ᠵᠤᠬᠢᠶᠠᠭᠴᠢ:
ᠴᠠᠭ:2022-01-21
ᠥᠵᠡᠭᠰᠡᠨ : ℃
ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ᠄ ᠲᠡᠦᠬᠡ ᠶᠢᠨ ᠤᠷᠤᠭᠰᠢᠯᠠᠯᠲᠠ ᠶᠢᠨ ᠯᠣᠭᠢᠭ ᠳᠤᠮᠳᠠ ᠤᠷᠤᠭᠰᠢᠯᠠᠵᠤ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠳᠤᠮᠳᠠ ᠬᠥᠭᠵᠢᠵᠦ ᠢᠲᠡᠭᠡᠯ ᠵᠣᠷᠢᠭ ᠢᠶᠠᠨ ᠪᠠᠲᠤᠳᠬᠠᠨ ᠡᠷᠡᠮᠡᠬᠡᠶᠢᠯᠡᠨ ᠤᠷᠤᠭᠰᠢᠯᠠᠵᠤ ᠬᠢᠵᠢᠭ ᠤᠨ ᠳᠠᠷᠠᠭᠠᠬᠢ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠴᠣᠭᠴᠠᠯᠠᠬᠤ ᠬᠡᠷᠡᠭᠲᠡᠢ
ᠰᠢ ᠶᠢᠨ ᠫᠢᠩ᠄ ᠲᠡᠦᠬᠡ ᠶᠢᠨ ᠤᠷᠤᠭᠰᠢᠯᠠᠯᠲᠠ ᠶᠢᠨ ᠯᠣᠭᠢᠭ ᠳᠤᠮᠳᠠ ᠤᠷᠤᠭᠰᠢᠯᠠᠵᠤ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠳᠤᠮᠳᠠ ᠬᠥᠭᠵᠢᠵᠦ ᠢᠲᠡᠭᠡᠯ ᠵᠣᠷᠢᠭ ᠢᠶᠠᠨ ᠪᠠᠲᠤᠳᠬᠠᠨ ᠡᠷᠡᠮᠡᠬᠡᠶᠢᠯᠡᠨ ᠤᠷᠤᠭᠰᠢᠯᠠᠵᠤ ᠬᠢᠵᠢᠭ ᠤᠨ ᠳᠠᠷᠠᠭᠠᠬᠢ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠴᠣᠭᠴᠠᠯᠠᠬᠤ ᠬᠡᠷᠡᠭᠲᠡᠢ
ᠰᠢᠨᠬᠤᠸᠠ ᠬᠤᠷᠢᠶᠠᠨ ᠤ ᠪᠡᠭᠡᠵᠢᠩ ᠤᠨ 2022 1 ᠳ᠋ᠦ᠋ᠭᠡᠷ ᠰᠠᠷ᠎ᠠ ᠶᠢᠨ 17 ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 17 ᠤ ᠡᠳᠦᠷ ᠪᠡᠭᠡᠵᠢᠩ ᠳᠤ 2022 ᠣᠨ ᠤ ᠳᠡᠯᠡᠬᠡᠢ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠸᠢᠳᠢᠣ᠋ ᠬᠤᠷᠠᠯ ᠳᠤ ᠣᠷᠣᠯᠴᠠᠭᠰᠠᠨ ᠪᠥᠭᠡᠳ 《ᠢᠲᠡᠭᠡᠯ ᠵᠣᠷᠢᠭ ᠢᠶᠠᠨ ᠪᠠᠲᠤᠳᠬᠠᠨ ᠡᠷᠡᠮᠡᠬᠡᠶᠢᠯᠡᠨ ᠤᠷᠤᠭᠰᠢᠯᠠᠵᠤ ᠬᠢᠵᠢᠭ ᠤᠨ ᠳᠠᠷᠠᠭᠠᠬᠢ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠴᠣᠭᠴᠠᠯᠠᠰᠤᠭᠠᠢ》 ᠭᠡᠬᠦ ᠰᠡᠳᠦᠪ ᠢᠶᠠᠷ ᠶᠠᠷᠢᠶ᠎ᠠ ᠢᠯᠡᠳᠭᠡᠯ ᠬᠢᠪᠡ᠃
ᠰᠢ ᠶᠢᠨ ᠫᠢᠩ ᠶᠠᠭᠤᠨ ᠤ ᠡᠮᠦᠨ᠎ᠡ᠂ ᠬᠤᠶᠠᠷ ᠭᠠᠷᠠᠭ ᠤᠨ ᠲᠠᠷᠠᠭ᠎ᠠ᠂ ᠳᠤᠮᠳᠠᠳᠤ ᠤᠯᠤᠰ ᠤᠨ ᠪᠢᠯᠢᠭ ᠤᠨ ᠤᠯᠠᠷᠢᠯ ᠤᠨ ᠪᠠᠷᠰ ᠵᠢᠯ ᠤᠨ ᠴᠠᠭᠠᠨ ᠰᠠᠷ᠎ᠠ ᠬᠦᠷᠴᠦ ᠢᠷᠡᠬᠦ ᠪᠣᠯᠤᠨ᠎ᠠ᠃ ᠳᠤᠮᠳᠠᠳᠤ ᠶᠢᠨ ᠰᠣᠶᠣᠯ ᠳᠤ᠂ ᠪᠠᠷᠰ ᠪᠣᠯ ᠡᠷᠡᠯᠬᠡᠭ ᠪᠠᠭᠠᠲᠤᠷᠯᠢᠭ ᠪᠠ ᠬᠦᠴᠦᠨ ᠴᠢᠳᠠᠯ ᠤᠨ ᠪᠡᠯᠭᠡ ᠲᠡᠮᠳᠡᠭ ᠮᠥᠨ᠂ ᠲᠤᠮᠳᠠᠳᠤᠴᠤᠳ ᠦᠷᠭᠦᠯᠵᠢ ᠢᠷᠮᠡᠭᠦᠨ ᠯᠣᠣ ᠭᠠᠪᠰᠢᠭᠠᠢ ᠪᠠᠷᠰ᠂ ᠯᠣᠣ ᠪᠠᠷᠰ ᠲᠤᠭᠯᠠᠬᠤ ᠭᠡᠵᠦ ᠬᠡᠯᠡᠳᠡᠭ᠃ ᠣᠳᠣᠬᠠᠨ ᠤ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠦᠨᠲᠤ ᠬᠡᠴᠡᠭᠦᠦ ᠥᠷᠢᠰᠥᠯᠳᠦᠭᠡᠨ ᠤ ᠡᠮᠦᠨ᠎ᠡ᠂ ᠪᠢᠳᠡ ᠵᠠᠪᠠᠯ ᠪᠠᠷᠰ ᠲᠤ ᠵᠢᠭᠦᠷ ᠤᠷᠭᠤᠭᠰᠠᠨ ᠮᠡᠲᠤ᠂ ᠴᠤᠭ ᠰᠦᠯᠳᠡ ᠪᠠᠳᠠᠷᠠᠩᠭᠤᠢ ᠰᠦᠷ ᠵᠢᠪᠬᠤᠭ᠎ᠠ ᠶᠢ ᠢᠯᠡᠷᠡᠭᠦᠯᠵᠦ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠠᠷᠰᠢ ᠰᠠᠭᠠᠳ ᠢ ᠵᠣᠷᠢᠭᠲᠠᠢ ᠪᠠᠷ ᠢᠯᠠᠨ ᠳᠠᠪᠠᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠤᠷ ᠨᠦᠯᠦᠭᠡ ᠶᠢ ᠪᠦᠬᠦ ᠬᠦᠴᠦ ᠪᠠᠷ ᠢᠶᠠᠨ ᠠᠷᠢᠯᠭᠠᠵᠤ᠂ ᠠᠵᠤ ᠠᠬᠤᠢ ᠨᠡᠶᠢᠭᠡᠮ ᠤᠨ ᠰᠡᠷᠭᠦᠯᠲᠡ ᠬᠥᠭᠵᠢᠯᠲᠡ ᠶᠢ ᠪᠦᠬᠦ ᠬᠦᠴᠦ ᠪᠠᠷ ᠢᠶᠠᠨ ᠠᠬᠢᠭᠤᠯᠵᠤ᠂ ᠬᠦᠰᠡᠯ ᠡᠷᠡᠮᠡᠯᠵᠡᠯ ᠤᠨ ᠨᠡᠷᠡᠨ ᠤ ᠭᠡᠷᠡᠯ ᠢᠶᠠᠷ ᠬᠥᠮᠦᠨ ᠲᠥᠷᠥᠯᠬᠢᠲᠡᠨ ᠢ ᠭᠡᠶᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ︕
ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠃ ᠡᠨᠡ ᠬᠦ ᠬᠤᠪᠢᠰᠤᠯᠲᠠ ᠨᠢ ᠨᠢᠭᠡ ᠴᠠᠭ ᠬᠤᠭᠤᠴᠠᠭ᠎ᠠ ᠨᠢᠭᠡ ᠬᠡᠷᠡᠭ ᠶᠠᠪᠤᠳᠠᠯ᠂ ᠨᠢᠭᠡ ᠤᠯᠤᠰ ᠨᠢᠭᠡ ᠭᠠᠵᠠᠷ ᠣᠷᠣᠨ ᠳᠤ ᠬᠢᠵᠠᠭᠠᠷᠯᠠᠭᠳᠠᠬᠤ ᠪᠢᠰᠢ᠂ ᠬᠠᠷᠢᠨ ᠭᠦᠨ ᠭᠦᠨᠵᠡᠭᠡᠢ ᠪᠥᠭᠡᠳ ᠠᠤᠭ᠎ᠠ ᠶᠡᠭᠡ ᠴᠠᠭ ᠦᠶ᠎ᠡ ᠶᠢᠨ ᠬᠤᠪᠢᠰᠤᠯᠲᠠ ᠪᠣᠯᠤᠨ᠎ᠠ᠃ ᠴᠠᠭ ᠦᠶ᠎ᠡ ᠶᠢᠨ ᠬᠤᠪᠢᠰᠤᠯᠲᠠ ᠪᠣᠯᠤᠨ ᠡᠷᠢᠨ ᠵᠠᠭᠤᠨ ᠳᠤ ᠲᠣᠬᠢᠶᠠᠯᠳᠤᠭ᠎ᠠ ᠦᠭᠡᠢ ᠬᠢᠵᠢᠭ ᠤᠨ ᠪᠠᠶᠢᠳᠠᠯ ᠬᠠᠷᠢᠯᠴᠠᠨ ᠳᠠᠪᠬᠤᠴᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠴᠠᠭ ᠦᠶ᠎ᠡ ᠳᠤ ᠣᠷᠣᠪᠠ᠃ ᠬᠢᠵᠢᠭ ᠤᠨ ᠪᠠᠶᠢᠳᠠᠯ ᠢ ᠬᠡᠷᠬᠢᠨ ᠢᠯᠠᠬᠤ ᠪᠤᠢ︖ ᠬᠢᠵᠢᠭ ᠤᠨ ᠳᠠᠷᠠᠭᠠᠬᠢ ᠳᠡᠯᠡᠬᠡᠶ ᠶᠢᠷᠲᠢᠨᠴᠦ ᠶᠢ ᠬᠡᠷᠬᠢᠨ ᠪᠥᠲᠥᠭᠡᠨ ᠪᠠᠶᠢᠭᠤᠯᠬᠤ ᠪᠣᠶ︖ ᠡᠨᠡ ᠪᠣᠯ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠮᠥᠨ᠂ ᠪᠠᠰᠠ ᠴᠤ ᠪᠢᠳᠡᠨ ᠤ ᠡᠷᠬᠡᠪᠰᠢ ᠬᠠᠷᠢᠭᠤᠯᠬᠤ ᠴᠢᠬᠤᠯᠠ ᠲᠠᠢ ᠪᠠᠴᠢᠮ ᠲᠤᠯᠭᠠᠮ ᠴᠢᠬᠤᠯᠠ ᠶᠡᠭᠡ ᠰᠡᠳᠦᠪ ᠮᠥᠨ ᠭᠡᠵᠦ ᠴᠢᠬᠤᠯᠠᠴᠢᠯᠠᠪᠠ᠃
ᠰᠢ ᠶᠢᠨ ᠫᠢᠩ᠂ 《ᠳᠡᠯᠡᠬᠡᠢ ᠳ᠋ᠠᠬᠢᠨ ᠤ ᠪᠠᠶᠢᠳᠠᠯ ᠠᠨᠤ ᠮᠠᠨᠳᠤᠬᠤ ᠦᠭᠡᠢ ᠪᠣᠯ ᠲᠤᠷᠤᠶᠢᠳᠠᠮᠤᠢ᠂ ᠳᠡᠯᠡᠬᠡᠢ ᠳ᠋ᠠᠬᠢᠨ ᠤ ᠵᠠᠰᠠᠯᠲᠠ ᠠᠨᠤ ᠤᠷᠤᠭᠰᠢᠯᠠᠬᠤ ᠦᠭᠡᠢ ᠪᠣᠯ ᠤᠬᠤᠷᠢᠮᠤᠢ》᠃ ᠳᠡᠯᠡᠬᠡᠢ ᠶᠢᠷᠲᠢᠨᠴᠦ ᠪᠣᠯ ᠶᠡᠷᠦ ᠠᠴᠠ ᠵᠥᠷᠢᠴᠡᠯ ᠤᠨ ᠬᠥᠳᠡᠯᠭᠡᠭᠡᠨ ᠤ ᠳᠤᠮᠳᠠ ᠬᠥᠭᠵᠢᠳᠡᠭ᠂ ᠵᠥᠷᠢᠴᠡᠯ ᠦᠭᠡᠢ ᠪᠣᠯ ᠳᠡᠯᠡᠬᠡᠢ ᠶᠢᠷᠲᠢᠨᠴᠦ ᠪᠠᠶᠢᠵᠤ ᠴᠢᠳᠠᠬᠤ ᠦᠭᠡᠢ ᠶᠤᠮ᠃ ᠲᠡᠦᠬᠡ ᠶᠢ ᠠᠵᠢᠭᠯᠠᠪᠠᠯ᠂ ᠬᠥᠮᠦᠨ ᠲᠥᠷᠥᠯᠬᠢᠲᠡᠨ ᠶᠠᠭ ᠤᠳᠠᠭ᠎ᠠ ᠪᠦᠷᠢ ᠶᠢᠨ ᠰᠢᠯᠭᠠᠯᠲᠠ ᠶᠢ ᠢᠯᠠᠨ ᠳᠠᠪᠠᠭ᠋ᠤ ᠶᠢᠨ ᠳᠤᠮᠳᠠ ᠦᠰᠦᠨ ᠪᠣᠶᠢᠵᠢᠵᠤ᠂ ᠤᠳᠠᠭ᠎ᠠ ᠪᠦᠷᠢ ᠶᠢᠨ ᠬᠢᠮᠤᠷᠠᠯ ᠢ ᠢᠯᠠᠨ ᠳᠠᠪᠠᠭ᠋ᠤ ᠶᠢᠨ ᠳᠤᠮᠳᠠ ᠬᠥᠭᠵᠢᠵᠦ ᠪᠠᠶᠢᠨ᠎ᠠ᠃ ᠪᠢᠳᠡ ᠲᠡᠦᠬᠡ ᠶᠢᠨ ᠤᠷᠤᠭᠰᠢᠯᠠᠯᠲᠠ ᠶᠢᠨ ᠯᠣᠭᠢᠭ ᠳᠤᠮᠳᠠ ᠤᠷᠤᠭᠰᠢᠯᠠᠵᠤ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠳᠤᠮᠳᠠ ᠬᠥᠭᠵᠢᠬᠦ ᠬᠡᠷᠡᠭᠲᠡᠢ᠃ ᠲᠡᠦᠬᠡ ᠶᠢᠨ ᠤᠷᠳᠤ ᠦᠶᠡᠯᠡᠯ ᠤᠨ ᠬᠤᠭᠤᠴᠠᠭ᠎ᠠ ᠶᠢ ᠬᠠᠷᠢᠴᠠᠭᠤᠯᠤᠨ ᠵᠠᠳᠠᠯᠵᠤ ᠰᠡᠳᠭᠢᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ ᠪᠥᠭᠡᠳ ᠪᠠᠰᠠ ᠬᠡᠷᠡᠭ ᠪᠣᠳᠠᠰ ᠤᠨ ᠬᠤᠪᠢᠷᠠᠯᠲᠠ ᠶᠢ ᠨᠠᠷᠢᠯᠢᠭ ᠭᠠᠵᠠᠷ ᠠᠴᠠ ᠨᠡᠪᠲᠡ ᠠᠵᠢᠭᠯᠠᠬᠤ ᠳᠠᠭᠠᠨ ᠴᠢᠳᠠᠮᠠᠭᠠᠢ ᠪᠠᠶᠢᠵᠤ᠂ ᠬᠢᠮᠤᠷᠠᠯ ᠤᠨ ᠳᠤᠮᠳᠠ ᠰᠢᠨ᠎ᠡ ᠠᠵᠠ ᠲᠣᠬᠢᠶᠠᠯ ᠢ ᠪᠤᠢ ᠪᠣᠯᠭᠠᠨ᠂ ᠬᠤᠪᠢᠰᠤᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠴᠦ᠂ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠢ ᠢᠯᠠᠨ ᠳᠠᠪᠠᠭ᠋ᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ᠃
ᠨᠢᠭᠡᠳᠦᠭᠡᠷ ᠲᠤ᠂ ᠭᠠᠷ ᠬᠤᠯᠪᠣᠨ ᠬᠠᠮᠲᠤᠷᠠᠯᠴᠠᠵᠤ᠂ ᠬᠦᠴᠦ ᠪᠠᠨ ᠲᠥᠪᠯᠡᠷᠡᠭᠦᠯᠦᠨ ᠬᠢᠵᠢᠭ ᠤᠨ ᠪᠠᠶᠢᠳᠠᠯ ᠢ ᠢᠯᠠᠨ ᠳᠠᠪᠠᠶ᠎ᠠ᠃ ᠪᠦᠬᠦ ᠪᠥᠮᠪᠥᠷᠴᠡᠭ ᠤᠨ ᠴᠢᠨᠠᠷᠲᠠᠢ ᠬᠢᠮᠤᠷᠠᠯ ᠤᠨ ᠲᠤᠬᠰᠢᠨ ᠳᠠᠪᠠᠯᠭᠠᠨ ᠰᠢᠷᠦᠭᠦᠨ ᠳᠣᠯᠭᠢᠶᠠᠨ ᠳᠤ᠂ ᠡᠯ᠎ᠡ ᠤᠯᠤᠰ 190 ᠭᠠᠷᠤᠢ ᠵᠢᠵᠢᠭ ᠣᠩᠭᠤᠴᠠᠨ ᠳᠡᠭᠡᠷ᠎ᠡ ᠰᠠᠭᠤᠬᠤ ᠪᠢᠰᠢ᠂ ᠬᠠᠷᠢᠨ ᠬᠤᠪᠢ ᠵᠠᠶᠠᠭ᠎ᠠ ᠪᠠᠨ ᠬᠠᠮᠲᠤᠳᠬᠠᠭᠰᠠᠨ ᠲᠤᠮᠤ ᠣᠩᠭᠤᠴᠠᠨ ᠳᠡᠭᠡᠷ᠎ᠡ ᠰᠠᠭᠤᠬᠤ ᠬᠡᠷᠡᠭᠲᠡᠢ ᠭᠡᠳᠡᠭ ᠢ ᠪᠣᠳᠠᠲᠤ ᠶᠠᠪᠤᠳᠠᠯ ᠳᠠᠬᠢᠨᠲᠠ ᠭᠡᠷᠡᠴᠢᠯᠡᠪᠡ᠃ ᠵᠢᠵᠢᠭ ᠣᠩᠭᠤᠴᠠ ᠰᠠᠯᠬᠢ ᠳᠠᠪᠠᠯᠭᠠᠨ ᠢ ᠳᠠᠭᠠᠭᠠᠬᠤ ᠦᠭᠡᠢ᠂ ᠲᠣᠮᠣ ᠣᠩᠭᠤᠴᠠ ᠳᠣᠭᠰᠢᠨ ᠳᠠᠪᠠᠯᠭᠠᠨ ᠰᠢᠷᠦᠭᠦᠨ ᠳᠤᠯᠭᠢᠶᠠᠨ ᠢ ᠲᠤᠯᠵᠤ ᠴᠢᠳᠠᠨ᠎ᠠ᠃ ᠢᠲᠡᠭᠡᠯ ᠵᠣᠷᠢᠭ ᠢᠶᠠᠨ ᠪᠠᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠪᠣᠯ ᠬᠢᠵᠢᠭ ᠢ ᠢᠯᠠᠨ ᠳᠠᠪᠠᠭ᠋ᠤ ᠴᠤᠷ ᠤᠨ ᠭᠠᠭᠴᠠ ᠵᠥᠪ ᠵᠠᠮ ᠮᠥᠨ᠃ ᠶᠠᠮᠠᠷᠪᠠ ᠬᠠᠷᠢᠯᠴᠠᠨ ᠬᠠᠷᠰᠢᠯᠠᠬᠤ᠂ ᠶᠠᠮᠠᠷᠪᠠ ᠤᠴᠢᠷ ᠰᠢᠯᠲᠠᠭᠠᠨ ᠦᠭᠡᠢ ᠪᠠᠷ 《ᠬᠠᠷᠢᠭᠤᠴᠠᠯᠭ᠎ᠠ ᠪᠠᠨ ᠲᠦᠯᠬᠢᠬᠦ》 ᠨᠢ ᠴᠥᠮ ᠪᠠᠶᠢᠯᠳᠤᠭᠠᠨ ᠤ ᠲᠣᠬᠢᠶᠠᠯ ᠢ ᠰᠠᠭᠠᠲᠠᠭᠠᠵᠤ᠂ ᠶᠡᠭᠡ ᠲᠠᠯ᠎ᠠ ᠶᠢ ᠬᠠᠷᠰᠢᠯᠠᠬᠤ ᠪᠣᠯᠤᠨ᠎ᠠ᠃ ᠳᠡᠯᠡᠬᠡᠢ ᠶᠢᠨ ᠡᠯ᠎ᠡ ᠤᠯᠤᠰ ᠤᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠮ ᠤᠨ ᠵᠦᠢᠯᠡᠰ ᠢ ᠰᠤᠳᠤᠯᠤᠨ ᠨᠡᠭᠡᠭᠡᠬᠦ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠤᠯᠠᠨ ᠳᠠᠪᠬᠤᠷ ᠬᠢᠵᠢᠭ ᠲᠠᠢ ᠲᠡᠮᠡᠴᠡᠬᠦ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠵᠤ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢ ᠲᠦᠷᠭᠡᠳᠭᠡᠨ ᠪᠠᠶᠢᠭᠤᠯᠬᠤ ᠬᠡᠷᠡᠭᠲᠡᠢ᠃ ᠤᠨᠴᠠᠭᠠᠶᠢᠯᠠᠨ ᠸᠠᠺᠼᠢᠨ ᠭᠡᠬᠦ ᠡᠨᠡ ᠬᠦ ᠬᠦᠴᠦᠲᠦ ᠵᠡᠪᠰᠡᠭ ᠢ ᠰᠠᠶᠢᠲᠤᠷ ᠬᠡᠷᠡᠭᠯᠡᠵᠦ᠂ ᠸᠠᠺᠼᠢᠨ ᠢ ᠡᠷᠬᠡ ᠲᠡᠭᠰᠢ ᠪᠠᠷ ᠬᠤᠪᠢᠶᠠᠷᠢᠯᠠᠬᠤ ᠶᠢ ᠦᠨᠡᠨ ᠬᠦ ᠪᠠᠲᠤᠯᠠᠵᠤ᠂ ᠲᠠᠷᠢᠯᠭ᠎ᠠ ᠬᠢᠬᠦ ᠬᠤᠷᠳᠤᠴᠠ ᠶᠢ ᠲᠦᠷᠭᠡᠳᠭᠡᠨ ᠠᠬᠢᠭᠤᠯᠵᠤ᠂ ᠣᠯᠠᠨ ᠤᠯᠤᠰ ᠤᠨ 《ᠡᠭᠡᠯᠢᠯᠡᠭᠡ ᠶᠢᠨ ᠵᠠᠭᠠᠭ》 ᠢ ᠠᠨᠠᠭᠠᠵᠤ᠂ ᠠᠮᠢ ᠨᠠᠰᠤ ᠡᠷᠡᠭᠦᠯ ᠮᠡᠨᠳᠦ ᠶᠢ ᠰᠠᠶᠢᠲᠤᠷ ᠰᠠᠬᠢᠨ ᠬᠠᠮᠠᠭᠠᠯᠠᠵᠤ᠂ ᠠᠷᠠᠳ ᠤᠨ ᠠᠮᠢᠳᠤᠷᠠᠯ ᠢ ᠰᠠᠶᠢᠲᠤᠷ ᠪᠠᠲᠤᠯᠠᠬᠤ ᠬᠡᠷᠡᠭᠲᠡᠶ᠃
ᠬᠤᠶᠠᠳᠤᠭᠠᠷ ᠲᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠠᠷᠢᠯᠭᠠᠵᠤ᠂ ᠳᠡᠯᠡᠬᠡᠢ ᠶᠢᠨ ᠠᠵᠤ ᠠᠬᠤᠢ ᠶᠢᠨ ᠲᠣᠭᠲᠠᠭᠤᠨ ᠢᠶᠠᠷ ᠰᠡᠷᠭᠦᠬᠦ ᠶᠢ ᠠᠬᠢᠭᠤᠯᠤᠶ᠎ᠠ᠃ ᠳᠡᠯᠡᠬᠡᠢ ᠶᠢᠨ ᠠᠵᠤ ᠠᠬᠤᠢ ᠤᠷᠤᠭᠤᠳᠠᠯ ᠠᠴᠠ ᠪᠠᠨ ᠠᠩᠭᠢᠵᠢᠷᠠᠵᠤ ᠪᠠᠶᠢᠭ᠎ᠠ ᠪᠣᠯᠪᠠᠴᠤ ᠪᠠᠰᠠ ᠮᠠᠰᠢ ᠤᠯᠠᠨ ᠬᠢᠵᠠᠭᠠᠷᠯᠠᠬᠤ ᠬᠦᠴᠦᠨ ᠵᠦᠢᠯ ᠳᠤ ᠲᠤᠯᠭᠠᠷᠠᠵᠤ ᠪᠠᠶᠢᠨ᠎ᠠ ᠃ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠨᠥᠬᠦᠴᠡᠯ ᠳᠣᠣᠷᠠᠬᠢ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠬᠦ ᠡᠨᠧᠷᠭᠢ᠂ ᠨᠡᠶᠢᠭᠡᠮ ᠤᠨ ᠠᠮᠢᠳᠤᠷᠠᠯ ᠤᠨ ᠰᠢᠨ᠎ᠡ ᠵᠠᠭᠪᠤᠷ᠂ ᠬᠥᠮᠦᠰ ᠤᠨ ᠶᠠᠪᠤᠯᠴᠠᠭ᠎ᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢᠨ ᠠᠬᠢᠴᠠ ᠶᠢᠨ ᠯᠠᠪᠳᠠᠭᠤᠨ ᠪᠠᠲᠤᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠢ᠃ ᠳᠡᠯᠡᠬᠡᠢ ᠶᠢᠨ ᠡᠯ᠎ᠡ ᠤᠯᠤᠰ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠬᠡᠷᠡᠮ ᠢ ᠨᠤᠷᠠᠭᠠᠬᠤ ᠠᠴᠠ ᠪᠢᠰᠢ ᠬᠡᠷᠡᠮ ᠪᠤᠰᠬᠠᠬᠤ ᠦᠭᠡᠢ᠂ ᠨᠡᠭᠡᠭᠡᠯᠳᠠ ᠬᠢᠬᠦ ᠠᠴᠠ ᠪᠢᠰᠢ ᠲᠤᠰᠠᠭᠠᠷᠯᠠᠬᠤ ᠦᠭᠡᠢ᠂ ᠠᠭᠤᠰᠤᠯᠴᠠᠬᠤ ᠠᠴᠠ ᠪᠢᠰᠢ ᠬᠠᠷᠢᠴᠠᠭ᠎ᠠ ᠪᠠᠨ ᠲᠠᠰᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠨᠡᠭᠡᠭᠡᠯᠲᠡᠲᠦ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ᠂ ᠲᠦᠭᠡᠮᠡᠯ ᠠᠰᠢᠭ ᠬᠦᠷᠲᠡᠭᠡᠬᠦ᠂ ᠲᠡᠩᠴᠡᠭᠦᠷᠢᠲᠡᠢ᠂ ᠬᠠᠮᠲᠤ ᠪᠠᠷ ᠠᠰᠢᠭ ᠬᠦᠷᠳᠡᠬᠦ ᠴᠢᠭᠯᠡᠯ ᠲᠡᠶᠢᠰᠢ ᠬᠥᠭᠵᠢᠬᠦ ᠶᠢ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠳᠡᠯᠡᠬᠡᠢ ᠶᠢᠨ ᠠᠵᠤ ᠠᠬᠤᠢ ᠶᠢᠨ ᠬᠢᠮᠤᠷᠠᠯ ᠠᠴᠠ ᠰᠠᠯᠬᠤ᠂ ᠰᠡᠷᠭᠦᠯᠲᠡ ᠶᠢ ᠪᠡᠶᠡᠯᠡᠭᠦᠯᠬᠦ ᠶᠢ ᠠᠬᠢᠭᠤᠯᠬᠤ ᠳᠤ ᠡᠷᠬᠡᠪᠰᠢ ᠬᠤᠷᠸ᠎ᠠ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠭᠤᠣᠯ ᠪᠣᠯᠬᠤ ᠠᠵᠤ ᠠᠬᠤᠢ ᠶᠢᠨ ᠴᠣᠭᠴᠠ ᠨᠢ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠵᠤ᠂ ᠰᠢᠰᠲ᠋ᠧᠮ ᠤᠨ ᠦᠵᠡᠯᠲᠡ ᠪᠠᠨ ᠴᠢᠩᠭᠠᠳᠬᠠᠨ᠂ ᠲᠦᠷᠦ ᠶᠢᠨ ᠪᠤᠳᠤᠯᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠡᠳ᠋ ᠤᠨ ᠵᠠᠰᠠᠭ᠂ ᠵᠣᠭᠤᠰᠣᠨ ᠤ ᠲᠦᠷᠦ ᠶᠢᠨ ᠪᠤᠳᠤᠯᠭ᠎ᠠ ᠶᠢᠨ ᠬᠠᠷᠠᠯᠲᠠ᠂ ᠡᠷᠴᠢᠮ᠂ ᠠᠶᠢᠵᠠᠮ ᠢ ᠰᠠᠶᠢᠲᠤᠷ ᠵᠣᠬᠢᠴᠠᠭᠤᠯᠬᠤ ᠬᠡᠷᠡᠭᠲᠡᠢ᠃ ᠭᠤᠣᠯ ᠪᠣᠯᠬᠤ ᠬᠥᠭᠵᠢᠭᠰᠡᠨ ᠤᠯᠤᠰ ᠤᠳ ᠬᠠᠷᠢᠭᠤᠴᠠᠯᠭ᠎ᠠ ᠲᠠᠢ ᠠᠵᠤ ᠠᠬᠤᠢ ᠶᠢᠨ ᠲᠦᠷᠦ ᠶᠢᠨ ᠪᠤᠳᠤᠯᠭ᠎ᠠ ᠠᠪᠴᠤ᠂ ᠲᠦᠷᠦ ᠶᠢᠨ ᠪᠤᠳᠤᠯᠭ᠎ᠠ ᠶᠢᠨ ᠭᠠᠳᠠᠭᠰᠢ ᠨᠥᠯᠥᠭᠡᠯᠡᠬᠦ ᠦᠢᠯᠡᠳᠦᠯ ᠢ ᠰᠠᠶᠢᠲᠤᠷ ᠡᠵᠡᠮᠳᠡᠵᠦ᠂ ᠬᠥᠭᠵᠢᠵᠦ ᠪᠠᠶᠢᠭ᠎ᠠ ᠤᠯᠤᠰ ᠲᠤ ᠬᠦᠨᠳᠦ ᠨᠣᠴᠢᠲᠠᠢ ᠲᠠᠭᠠᠷᠢᠯᠳᠠ ᠤᠴᠠᠷᠠᠭᠤᠯᠬᠤ ᠠᠴᠠ ᠵᠠᠶᠢᠯᠠᠰᠭᠢᠬᠦ ᠬᠡᠷᠡᠭᠲᠡᠢ᠃ ᠤᠯᠠᠨ ᠤᠯᠤᠰ ᠤᠨ ᠠᠵᠤ ᠠᠬᠤᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠦᠲᠦᠭᠡᠯᠴᠢ ᠴᠢᠨᠠᠷᠲᠠᠢ ᠦᠢᠯᠡᠳᠦᠯ ᠢᠶᠠᠨ ᠪᠠᠳᠠᠷᠠᠭᠤᠯᠵᠤ᠂ ᠤᠯᠠᠨ ᠤᠯᠤᠰ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃
ᠭᠤᠷᠪᠠᠳᠤᠭᠠᠷ ᠲᠤ᠂ ᠬᠥᠭᠵᠢᠯᠲᠡ ᠶᠢᠨ ᠵᠠᠭᠠᠭ ᠢ ᠳᠠᠪᠠᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠦᠢᠯᠡᠰ ᠢ ᠲᠠᠬᠢᠨ ᠮᠠᠨᠳᠤᠭᠤᠯᠤᠶ᠎ᠠ᠃ ᠪᠥᠬᠦ ᠪᠥᠮᠪᠥᠷᠴᠡᠭ ᠤᠨ ᠬᠥᠭᠵᠢᠯᠲᠡ ᠶᠢᠨ ᠠᠬᠢᠴᠠ ᠶᠠᠭ ᠬᠦᠨᠳᠦ ᠨᠣᠴᠢᠲᠠᠶ ᠲᠠᠭᠠᠷᠢᠯᠲᠠ ᠳᠤ ᠤᠴᠠᠷᠠᠵᠤ᠂ ᠬᠥᠮᠦᠨ ᠲᠥᠷᠥᠯᠬᠢᠲᠡᠨ ᠤ ᠬᠥᠭᠵᠢᠯᠲᠡ ᠶᠢᠨ ᠵᠢᠭᠠᠯᠲᠠ ᠲᠤᠭ᠎ᠠ 30 ᠵᠢᠯ ᠤᠨ ᠲᠤᠷᠰᠢ ᠠᠩᠬ᠎ᠠ ᠤᠳᠠᠭ᠎ᠠ ᠪᠠᠭᠤᠷᠠᠵᠤ᠂ ᠵᠠᠷᠢᠮ ᠬᠥᠭᠵᠢᠵᠦ ᠪᠠᠶᠢᠭ᠎ᠠ ᠤᠯᠤᠰ ᠬᠢᠵᠢᠭ ᠠᠴᠠ ᠪᠣᠯᠵᠣ ᠳᠠᠬᠢᠨ ᠶᠠᠳᠠᠭᠤᠷᠠᠵᠤ᠂ ᠬᠢᠵᠢᠭ ᠠᠴᠠ ᠪᠣᠯᠵᠣ ᠰᠠᠮᠠᠭᠤᠷᠠᠯ ᠡᠭᠦᠰᠴᠦ᠂ ᠬᠥᠭᠵᠢᠭᠰᠡᠨ ᠤᠯᠤᠰ ᠲᠤ ᠴᠤ ᠮᠠᠰᠢ ᠣᠯᠠᠨ ᠬᠥᠮᠦᠨ ᠠᠮᠢᠳᠤᠷᠠᠯ ᠤᠨ ᠬᠦᠴᠢᠷᠳᠡᠯ ᠳᠤ ᠲᠤᠯᠭᠠᠷᠠᠪᠠ᠃ ᠶᠠᠮᠠᠷ ᠬᠦᠴᠢᠷᠳᠡᠯ ᠲᠤᠯᠭᠠᠷᠠᠭᠰᠠᠨ ᠴᠤ᠂ ᠪᠢᠳᠡ ᠴᠥᠮ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠶᠢ ᠪᠦᠬᠦ ᠪᠥᠮᠪᠥᠷᠴᠡᠭ ᠤᠨ ᠬᠤᠷᠸ᠎ᠠ ᠲᠦᠷᠦ ᠶᠢᠨ ᠪᠤᠳᠤᠯᠭ᠎ᠠ ᠶᠢᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠨᠠᠶᠢᠳᠠᠪᠤᠷᠢᠵᠢᠭᠤᠯᠵᠤ᠂ ᠤᠳᠤ ᠶᠢᠨ ᠬᠥᠭᠵᠢᠯᠲᠡ ᠶᠢᠨ ᠬᠠᠮᠲᠤᠷᠠᠯᠴᠠᠭᠠᠨ ᠤ ᠲᠣᠭᠲᠠᠴᠠ ᠶᠢᠨ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠦᠬᠦ ᠪᠥᠮᠪᠥᠷᠴᠡᠭ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠬᠡᠷᠡᠭᠳᠡᠢ᠃ ᠪᠢᠳᠡ ᠬᠠᠮᠲᠤ ᠶᠢᠨ ᠪᠣᠯᠪᠠᠴᠤ ᠢᠯᠭᠠᠭ᠎ᠠ ᠲᠠᠢ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠬᠥᠭᠵᠢᠯᠲᠡ ᠶᠢᠨ ᠪᠣᠷᠣ ᠲᠥᠯᠥᠪ ᠤᠨ ᠳᠣᠲᠣᠷ᠎ᠠ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠵᠤ᠂ 《ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠣᠷᠣ ᠲᠥᠯᠥᠪ ᠤᠨ ᠨᠡᠶᠢᠲᠡ ᠶᠢᠨ ᠭᠡᠷ᠎ᠡ》 ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠬᠡᠷᠡᠭᠳᠡᠢ᠃ ᠬᠥᠭᠵᠢᠭᠰᠡᠨ ᠠᠵᠤ ᠠᠬᠤᠢ ᠶᠢᠨ ᠴᠣᠭᠴᠠ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠳᠠ ᠶᠢ ᠪᠠᠭᠠᠰᠬᠠᠬᠤ ᠬᠠᠷᠢᠭᠤᠴᠠᠯᠭ᠎ᠠ ᠪᠠᠨ ᠤᠷᠢᠳ ᠢᠶᠠᠷ ᠭᠦᠢᠴᠡᠳᠭᠡᠵᠦ᠂ ᠪᠡᠯᠡ ᠮᠥᠩᠭᠦ᠂ ᠮᠡᠷᠭᠡᠵᠢᠯ ᠤᠨ ᠳᠡᠮᠵᠢᠯᠭᠡ ᠬᠠᠩᠭᠠᠬᠤ ᠠᠮᠠᠯᠠᠯᠲᠠ ᠪᠠᠨ ᠨᠠᠶᠢᠳᠠᠪᠤᠷᠢᠵᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠪᠦᠬᠦᠢ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠳᠡᠢ᠃ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠣᠯ ᠪᠦᠬᠦ ᠳᠡᠯᠡᠬᠡᠢ ᠳᠤ ᠨᠡᠭᠡᠭᠡᠯᠲᠡ ᠬᠢᠭᠰᠡᠨ ᠣᠯᠠᠨ ᠨᠡᠶᠢᠲᠡ ᠶᠢᠨ ᠪᠦᠲᠦᠭᠡᠭᠳᠡᠬᠦᠨ ᠮᠥᠨ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠭᠠᠷ ᠬᠤᠯᠪᠣᠨ ᠬᠠᠮᠲᠤᠷᠠᠯᠴᠠᠵᠤ᠂ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠵᠤ᠂ ᠠᠯᠢ ᠨᠢᠭᠡᠨ ᠤᠯᠤᠰ ᠢ ᠴᠤ ᠡᠩᠨᠡᠭᠡ ᠠᠴᠠ ᠬᠤᠴᠣᠷᠭᠠᠬᠤ ᠦᠭᠡᠢ ᠪᠠᠷ ᠴᠢᠷᠮᠠᠶᠢᠨ᠎ᠠ᠃
ᠳᠥᠷᠪᠡᠳᠦᠭᠡᠷ ᠲᠤ᠂ ᠬᠦᠢᠳᠡᠨ ᠲᠠᠶᠢᠨ ᠤ ᠰᠡᠳᠭᠢᠬᠦᠢ ᠶᠢ ᠲᠠᠶᠠᠭᠳᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠦᠶ᠎ᠠ᠃ ᠣᠳᠣᠬᠠᠨ ᠤ ᠳᠡᠯᠡᠬᠡᠢ ᠶᠢᠷᠲᠢᠨᠴᠦ ᠲᠡᠶᠢᠮᠦ ᠲᠠᠶᠢᠪᠤᠩ ᠪᠢᠰᠢ ᠪᠠᠶᠢᠨ᠎ᠠ᠂ ᠬᠤᠷᠣᠰᠤᠯ᠂ ᠲᠠᠰᠢᠶ᠎ᠠ ᠪᠤᠳᠤᠯ ᠢ ᠳᠡᠭᠳᠡᠭᠡᠬᠦ ᠶᠠᠷᠢᠶ᠎ᠠ ᠬᠡᠯᠡᠯᠴᠡᠭᠡ ᠲᠠᠰᠤᠷᠠᠯᠳᠠ ᠦᠭᠡᠢ ᠭᠠᠷᠴᠤ ᠪᠠᠶᠢᠨ᠎ᠠ᠂ ᠡᠭᠦᠨ ᠠᠴᠠ ᠪᠣᠯᠤᠭᠰᠠᠨ ᠵᠦᠢᠯ ᠵᠦᠢᠯ ᠤᠨ ᠪᠦᠰᠡᠯᠡᠯᠲᠡ᠂ ᠳᠠᠷᠤᠯᠲᠠ ᠴᠢᠨᠠᠭᠰᠢᠯᠠᠪᠠᠯ ᠡᠰᠡᠷᠭᠦᠴᠡᠯᠳᠦᠯ ᠨᠢ ᠳᠡᠯᠡᠬᠡᠢ ᠶᠢᠨ ᠡᠩᠬᠡ ᠲᠠᠶᠢᠪᠤᠩ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠴᠠ ᠪᠢᠰᠢ ᠥᠴᠦᠬᠡᠨ ᠴᠦ ᠠᠰᠢᠭ ᠦᠭᠡᠢ ᠶᠤᠮ᠃ ᠡᠰᠡᠷᠭᠦᠴᠡᠯᠳᠦᠯ ᠨᠢ ᠬᠡᠷᠡᠭ ᠶᠠᠪᠤᠳᠠᠯ ᠳᠤ ᠲᠤᠰᠠ ᠪᠣᠯᠬᠤ ᠦᠭᠡᠢ ᠪᠠᠷ ᠪᠠᠷᠠᠬᠤ ᠦᠭᠡᠢ ᠴᠢᠨᠠᠭᠰᠢᠯᠠᠭᠠᠳ ᠭᠠᠢ ᠭᠠᠮᠰᠢᠭ ᠤᠨ ᠴᠢᠨᠠᠷᠲᠠᠢ ᠦᠷ᠎ᠠ ᠳ᠋ᠦᠩ ᠠᠪᠴᠢᠷᠠᠬᠤ ᠶᠢ ᠲᠡᠦᠬᠡ ᠲᠠᠬᠢᠨ ᠳᠠᠪᠲᠠᠨ ᠭᠡᠷᠡᠴᠢᠯᠡᠭᠰᠡᠭᠡᠷ ᠪᠠᠶᠢᠨ᠎ᠠ᠃ ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ ᠢ ᠬᠡᠷᠡᠭᠵᠢᠭᠦᠯᠪᠡᠯ ᠬᠡᠨ ᠢ ᠴᠦ ᠬᠠᠮᠠᠭᠠᠯᠠᠵᠤ ᠴᠢᠳᠠᠬᠤ ᠦᠭᠡᠢ᠂ ᠡᠴᠦᠰ ᠲᠡᠭᠡᠨ ᠪᠤᠰᠤᠳ ᠢ ᠬᠤᠬᠢᠷᠠᠭᠤᠯᠵᠤ ᠥᠪᠡᠷ ᠢ ᠪᠠᠨ ᠬᠤᠤᠷᠯᠠᠬᠤ ᠪᠣᠯᠤᠨ᠎ᠠ᠃ ᠡᠵᠡᠷᠬᠡᠬᠦ ᠡᠷᠬᠡ ᠬᠡᠷᠡᠭᠵᠢᠭᠦᠯᠵᠤ ᠳᠣᠷᠣᠮᠵᠢᠯᠠᠯ ᠳᠦᠷᠢᠮᠡᠬᠡᠶᠢᠯᠡᠯ ᠬᠢᠬᠦ ᠨᠢ ᠨᠡᠩ ᠴᠤ ᠲᠡᠦᠬᠡ ᠶᠢᠨ ᠤᠷᠤᠰᠬᠠᠯ ᠢ ᠰᠥᠷᠴᠤ ᠪᠠᠶᠢᠭ᠎ᠠ ᠶᠠᠪᠤᠳᠠᠯ ᠮᠥᠨ᠃ ᠤᠯᠤᠰ ᠤᠨ ᠬᠤᠭᠤᠷᠣᠨᠳᠣ ᠵᠥᠷᠢᠴᠡᠯ ᠪᠠ ᠵᠥᠷᠢᠯᠳᠦᠭᠡᠨ ᠣᠷᠣᠰᠢᠬᠤ ᠨᠢ ᠵᠠᠶᠢᠯᠠᠰᠢ ᠦᠭᠡᠢ᠂ ᠭᠡᠪᠡᠴᠦ ᠢᠯᠠᠵᠤ ᠢᠯᠠᠭᠳᠠᠬᠤ ᠪᠠᠨ ᠦᠵᠡᠬᠦ ᠤᠭᠳᠤ ᠡᠪᠰᠡᠬᠦ ᠦᠭᠡᠢ ᠲᠡᠮᠡᠴᠡᠭᠡᠨ ᠨᠢ ᠶᠠᠮᠠᠷ ᠴᠤ ᠲᠤᠰᠠ ᠪᠣᠯᠬᠤ ᠦᠭᠡᠢ ᠶᠤᠮ᠃ ᠡᠩᠬᠡ ᠲᠠᠶᠢᠪᠤᠩ ᠬᠥᠭᠵᠢᠯᠲᠡ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠪᠣᠯ ᠬᠥᠮᠦᠨ ᠤ ᠶᠢᠷᠲᠢᠨᠴᠦ ᠶᠢᠨ ᠲᠥᠪ ᠶᠣᠰᠣ ᠮᠥᠨ᠃ ᠠᠳᠠᠯᠢ ᠪᠤᠰᠤ ᠤᠯᠤᠰ᠂ ᠠᠳᠠᠯᠢ ᠪᠤᠰᠤ ᠪᠣᠯᠪᠠᠰᠤᠨ ᠬᠠᠷᠢᠯᠴᠠᠨ ᠬᠦᠨᠳᠦᠳᠭᠡᠬᠦ ᠳᠤᠮᠳᠠ ᠬᠠᠮᠲᠤ ᠪᠠᠷ ᠬᠥᠭᠵᠢᠵᠦ᠂ ᠠᠳᠠᠯᠢ ᠲᠠᠯ᠎ᠠ ᠪᠠᠨ ᠡᠷᠢᠵᠤ ᠵᠦᠷᠢᠶ᠎ᠠ ᠲᠠᠢ ᠲᠠᠯ᠎ᠠ ᠪᠠᠨ ᠦᠯᠡᠳᠡᠭᠡᠬᠦ ᠳᠤᠮᠳᠠ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠬᠡᠷᠡᠭᠲᠡᠢ᠃ ᠪᠢᠳᠡ ᠲᠡᠦᠬᠡ ᠶᠢᠨ ᠶᠡᠭᠡ ᠬᠠᠨᠳᠤᠰᠢ ᠳᠤ ᠵᠣᠬᠢᠴᠠᠵᠤ᠂ ᠤᠯᠠᠨ ᠤᠯᠤᠰ ᠤᠨ ᠡᠮᠬᠢ ᠳᠢᠭᠯᠢᠮ ᠢ ᠲᠣᠭᠲᠠᠪᠤᠷᠢᠵᠢᠭᠤᠯᠵᠤ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠬᠤ ᠪᠠᠷ ᠴᠢᠷᠮᠠᠶᠢᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠳᠡᠢ᠃ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠪᠠᠭᠲᠠᠭᠠᠮᠵᠢᠲᠠᠢ ᠪᠠᠶᠢᠬᠤ ᠠᠴᠠ ᠪᠢᠰᠢ ᠪᠤᠰᠤᠳ ᠢ ᠭᠠᠳᠠᠭᠤᠷᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ᠠᠯᠢᠪᠠ ᠬᠡᠯᠪᠡᠷᠢ ᠶᠢᠨ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠢ ᠡᠰᠡᠷᠭᠦᠴᠡᠵᠦ᠂ ᠶᠠᠮᠠᠷᠪᠠ ᠬᠡᠯᠪᠡᠷᠢ ᠶᠢᠨ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠬᠦ ᠬᠡᠷᠡᠭᠳᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠨᠢᠳᠤᠨᠤᠨ ᠵᠢᠯ ᠪᠤᠯ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ 100 ᠵᠢᠯ ᠤᠨ ᠤᠢ ᠪᠤᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠣᠷᠳᠣ ᠬᠤᠭᠤᠴᠠᠭ᠎ᠠ ᠪᠠᠷ ᠰᠢᠷᠭᠠᠭᠤ ᠬᠠᠲᠠᠭᠤᠵᠢᠯᠲᠠᠶ ᠲᠡᠮᠡᠴᠡᠵᠦ᠂ ᠤᠯᠤᠰ ᠤᠨ ᠪᠥᠲᠥᠭᠡᠨ ᠪᠠᠶᠢᠭᠤᠯᠤᠯᠲᠠ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢᠨ ᠲᠠᠯ᠎ᠠ ᠪᠠᠷ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠣᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠤᠶᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠶ ᠪᠠᠷ ᠰᠢᠶᠳᠪᠦᠷᠢᠯᠡᠵᠦ᠂ ᠣᠲᠣ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠪᠠ᠃
