ᠵᠤᠬᠢᠶᠠᠭᠴᠢ: ᠴᠠᠭ:2022-01-21 ᠥᠵᠡᠭᠰᠡᠨ : ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠪᠦᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠮᠠᠨ ᠤ ᠣᠷᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠎ᠶ᠋ᠢᠨ ᠲᠠᠮᠢᠷ ᠤᠨ ᠴᠤᠭᠯᠠᠭᠠᠨ ᠳᠤ ᠦᠢᠯᠡᠴᠢᠯᠡᠨ ᠪᠠᠲᠤᠯᠠᠭ᠎ᠠ ᠬᠠᠩᠭᠠᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ    ᠱᠢ ᠲᠠᠢ ᠹᠧᠩ ᠬᠤᠷᠠᠯ ᠢ ᠡᠷᠬᠢᠯᠡᠵᠠᠢ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠪᠦᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠮᠠᠨ ᠤ ᠣᠷᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠎ᠶ᠋ᠢᠨ ᠲᠠᠮᠢᠷ ᠤᠨ ᠴᠤᠭᠯᠠᠭᠠᠨ ᠳᠤ ᠦᠢᠯᠡᠴᠢᠯᠡᠨ ᠪᠠᠲᠤᠯᠠᠭ᠎ᠠ ᠬᠠᠩᠭᠠᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ    ᠱᠢ ᠲᠠᠢ ᠹᠧᠩ ᠬᠤᠷᠠᠯ ᠢ ᠡᠷᠬᠢᠯᠡᠵᠠᠢ

2022  1 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠤᠨ ᠪᠦᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠮᠠᠨ ᠤ ᠣᠷᠣᠨ ᠤ ᠲᠥᠪ ᠤᠨ ᠨᠠᠢᠮᠠᠨ ᠲᠣᠭᠲᠠᠭᠠᠯ ᠢ   ᠬᠡᠷᠡᠭᠵᠢᠭᠦᠯᠵᠤ ᠪᠠᠶᠢᠬᠤ ᠪᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠎ᠶ᠋ᠢᠨ ᠲᠠᠮᠢᠷ ᠤᠨ ᠴᠤᠭᠯᠠᠭᠠᠨ ᠳᠤ ᠦᠢᠯᠡᠴᠢᠯᠡᠨ ᠪᠠᠳᠤᠯᠠᠭ᠎ᠠ ᠬᠠᠩᠭᠠᠬᠤ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃       

