ᠵᠤᠬᠢᠶᠠᠭᠴᠢ:
ᠴᠠᠭ:2022-01-28
ᠥᠵᠡᠭᠰᠡᠨ : ℃
ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠪᠠ ᠰᠢ ᠶᠢᠨ ᠫᠢᠩ ᠬᠤᠷᠠᠯ ᠢ ᠡᠷᠬᠢᠯᠡᠪᠡ
ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠪᠠ
《ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠶᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠠ ᠲᠥᠪ ᠤᠨ ᠱᠦᠵᠢ ᠨᠡᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠤᠨᠤᠰᠴᠤ ᠰᠤᠳᠤᠯᠤᠬᠰᠠᠨ ᠶᠡᠷᠦᠩᠬᠡᠢ ᠪᠠᠶᠢᠳᠠᠯ ᠤᠨ ᠮᠡᠳᠡᠭᠦᠯᠦᠯᠲᠡ》 《ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ》 ᠢ ᠬᠢᠨᠠᠨ ᠵᠥᠪᠯᠡᠪᠡ
ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠬᠤᠷᠠᠯ ᠢ ᠡᠷᠭᠢᠯᠡᠪᠡ
ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 1 ᠰᠠᠷ᠎ᠠ ᠶᠢᠨ 24 ᠤ ᠡᠳᠦᠷ ᠬᠤᠷᠠᠯ ᠬᠤᠷᠠᠯᠳᠤᠭᠤᠯᠵᠤ᠂ 《ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠶᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠠ ᠲᠥᠪ ᠤᠨ ᠱᠦᠵᠢ ᠨᠡᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠤᠨᠤᠰᠴᠤ ᠰᠤᠳᠤᠯᠤᠬᠰᠠᠨ ᠶᠡᠷᠦᠩᠬᠡᠢ ᠪᠠᠶᠢᠳᠠᠯ ᠤᠨ ᠮᠡᠳᠡᠭᠦᠯᠦᠯᠲᠡ》 《ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ》 ᠢ ᠬᠢᠨᠠᠨ ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ᠃
ᠬᠤᠷᠠᠯ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠪᠣᠯᠤᠨ ᠲᠥᠪ ᠤᠨ ᠱᠦᠵᠢ ᠨᠡᠷ ᠤᠨ ᠭᠠᠵᠠᠷ ᠤᠨ 2021 ᠣᠨ ᠤ ᠠᠵᠢᠯ ᠢ ᠭᠦᠢᠴᠡᠳ ᠨᠤᠲᠠᠯᠠᠵᠤ᠂ 2022 ᠣᠨ ᠤ ᠠᠵᠢᠯ ᠤᠨ ᠲᠤᠬᠢᠷᠠᠭᠤᠯᠤᠯᠳᠠ ᠶᠢ ᠨᠢ ᠵᠥᠪᠰᠢᠶᠡᠷᠡᠪᠡ᠃ ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ 5 ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠭᠤᠶᠢᠪᠢᠰᠢ ᠥᠬᠡᠶ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠪᠣᠯᠤᠨ ᠤᠯᠤᠰ ᠤᠨ ᠠᠵᠢᠯ ᠤᠨ ᠪᠥᠬᠦ ᠲᠠᠯ᠎ᠠ ᠶᠢᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠭᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠦ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠪᠡᠯᠭᠡᠯᠡᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠡᠯ᠎ᠡ ᠲᠠᠯ᠎ᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠤᠯᠪᠠ᠃ ᠲᠥᠪ ᠤᠨ ᠱᠦᠵᠢ ᠨᠡᠷ ᠤᠨ ᠭᠠᠵᠠᠷ ᠨᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠪᠠ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ᠂ ᠤᠯᠠᠨ ᠲᠦᠮᠡᠨ ᠤ ᠪᠦᠯᠬᠦᠮ ᠤᠨ ᠠᠵᠢᠯ ᠪᠠ ᠤᠯᠠᠨ ᠲᠦᠮᠡᠨ ᠤ ᠪᠦᠯᠬᠦᠮ ᠤᠨ ᠥᠭᠡᠷᠡᠴᠢᠯᠡᠯᠲᠡ ᠶᠢ ᠵᠢᠯᠣᠭᠤᠳᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠡᠢ ᠭᠡᠵᠦ ᠦᠵᠡᠪᠡ᠃
ᠬᠤᠷᠠᠯ ᠠᠴᠠ᠂ 2022 ᠤᠨ ᠪᠣᠯ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠰᠢᠨ᠎ᠡ ᠠᠶᠠᠨ ᠳᠠᠭᠠᠨ ᠮᠤᠷᠲᠠᠬᠤ ᠴᠢᠬᠤᠯᠠ ᠨᠢᠭᠡ ᠵᠢᠯ ᠪᠣᠯᠤᠨ᠎ᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠦ᠂ 《ᠬᠤᠶᠠᠷ ᠢ ᠲᠣᠭᠲᠠᠭᠠᠬᠤ》 ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠦ᠂ 《ᠳᠥᠷᠪᠡᠨ ᠤᠬᠠᠮᠰᠠᠷ》 ᠢᠶᠠᠨ ᠴᠢᠩᠭᠠᠳᠬᠠᠠ᠂ 《ᠳᠥᠷᠪᠡᠨ ᠢᠲᠡᠭᠡᠯ》 ᠢᠶᠠᠨ ᠪᠠᠲᠤᠳᠬᠠᠵᠤ᠂ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠵᠦ᠂ ᠬᠡᠬᠦᠳᠡᠭ ᠴᠡᠭᠡᠵᠢᠨ ᠳᠡᠭᠡᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠣᠯᠤᠨ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠬᠡᠢ ᠶᠡᠭᠡ ᠬᠤᠪᠢᠰᠤᠯᠲᠠ ᠶᠢ ᠪᠠᠭᠲᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠪᠡᠯᠡᠳᠭᠡᠬᠦ ᠪᠠ ᠬᠤᠷᠠᠯᠳᠤᠭᠤᠯᠬᠤ ᠶᠢᠨ ᠲᠣᠭᠤᠷᠢᠨ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠠ᠂ ᠲᠡᠦᠬᠡ ᠶᠢᠨ ᠢᠲᠡᠭᠡᠯ ᠢᠶᠠᠨ ᠪᠠᠲᠤᠳᠬᠠᠠ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠬᠠᠮᠠᠭᠠᠯᠠᠠ᠂ ᠡᠷᠴᠢ ᠵᠣᠷᠢᠭ ᠢᠶᠠᠨ ᠬᠥᠪᠴᠢᠯᠡᠠ᠂ ᠦᠨᠡᠨᠴᠢ ᠰᠢᠳᠤᠷᠭᠤ ᠪᠠᠷ᠂ ᠡᠯ᠎ᠡ ᠵᠦᠶᠯ ᠤᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠭᠦᠷᠢᠳᠡ ᠵᠤᠬᠰᠤᠰᠢ ᠦᠭᠡᠢ ᠪᠠᠷᠢᠮᠲᠠᠯᠠᠵᠤ᠂ ᠭᠤᠣᠯ ᠬᠦᠭ ᠠᠶᠠᠰ ᠢ ᠴᠢᠩᠭ᠎ᠠ ᠪᠠᠷᠢᠮᠲᠠᠯᠠᠨ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ 《ᠲᠦᠷᠪᠡᠨ ᠰᠤᠷᠲᠠᠯ》 ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠥᠴᠦᠬᠡᠨ ᠴᠦ ᠢᠯᠳᠠᠷ ᠬᠠᠶᠠᠬᠤ ᠦᠭᠡᠢ ᠪᠠᠷ ᠢᠯᠵᠠᠷᠠᠯ ᠢ ᠪᠠᠶᠢᠴᠠᠭᠠᠨ ᠰᠢᠢᠳᠪᠦᠷᠢᠯᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠲᠥᠪ ᠤᠨ ᠱᠦᠵᠢ ᠨᠡᠷ ᠤᠨ ᠭᠠᠵᠠᠷ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠲᠦᠷᠦᠭᠦᠯᠡᠨ ᠬᠠᠮᠠᠭᠠᠯᠠᠵᠤ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠪᠠ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠨ᠂ ᠭᠤᠣᠯᠳᠠᠯᠭ᠎ᠠ ᠪᠠᠨ ᠲᠤᠪᠤᠶᠢᠯᠭᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ᠂ ᠵᠠᠬᠢᠳᠠᠯ ᠰᠤᠷᠪᠤᠯᠵᠢᠯᠠᠯ ᠤᠨ ᠠᠵᠢᠯ ᠪᠣᠯ ᠨᠠᠮ ᠤᠨ ᠣᠯᠠᠨ ᠲᠦᠮᠡᠨ ᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ ᠴᠢᠬᠤᠯᠠ ᠴᠤᠩᠬᠤᠪᠴᠢ ᠮᠥᠨ᠃ 《ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ》 ᠢ ᠲᠣᠭᠲᠠᠭᠠᠬᠤ ᠪᠠᠷ ᠳᠡᠮᠵᠢᠨ᠂ ᠮᠠᠨ ᠤ ᠨᠠᠮ ᠤᠨ ᠣᠷᠳᠣ ᠬᠤᠭᠤᠴᠠᠭᠠᠨ ᠤ ᠲᠤᠷᠰᠢ ᠵᠠᠬᠢᠳᠠᠯ ᠰᠤᠷᠪᠤᠯᠵᠢᠯᠠᠯ ᠤᠨ ᠠᠵᠢᠯ ᠢ ᠤᠳᠤᠷᠢᠳᠤᠨ ᠥᠷᠨᠢᠭᠦᠯᠦᠭᠰᠡᠨ ᠲᠤᠷᠰᠢᠯᠭ᠎ᠠ ᠢᠯᠠᠩᠭᠤᠶ᠎ᠠ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢᠬᠢ ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠳ᠋ᠦᠩᠨᠡᠵᠦ᠂ ᠵᠠᠬᠢᠳᠠᠯ ᠰᠤᠷᠪᠤᠯᠵᠢᠯᠠᠯ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠲᠣᠭᠲᠠᠴᠠ ᠶᠢ ᠰᠢᠯᠤᠭᠤᠳᠬᠠᠨ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠦ ᠭᠠᠷᠭᠠᠪᠠ᠃
ᠬᠤᠷᠠᠯ ᠠᠴᠠ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠵᠠᠷᠴᠢᠮ ᠪᠠ ᠱᠠᠭᠠᠷᠳᠠᠯᠭ᠎ᠠ ᠶᠢ ᠡᠵᠡᠮᠳᠡᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠶᠯᠡᠳᠦᠯᠭᠡᠵᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠠᠶᠢᠲᠤᠷ ᠬᠡᠷᠡᠭᠯᠡᠬᠦ ᠬᠡᠷᠡᠭᠲᠡᠶ᠃ ᠵᠠᠬᠢᠳᠠᠯ ᠰᠤᠷᠪᠤᠯᠵᠢᠯᠠᠯ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠬᠤ᠂ ᠵᠠᠰᠠᠭ ᠤᠨ ᠣᠷᠳᠣᠨ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ᠂ ᠬᠠᠮᠲᠤᠷᠠᠭᠰᠠᠨ ᠬᠤᠷᠠᠯ ᠠᠴᠠ ᠵᠣᠬᠢᠴᠠᠭᠤᠯᠬᠤ᠂ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠠᠬᠢᠭᠤᠯᠬᠤ᠂ ᠡᠯ᠎ᠡ ᠲᠠᠯ᠎ᠠ ᠶᠢᠨ ᠬᠢᠨ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃ ᠲᠦᠷᠢᠮ ᠤᠨ ᠰᠤᠷᠤᠯᠴᠠᠯᠭ᠎ᠠ ᠪᠣᠯᠪᠠᠰᠤᠷᠠᠯ᠂ ᠤᠬᠠᠭᠤᠯᠤᠨ ᠲᠠᠶᠢᠯᠪᠤᠷᠢᠯᠠᠬᠤ ᠪᠠ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠳᠠᠶᠠᠭᠠᠷ ᠲᠤ ᠠᠵᠢᠯ ᠶᠠᠪᠤᠳᠠᠯ ᠭᠦᠢᠴᠡᠳᠭᠡᠬᠦ ᠳᠤ ᠬᠠᠤᠯᠢ ᠶᠢ ᠵᠢᠷᠤᠮᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠨᠠᠮᠳᠠᠭᠤᠯᠬᠤ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠤᠨ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