— ᠳᠤᠮᠳᠠᠳᠤ ᠤᠯᠤᠰ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠳᠤᠮᠳᠠᠳᠤ ᠤᠯᠤᠰ ᠤᠨ ᠠᠵᠤ ᠠᠬᠤᠢ ᠶᠢᠨ ᠶᠡᠷᠦᠩᠬᠡᠢ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠂ ᠨᠢᠳᠤᠨᠤᠨ ᠳᠤᠮᠳᠠᠳᠤ ᠤᠯᠤᠰ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ 8% ᠣᠷᠴᠢᠮ ᠨᠡᠮᠡᠭᠳᠡᠵᠦ᠂ ᠨᠡᠯᠢᠶᠡᠳ ᠥᠨᠳᠥᠷ ᠨᠡᠮᠡᠭᠳᠡᠯ ᠪᠠ ᠨᠡᠯᠢᠶᠡᠳ ᠳᠣᠣᠷ᠎ᠠ ᠵᠣᠭᠤᠰ ᠮᠠᠭᠤᠳᠠᠬᠤ ᠳᠠᠪᠬᠤᠷ ᠬᠠᠷᠠᠯᠲᠠ ᠶᠢ ᠪᠡᠶᠡᠯᠡᠭᠦᠯᠪᠡ᠃ ᠬᠡᠳᠦᠶᠢᠪᠡᠷ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠯᠤᠲᠤ ᠶᠡᠭᠡ ᠳᠠᠷᠤᠯᠲᠠ ᠳᠤ ᠤᠴᠠᠷᠠᠭᠰᠠᠨ ᠪᠣᠯᠪᠠᠴᠤ ᠳᠤᠮᠳᠠᠳᠤ ᠤᠯᠤᠰ ᠤᠨ ᠠᠵᠤ ᠠᠬᠤᠶ ᠶᠢᠨ ᠤᠶᠠᠨ ᠬᠠᠲᠠᠨ ᠴᠢᠨᠠᠷ ᠴᠢᠩᠭ᠎ᠠ᠂ ᠳᠠᠯᠳᠠ ᠬᠦᠴᠦᠨ ᠭᠦᠶᠴᠡᠳ᠂ ᠣᠷᠳᠣ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠬᠠᠰᠠᠨ ᠥᠬᠡᠶ᠂ ᠪᠢᠳᠡ ᠳᠤᠮᠳᠠᠳᠤ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠢᠷᠡᠭᠡᠳᠦᠶ ᠳᠤ ᠢᠲᠡᠭᠡᠯ ᠲᠡᠭᠦᠯᠳᠡᠷ ᠪᠠᠶᠢᠨ᠎ᠠ᠃ ᠳᠤᠮᠳᠠᠳᠤ ᠤᠯᠤᠰ ᠤᠨ ᠬᠢᠨ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠨᠡᠩ ᠢᠯᠡᠷᠬᠡᠢ ᠮᠥᠨ ᠴᠢᠨᠠᠷ ᠪᠦᠬᠦᠢ ᠠᠬᠢᠴᠠ ᠲᠠᠢ ᠪᠤᠯᠭᠠᠬᠤ ᠪᠠᠷ ᠲᠤᠳᠤᠷᠬᠠᠢ ᠳᠤᠷᠠᠳᠴᠤ᠂ ᠡᠭᠦᠨ ᠤ ᠲᠥᠯᠥᠭᠡ ᠡᠯ᠎ᠡ ᠲᠠᠯ᠎ᠠ ᠪᠠᠷ ᠴᠢᠷᠮᠠᠶᠢᠬᠤ ᠪᠣᠯᠤᠨ᠎ᠠ᠃
— ᠳᠤᠮᠳᠠᠳᠤ ᠤᠯᠤᠰ ᠥᠭᠡᠷᠡᠴᠢᠯᠡᠯᠲᠡ ᠨᠡᠬᠡᠬᠡᠯᠳᠡ ᠶᠢ ᠡᠷᠡᠰ ᠭᠤᠶᠢᠪᠢᠰᠢ ᠦᠬᠡᠢ ᠠᠬᠢᠭᠤᠯᠤᠨ᠎ᠠ᠃ ᠳᠤᠮᠳᠠᠳᠤ ᠤᠯᠤᠰ ᠤᠨ ᠥᠭᠡᠷᠡᠴᠢᠯᠡᠯᠲᠡ ᠨᠡᠬᠡᠬᠡᠯᠳᠡ ᠡᠭᠦᠷᠢᠳᠡ ᠵᠤᠬᠰᠤᠰᠢ ᠦᠭᠡᠢ᠃ ᠳᠡᠯᠡᠬᠡᠢ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ ᠳᠤᠮᠳᠠᠳᠤ ᠤᠯᠤᠰ ᠴᠥᠮ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠤᠨ᠎ᠠ᠃ ᠳᠤᠮᠳᠠᠳᠤ ᠤᠯᠤᠰ ᠡᠬᠢ ᠪᠠᠶᠠᠯᠢᠭ ᠤᠨ ᠲᠤᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠡᠷᠡᠰ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠵᠤ᠂ ᠲᠡᠮᠵᠢᠵᠦ᠂ ᠬᠦᠲᠦᠯᠦᠨ ᠵᠢᠯᠣᠭᠤᠳᠤᠨ᠎ᠠ᠃ ᠳᠤᠮᠳᠠᠳᠤ ᠤᠯᠤᠰ ᠨᠢᠭᠡᠳᠦᠯᠲᠡᠢ ᠨᠡᠭᠡᠭᠡᠯᠲᠡᠲᠡᠢ᠂ ᠥᠷᠢᠰᠥᠯᠳᠦᠭᠡᠨ ᠲᠠᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠲᠣᠭ᠍ᠲᠠᠯᠴᠠᠭᠠ ᠶ᠋ᠢ ᠪᠠᠶᠢᠭᠤᠯᠵᠤ᠂ ᠪᠤᠢ ᠪᠦᠬᠦᠢ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠡᠮᠦᠨ᠎ᠡ ᠪᠠᠶᠢᠷᠢ ᠰᠠᠭᠤᠷᠢ ᠡᠷᠬᠡ ᠲᠡᠭᠰᠢ᠂ ᠵᠠᠬ᠎ᠠ ᠳᠡᠯᠭᠡᠭᠦᠷ ᠤᠨ ᠡᠮᠦᠨ᠎ᠡ ᠠᠵᠠ ᠲᠣᠬᠢᠶᠠᠯ ᠡᠷᠬᠡ ᠲᠡᠭᠰᠢ ᠪᠠᠶᠢᠬᠤ ᠶᠢ ᠦᠨᠡᠨ ᠬᠦ ᠪᠠᠲᠤᠯᠠᠨ᠎ᠠ᠃ ᠳᠤᠮᠳᠠᠳᠤ ᠤᠯᠤᠰ ᠡᠯ᠎ᠡ ᠵᠦᠢᠯ ᠤᠨ ᠬᠦᠷᠦᠩᠭᠡ ᠶᠢᠨ ᠳᠤᠮᠳᠠᠳᠤ ᠤᠯᠤᠰ ᠲᠤ ᠬᠠᠤᠯᠢ ᠲᠣᠭᠲᠠᠭᠠᠯ ᠶᠣᠰᠣᠭᠠᠷ ᠡᠵᠡᠩᠨᠡᠯᠲᠡ ᠬᠢᠵᠦ᠂ ᠳᠤᠮᠳᠠᠳᠤ ᠤᠯᠤᠰ ᠤᠨ ᠬᠥᠭᠵᠢᠯᠲᠡ ᠳᠤ ᠢᠳᠡᠪᠬᠢᠲᠡᠢ ᠦᠢᠯᠡᠳᠦᠯ ᠦᠵᠡᠭᠦᠯᠬᠦ ᠶᠢ ᠪᠠᠶᠠᠷᠯᠠᠨ ᠤᠭᠲᠤᠨ᠎ᠠ᠃ ᠳᠤᠮᠳᠠᠳᠤ ᠤᠯᠤᠰ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠪᠠᠨ ᠦᠷᠭᠦᠯᠵᠢᠯᠡᠨ ᠥᠷᠭᠡᠳᠭᠡᠵᠦ᠂ ᠲᠦᠷᠢᠮ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠲᠦᠷᠢᠮ ᠤᠨ ᠬᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠭᠡᠵᠦ᠂ ᠭᠠᠳᠠᠭᠠᠳᠤ ᠪᠠᠯᠠ ᠶᠢᠨ ᠠᠵᠤ ᠠᠬᠤᠶᠢᠯᠠᠯ ᠤᠨ ᠬᠢᠨ ᠤ ᠤᠯᠤᠰ ᠠᠷᠠᠳ ᠤᠨ ᠬᠠᠷᠠᠭᠠᠯᠵᠠᠯ ᠢ ᠨᠠᠶᠢᠳᠠᠪᠤᠷᠢᠵᠢᠭᠤᠯᠵᠤ᠂ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠥᠲᠥᠭᠡᠨ ᠪᠠᠶᠢᠭᠤᠯᠬᠤ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
— ᠳᠤᠮᠳᠠᠳᠤ ᠤᠯᠤᠰ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠠᠵᠤ ᠠᠬᠤᠢ ᠶᠢ ᠬᠥᠭᠵᠢᠭᠦᠯᠬᠦ ᠳᠤ ᠡᠬᠢ ᠪᠠᠶᠠᠯᠢᠭ ᠪᠠ ᠠᠮᠢ ᠠᠬᠤᠢ ᠶᠢᠨ ᠣᠷᠴᠢᠨ ᠨᠥᠬᠦᠴᠡᠯ ᠢ ᠬᠤᠭᠤᠰᠣᠷᠠᠲᠠᠯ᠎ᠠ ᠰᠢᠪᠬᠠᠵᠤ ᠪᠣᠯᠬᠤ ᠦᠭᠡᠢ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠪᠠᠰᠠ ᠠᠵᠤ ᠠᠬᠤᠢ ᠶᠢᠨ ᠬᠥᠭᠵᠢᠯᠲᠡ ᠶᠢ ᠲᠠᠶᠠᠭᠳᠠᠭᠠᠳ ᠬᠤᠪᠠᠭ᠋ᠠᠢ ᠮᠣᠳᠣᠨ ᠠᠴᠠ ᠵᠢᠭᠠᠰᠤ ᠡᠷᠢᠵᠦ ᠪᠠᠶᠢᠭ᠎ᠠ ᠶᠠᠪᠤᠳᠠᠯ ᠪᠢᠰᠢ᠃ ᠳᠤᠮᠳᠠᠳᠤ ᠤᠯᠤᠰ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ ᠬᠦᠴᠦ ᠪᠠᠷ ᠢᠶᠠᠨ ᠴᠢᠩᠭᠠᠳᠬᠠᠵᠤ᠂ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠦᠬᠦ ᠬᠦᠴᠦ ᠪᠠᠷ ᠢᠶᠠᠨ ᠰᠠᠶᠢᠵᠢᠷᠠᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠬᠦᠯᠬᠦ ᠪᠣᠯ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ ᠱᠠᠭᠠᠷᠳᠠᠯᠭ᠎ᠠ ᠮᠥᠨ᠂ ᠪᠠᠰᠠ ᠴᠤ ᠳᠤᠮᠳᠠᠳᠤ ᠤᠯᠤᠰ ᠤᠨ ᠳᠡᠯᠡᠬᠡᠢ ᠨᠡᠶᠢᠭᠡᠮ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠃ ᠳᠤᠮᠳᠠᠳᠤ ᠤᠯᠤᠰ ᠠᠮᠠᠯᠠᠯᠲᠠ ᠪᠠᠨ ᠪᠡᠶᠡᠯᠡᠭᠦᠯᠵᠦ᠂ ᠡᠷᠡᠰ ᠪᠠᠲᠤ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠶᠢ ᠨᠢᠭᠡ ᠯᠡ ᠳᠡᠭᠡᠷ᠎ᠡ ᠪᠦᠲᠦᠭᠡᠵᠦ ᠳᠡᠶᠢᠯᠬᠦ ᠦᠭᠡᠢ᠃ ᠳᠤᠮᠳᠠᠳᠤ ᠤᠯᠤᠰ ᠤᠨ ᠬᠢᠨ ᠡᠪᠳᠡᠬᠦ ᠪᠠᠶᠢᠭᠤᠯᠬᠤ ᠶᠢ ᠵᠡᠷᠭᠡ ᠪᠠᠷ ᠴᠢᠬᠤᠯᠠᠴᠢᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠰᠢᠨ᠎ᠡ ᠡᠨᠧᠷᠭᠢ ᠪᠠᠷ ᠨᠠᠶᠢᠳᠠᠪᠤᠷᠢᠲᠠᠢ ᠣᠷᠣᠯᠠᠭᠤᠯᠬᠤ ᠶᠢ ᠠᠬᠢᠭᠤᠯᠬᠤ ᠶᠠᠪᠤᠴᠠ ᠳᠤ ᠤᠯᠠᠮᠵᠢᠯᠠᠯᠲᠤ ᠡᠨᠧᠷᠭᠢ ᠶᠢ ᠠᠯᠬᠤᠮ ᠠᠯᠬᠤᠮ ᠢᠶᠠᠷ ᠡᠮᠬᠢ ᠵᠢᠷᠤᠮ ᠲᠠᠢ ᠪᠠᠷ ᠪᠠᠭᠠᠰᠬᠠᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠬᠥᠭᠵᠢᠯᠲᠡ ᠶᠢ ᠪᠠᠲᠤᠯᠠᠨ᠎ᠠ᠃ ᠳᠤᠮᠳᠠᠳᠤ ᠤᠯᠤᠰ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠤᠯᠠᠨ ᠤᠯᠤᠰ ᠤᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠠᠬᠢᠭᠤᠯᠤᠨ᠎ᠠ ᠬᠡᠵᠤ ᠴᠢᠬᠤᠯᠠᠴᠢᠯᠠᠪᠠ᠃