ᠬᠤᠷᠠᠯ ᠠᠴᠠ 《2021 ᠣᠨ ᠤ ᠲᠥᠪ ᠤᠨ ᠤᠯᠤᠰ ᠲᠦᠷᠦ ᠶᠢᠨ ᠲᠣᠪᠴᠢᠶᠠᠨ ᠤ ᠲᠥᠪ ᠤᠨ ᠨᠠᠢᠮᠠᠨ ᠲᠣᠭᠲᠠᠭᠠᠯ ᠢ   ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ》 ᠪᠣᠯᠤᠨ 《2021 ᠣᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ》 ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠲᠠᠢ ᠨᠢᠭᠡᠳᠦᠯᠲᠡᠢ ᠪᠠᠶᠢᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠪᠠᠷ ᠬᠡᠪ ᠳᠠᠭᠤᠷᠢᠶᠠᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠲᠦᠷᠦᠭᠦᠯᠡᠨ ᠬᠢᠬᠦ ᠶᠢ ᠪᠠᠷᠢᠮᠳᠠᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ   ᠨᠠᠶᠢᠳᠠᠪᠤᠷᠢᠵᠢᠭᠤᠯᠬᠤ ᠶᠢ ᠢᠮᠠᠭᠳᠠ ᠴᠥᠬᠦᠷᠡᠰᠢ ᠦᠭᠡᠢ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠴᠦᠬᠡᠨ ᠴᠤ ᠰᠤᠯᠠᠷᠠᠭᠤᠯᠤᠯ ᠦᠭᠡᠢ ᠪᠠᠷ ᠦᠷᠭᠦᠯᠵᠢᠯᠡᠨ ᠬᠦᠴᠦᠯᠡᠨ ᠠᠬᠢᠭᠤᠯᠬᠤ ᠬᠡᠷᠡᠭᠲᠡᠢ᠃ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠰᠤᠷᠲᠠᠯ ᠤᠨ ᠪᠠᠶᠢᠭᠤᠯᠤᠯᠲᠠ ᠶᠢ ᠲᠠᠨᠢᠬᠤ ᠪᠠ ᠲᠡᠭᠦᠨ ᠳᠤ ᠬᠠᠨᠳᠤᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠰᠤᠷᠲᠠᠯ ᠤᠨ ᠪᠠᠶᠢᠭᠤᠯᠤᠯᠲᠠ ᠶᠢ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠤᠯᠤᠰ ᠲᠦᠷᠦ ᠶᠢᠨ ᠤᠬᠠᠮᠰᠠᠷ ᠦᠵᠡᠯ ᠰᠠᠨᠠᠭᠠᠨ ᠤ ᠤᠬᠠᠮᠰᠠᠷ ᠦᠢᠯᠡ ᠠᠵᠢᠯᠯᠠᠭ᠎ᠠ ᠶᠢᠨ ᠤᠬᠠᠮᠰᠠᠷ ᠢ ᠨᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠶᠡᠭᠡ ᠪᠠᠷ ᠪᠠᠳᠠᠷᠠᠭᠤᠯᠵᠤ᠂ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠳᠤᠮᠳᠠ ᠪᠦᠷᠢᠯᠳᠦᠭᠰᠡᠨ ᠤᠶᠤᠨ ᠰᠠᠨᠠᠭᠠᠨ ᠤ ᠴᠠᠳᠢᠭ ᠢ ᠵᠠᠯᠭᠠᠮᠵᠢᠯᠠᠨ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷ ᠢ ᠡᠭᠦᠨ ᠤ ᠳᠤᠮᠳᠠ ᠠᠴᠠ ᠤᠶᠤᠨ ᠰᠠᠨᠠᠭᠠᠨ ᠤ ᠰᠢᠮ᠎ᠡ ᠲᠡᠵᠢᠭᠡᠯ ᠬᠦᠷᠲᠡᠵᠦ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠴᠠᠭᠠᠷᠠᠭᠰᠠᠨ ᠰᠤᠷᠲᠠᠯ ᠢ ᠳᠠᠪᠲᠠᠨ ᠪᠣᠯᠪᠠᠰᠤᠷᠠᠭᠤᠯᠬᠤ ᠪᠤᠯᠭᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠰ ᠭᠠᠵᠠᠷ ᠣᠷᠣᠨ ᠳᠤᠰ ᠨᠢᠭᠡᠴᠢ ᠳᠤ ᠣᠷᠣᠰᠢᠵᠤ ᠪᠠᠶᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ᠂ ᠦᠨᠳᠦᠰᠦᠨ ᠱᠠᠳᠤ ᠪᠣᠯᠤᠨ ᠤᠯᠠᠨ ᠲᠦᠮᠡᠨ ᠤ ᠳᠤᠰᠬᠠᠯ ᠴᠢᠩᠭ᠎ᠠ ᠪᠠᠶᠢᠭ᠎ᠠ ᠳᠤᠪᠤᠶᠢᠮ᠎ᠠ ᠠᠰᠠᠭᠤᠳᠠᠯ ᠢ ᠪᠠᠶᠢᠩᠭᠤᠵᠢᠭᠤᠯᠤᠨ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠵᠤ᠂ 《ᠳᠦᠷᠪᠡᠨ ᠰᠤᠷᠲᠠᠯ》 ᠳᠠᠬᠢᠨ ᠢᠯᠡᠷᠡᠬᠦ᠂ ᠳᠠᠯᠳᠠ ᠪᠠᠷ ᠣᠨᠳᠣᠣᠰᠢᠬᠤ ᠶᠢ ᠡᠷᠡᠰ ᠰᠡᠷᠭᠡᠶᠢᠯᠡᠬᠦ ᠬᠡᠷᠡᠭᠲᠡᠢ᠃  ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ  ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯ ᠦᠭᠡᠢ ᠦᠢᠯᠡᠳᠪᠦᠷᠢᠯᠡᠯ ᠵᠡᠷᠭᠡ ᠠᠵᠢᠯ ᠳᠠᠬᠢ ᠬᠡᠯᠪᠡᠷᠢᠴᠢ ᠦᠵᠡᠯ ᠤᠨ ᠠᠰᠠᠭᠤᠳᠠᠯ ᠳᠤ ᠡᠷᠡᠰ ᠴᠤᠬᠢᠯᠲᠠ ᠦᠭᠴᠦ᠂ ᠰᠤᠷᠲᠠᠯ ᠤᠨ ᠪᠠᠶᠢᠭᠤᠯᠤᠯᠲᠠ ᠶᠢᠨ ᠴᠢᠭᠯᠡᠬᠦᠯᠦᠯᠳᠤ ᠴᠢᠨᠠᠷ ᠪᠣᠯᠤᠨ ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢᠨ ᠲᠦᠷᠢᠮ ᠲᠣᠭᠲᠠᠴᠠ ᠶᠢ ᠤᠯᠠᠮ ᠴᠢᠨᠠᠭᠰᠢᠳᠠ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ ᠵᠣᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠵᠤ᠂ ᠲᠦᠷᠢᠮ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠬᠤ ᠳᠡᠭᠡᠷ᠎ᠡ ᠬᠦᠴᠦ ᠲᠠᠯᠪᠢᠵᠤ᠂ ᠰᠤᠷᠲᠠᠯ ᠤᠨ ᠪᠠᠶᠢᠭᠤᠯᠤᠯᠲᠠ ᠶᠢᠨ ᠲᠠᠰᠤᠷᠠᠯᠲᠠ ᠥᠬᠡᠶ ᠭᠦᠨᠵᠡᠭᠡᠶᠢᠷᠡᠨ ᠬᠥᠭᠵᠢᠬᠦ ᠶᠢ ᠪᠠᠲᠤᠯᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠂ ᠪᠦᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ   ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠤᠯᠠᠮ ᠴᠢᠨᠠᠭᠰᠢᠳᠠ ᠲᠣᠳᠣᠷᠬᠠᠢ ᠲᠠᠨᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠰᠠᠭᠤᠷᠢ ᠲᠠᠯᠪᠢᠬᠤ᠂ ᠠᠯᠤᠰ ᠬᠡᠳᠦ ᠳᠤ ᠠᠰᠢᠭᠲᠠᠢ ᠪᠤᠯᠭᠠᠬᠤ᠂ ᠦᠨᠳᠦᠰᠦᠨ ᠵᠦᠢᠯ ᠢ ᠬᠠᠮᠢᠶᠠᠷᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠢᠭᠡᠳᠦᠮᠡᠯ ᠹᠷᠣᠨᠲ ᠤᠨ ᠬᠦᠷᠢᠶᠡᠨ ᠳᠠᠬᠢ ᠠᠶᠤᠯ ᠲᠦᠭᠰᠢᠭᠦᠷᠢ ᠥᠷᠢᠰᠥᠯᠳᠦᠭᠡᠨ ᠢ ᠡᠷᠡᠰ ᠬᠦᠴᠦᠲᠡᠢ ᠰᠡᠷᠭᠡᠶᠢᠯᠡᠨ ᠠᠷᠢᠯᠭᠠᠵᠤ᠂ ᠨᠢᠭᠡᠳᠦᠮᠡᠯ ᠹᠷᠣᠨᠲ ᠤᠨ ᠠᠵᠢᠯ ᠤᠨ ᠰᠢᠨᠵᠢᠯᠡᠬᠦ ᠤᠬᠠᠭᠠᠨᠴᠢᠯᠠᠭᠰᠠᠨ ᠵᠢᠷᠤᠮᠵᠢᠭᠰᠠᠨ ᠳᠦᠷᠢᠮᠵᠢᠭᠰᠡᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠡᠯ᠎ᠡ ᠱᠠᠰᠢᠨ ᠰᠤᠷᠲᠠᠬᠤᠨ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠤᠷᠳᠤ ᠬᠤᠭᠤᠴᠠᠭᠠᠨ ᠤ ᠲᠤᠷᠰᠢᠬᠢ ᠳᠤᠮᠳᠠᠳᠤ ᠤᠯᠤᠰᠴᠢᠯᠠᠬᠤ᠂ ᠣᠷᠣᠨ ᠨᠤᠲᠤᠭᠴᠢᠯᠠᠬᠤ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠳᠣᠲᠣᠨᠣ ᠴᠢᠬᠡᠴᠢ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠨᠠᠮ ᠤᠨ ᠭᠠᠳᠠᠨᠠᠬᠢ ᠰᠡᠬᠡᠭᠡᠲᠡᠨ ᠪᠣᠯᠤᠨ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠦᠰ ᠤᠨ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠬᠥᠮᠦᠰ ᠤᠨ ᠰᠡᠳᠭᠢᠯ ᠢ ᠦᠨᠡᠨ ᠬᠦ ᠨᠢᠭᠲᠠᠷᠠᠭᠤᠯᠵᠤ᠂ ᠬᠦᠴᠦᠨ ᠴᠢᠳᠠᠯ ᠢ ᠦᠨᠡᠨ ᠬᠦ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       

