠢᠯ ᠢ ᠡᠭᠦᠷᠭᠡᠯᠡᠵᠦ ᠪᠦᠬᠦᠢ ᠠᠵᠤ ᠠᠬᠤᠶᠢᠯᠠᠯ ᠤᠨ ᠥᠪᠡᠷ ᠢᠶᠠᠨ ᠬᠡᠷᠡᠭᠯᠡᠬᠦ ᠭᠡᠷ ᠬᠥᠷᠥᠩᠭᠡ᠂ ᠭᠠᠵᠠᠷ ᠰᠢᠷᠣᠢ ᠠᠴᠠ ᠬᠤᠷᠢᠶᠠᠬᠤ ᠭᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠤ ᠶᠢᠨ ᠭᠠᠵᠠᠷ ᠰᠢᠷᠣᠢ  ᠭᠠᠶᠢᠯᠢ ᠶᠢ ᠬᠡᠯᠲᠦᠷᠢᠭᠦᠯᠦᠨ᠎ᠡ᠃ ᠪᠣᠬᠢᠷᠳᠤᠯ ᠢ ᠰᠡᠷᠭᠡᠶᠢᠯᠡᠨ ᠵᠠᠰᠠᠬᠤ ᠭᠤᠷᠪᠠᠳᠠᠭᠴᠢ ᠡᠲᠡᠭᠡᠳ ᠤᠨ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠠᠴᠠ 15% ᠶᠢ ᠬᠠᠰᠤᠨ ᠲᠠᠲᠠᠪᠤᠷᠢᠯᠠᠨ᠎ᠠ ᠭᠡᠵᠡᠢ᠃       

ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 

 

 


   :                    
   :           
备案序号:蒙ICP备05003250号 公安备案15010502000173