ᠬᠤᠷᠠᠯ ᠠᠴᠠ᠂ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠎ᠶ᠋ᠢᠨ ᠲᠠᠮᠢᠷ ᠤᠨ ᠴᠤᠭᠯᠠᠭᠠᠨ ᠢ ᠪᠡᠯᠡᠳᠭᠡᠨ ᠡᠷᠬᠢᠯᠡᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠪᠡᠶ᠎ᠡ ᠪᠠᠷ ᠢᠶᠠᠨ ᠠᠬᠢᠭᠤᠯᠤᠭᠰᠠᠨ ᠤᠯᠤᠰ ᠤᠨ ᠨᠢᠭᠡᠨ ᠶᠡᠭᠡ ᠶᠠᠪᠤᠳᠠᠯ ᠮᠥᠨ᠂ ᠤᠯᠤᠰ ᠳᠠᠶᠠᠭᠠᠷ ᠤᠨ ᠬᠦᠰᠡᠨ ᠡᠷᠡᠮᠡᠯᠵᠡᠭᠰᠡᠨ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠵᠢᠯᠯᠠᠭ᠎ᠠ ᠮᠥᠨ᠃       

ᠶᠡᠷᠦᠩᠬᠡᠢ ᠱᠦᠵᠢ ᠰᠢ ᠶᠢᠨ ᠫᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠎ᠶ᠋ᠢᠨ ᠲᠠᠮᠢᠷ ᠤᠨ ᠴᠤᠭᠯᠠᠭᠠᠨ ᠤ ᠪᠡᠯᠡᠳᠭᠡᠯ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ   ᠨᠠᠶᠢᠳᠠᠪᠤᠷᠢᠵᠢᠭᠤᠯᠵᠤ᠂ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠎ᠶ᠋ᠢᠨ ᠲᠠᠮᠢᠷ ᠤᠨ ᠴᠤᠭᠯᠠᠭᠠᠨ ᠳᠤ ᠦᠢᠯᠡᠴᠢᠯᠡᠨ ᠪᠠᠲᠤᠯᠠᠭ᠎ᠠ ᠬᠠᠩᠭᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠠᠮᠤᠭ ᠤᠨ ᠡᠷᠡᠰ ᠪᠠᠲᠤ ᠣᠪᠣᠷ᠂ ᠬᠠᠮᠤᠭ ᠤᠨ ᠨᠠᠷᠢᠨ ᠨᠢᠭᠲᠠ ᠲᠥᠯᠥᠪᠵᠢᠭᠦᠯᠭᠡ ᠪᠠ ᠲᠡᠷᠢᠭᠦᠨ ᠤ ᠪᠠᠷᠢᠮᠵᠢᠶ᠎ᠠ ᠪᠠᠷ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠭᠤᠣᠯ ᠬᠠᠷᠢᠭᠤᠴᠠᠯᠭᠠᠲᠠᠨ ᠨᠥᠬᠦᠳ ᠤᠯᠤᠰ ᠲᠦᠷᠦ ᠶᠢᠨ ᠬᠠᠷᠢᠭᠤᠴᠠᠯᠭ᠎ᠠ᠂ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠠᠵᠢᠯ ᠤᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠡᠭᠦᠷᠭᠡᠯᠡᠵᠦ᠂ ᠪᠡᠶ᠎ᠡ ᠪᠠᠷ ᠢᠶᠠᠨ ᠣᠷᠣᠯᠴᠠᠨ ᠲᠤᠬᠢᠷᠠᠭᠤᠯᠤᠯᠲᠠ ᠶᠢ ᠠᠳᠬᠤᠵᠤ᠂ ᠨᠢᠭᠡᠳᠦᠯᠲᠡᠢ ᠲᠥᠯᠥᠪᠵᠢᠭᠦᠯᠬᠦ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠡᠭᠦᠷᠭᠡ ᠶᠢ ᠥᠨᠳᠥᠷ ᠪᠦᠲᠦᠮᠵᠢᠲᠡᠢ ᠠᠬᠢᠭᠤᠯᠵᠤ᠂ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃   ᠣᠷᠣᠨ ᠢᠶᠠᠨ ᠬᠥᠯᠭᠡ ᠰᠢᠲᠠᠷ᠎ᠠ   ᠦᠵᠡᠯ ᠰᠠᠨᠠᠭ᠎ᠠ ᠶᠢ ᠪᠣᠶ ᠪᠣᠯᠭᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠭᠡᠵᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠭᠡᠯᠵᠢ ᠶᠢᠨ ᠨᠢᠰᠭᠡᠯ ᠪᠠᠭᠤᠬᠤ ᠪᠡᠯᠡᠳᠭᠡᠯ ᠠᠵᠢᠯ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠦᠶᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ  ᠬᠦᠴᠦᠨ ᠢ ᠪᠦᠷᠢᠯᠳᠦᠭᠦᠯᠬᠦ ᠬᠡᠷᠡᠭᠲᠡᠶ᠃ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠎ᠶ᠋ᠢᠨ ᠲᠠᠮᠢᠷ ᠤᠨ ᠴᠤᠭᠯᠠᠭᠠᠨ ᠤ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠰᠣᠶᠣᠯ ᠢ ᠤᠬᠠᠭᠤᠯᠤᠨ ᠲᠠᠨᠢᠯᠴᠠᠭᠤᠯᠵᠤ᠂ ᠮᠠᠨ ᠤ ᠣᠷᠣᠨ ᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠎ᠶ᠋ᠢᠨ ᠲᠠᠮᠢᠷ ᠤᠨ ᠴᠤᠭᠯᠠᠭᠠᠨ ᠢ ᠪᠠᠶᠠᠷᠯᠠᠨ ᠤᠭᠲᠤᠵᠤ᠂ ᠣᠷᠣᠯᠴᠠᠵᠤ᠂ ᠬᠠᠮᠲᠤ ᠪᠠᠷ ᠡᠳ᠋ᠯᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠎ᠶ᠋ᠢᠨ ᠲᠠᠮᠢᠷ ᠤᠨ ᠴᠤᠭᠯᠠᠭᠠᠨ ᠢ ᠡᠷᠬᠢᠯᠡᠬᠦ ᠳᠤ ᠬᠦᠷ ᠬᠦᠭᠵᠢᠶᠡᠨᠲᠡᠢ᠂ ᠪᠠᠶᠠᠷ ᠪᠠᠶᠠᠰᠤᠯ ᠲᠠᠢ᠂   ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠤᠷᠤᠯᠳᠤᠭᠠᠨ ᠳᠤ ᠤᠷᠤᠯᠴᠠᠬᠤ ᠪᠡᠯᠡᠳᠭᠡᠯ ᠠᠵᠢᠯ ᠢ ᠠᠮᠤᠷ ᠲᠦᠪᠰᠢᠨ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ᠂ ᠲᠠᠮᠢᠷᠴᠢᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠬᠡᠵᠤ ᠴᠢᠬᠤᠯᠠᠴᠢᠯᠠᠪᠠ᠃        

ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2022 ᠣᠨ ᠤ ᠠᠵᠢᠯ ᠤᠨ ᠭᠤᠣᠯᠳᠠᠯᠭ᠎ᠠ ᠶᠢ ᠰᠤᠳᠤᠯᠪᠠ᠃      

ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    

 

 

 


   :                    
   :           
备案序号:蒙ICP备05003250号 公安备案15010502000173