ᠵᠤᠬᠢᠶᠠᠭᠴᠢ:
ᠴᠠᠭ:2022-01-28
ᠥᠵᠡᠭᠰᠡᠨ : ℃
ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ᠪᠤᠯᠤᠨ ᠢᠰᠷᠧᠯ ᠤᠨ ᠶᠡᠷᠦᠩᠬᠡᠶᠢᠯᠡᠭᠴᠢ ᠡᡁᠧᠷᠽᠦ᠋ᠸᠧᠭᠧ ᠳᠤᠮᠳᠠᠳᠤ ᠢᠰᠷᠧᠯ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠳᠤ ᠵᠤᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠰᠢ ᠶᠢᠨ ᠫᠢᠩ ᠪᠤᠯᠤᠨ ᠢᠰᠷᠧᠯ ᠤᠨ ᠶᠡᠷᠦᠩᠬᠡᠶᠢᠯᠡᠭᠴᠢ ᠡᡁᠧᠷᠽᠦ᠋ᠸᠧᠭᠧ ᠳᠤᠮᠳᠠᠳᠤ ᠢᠰᠷᠧᠯ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠳᠤ ᠵᠤᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠯᠢ ᠺᠧ ᠴᠢᠶᠠᠩ ᠪᠣᠯᠤᠨ ᠢᠰᠷᠧᠯ ᠤᠨ ᠶᠡᠷᠦᠩᠬᠡᠢ ᠰᠠᠶᠢᠳ ᠪᠧᠨᠨ᠋ᠸᠢᠢᠲ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ
2022 1 ᠰᠠᠷ᠎ᠠ ᠶᠢᠨ 24 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠢᠰᠷᠧᠯ ᠤᠨ ᠶᠡᠷᠦᠩᠬᠡᠶᠢᠯᠡᠭᠴᠢ ᠡᡁᠧᠷᠽᠦ᠋ᠸᠧᠭᠧ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢ ᠪᠡᠯᠭᠡᠯᠡᠪᠡ᠃
ᠰᠢ ᠶᠢᠨ ᠫᠢᠩ᠂ ᠳᠤᠮᠳᠠᠳᠤ ᠢᠰᠷᠧᠯ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠡᠳᠦᠷ ᠢᠷᠡᠬᠦᠶ᠎ᠡ ᠬᠦᠨᠵᠡᠭᠡᠶᠢᠷᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠲᠦᠷᠭᠡᠨ ᠬᠥᠭᠵᠢᠪᠡ᠃ 2017 ᠣᠨ ᠳᠤ ᠬᠤᠶᠠᠷ ᠤᠯᠤᠰ ᠰᠢᠨ᠎ᠡ ᠶᠢ ᠡᠭᠦᠳᠬᠦ ᠪᠦᠬᠦ ᠲᠠᠯ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠪᠡ᠃ ᠪᠢ ᠳᠤᠮᠳᠠᠳᠤ ᠢᠰᠷᠧᠯ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠡᡁᠧᠷᠽᠦ᠋ᠸᠧᠭᠧ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠥᠷᠭᠡᠳᠭᠡᠵᠦ᠂ ᠳᠤᠮᠳᠠᠳᠤ ᠢᠰᠷᠧᠯ ᠤᠨ ᠰᠢᠨ᠎ᠡ ᠶᠢ ᠡᠭᠦᠳᠬᠦ ᠪᠦᠬᠦ ᠲᠠᠯ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠶᠢ ᠠᠬᠢᠭᠤᠯᠵᠤ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
ᠾᠧᠷᠽᠦ᠋ᠸᠧᠭᠧ᠂ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ ᠬᠤᠶᠠᠷ ᠤᠯᠤᠰ ᠤᠨ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠦᠷᠭᠦᠯᠵᠢᠯᠡᠨ ᠭᠦᠨᠵᠡᠭᠡᠶᠢᠷᠡᠪᠡ᠃ ᠬᠤᠶᠠᠷ ᠲᠠᠯ᠎ᠠ ᠶᠢᠨ ᠠᠵᠤ ᠠᠬᠤᠢ᠂ ᠬᠥᠳᠡᠭᠡ ᠠᠵᠤ ᠠᠬᠤᠢ᠂ ᠡᠷᠡᠭᠦᠯ ᠬᠠᠮᠠᠭᠠᠯᠠᠯ᠂ ᠵᠢᠭᠤᠯᠴᠢᠯᠠᠯ ᠪᠣᠯᠤᠨ ᠰᠣᠶᠣᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠪᠡ᠃ ᠪᠢ ᠢᠰᠷᠧᠯ ᠳᠤᠮᠳᠠᠳᠤ ᠶᠢᠨ ᠰᠢᠨ᠎ᠡ ᠶᠢ ᠡᠭᠦᠳᠬᠦ ᠪᠦᠬᠦ ᠲᠠᠯ᠎ᠠ ᠶᠢᠨ ᠬᠠᠨᠢᠲᠠᠨ ᠤ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠲᠤᠰᠢᠶᠠᠯ ᠤᠨ ᠬᠤᠭᠤᠴᠠᠭᠠᠨ ᠳᠠᠭᠠᠨ ᠢᠰᠷᠧᠯ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠶᠢ ᠤᠯᠠᠮ ᠴᠢᠨᠠᠭᠰᠢᠳᠠ ᠠᠬᠢᠭᠤᠯᠬᠤ ᠶᠢ ᠬᠦᠰᠡᠵᠦ ᠪᠠᠶᠢᠨ᠎ᠠ ᠭᠡᠵᠤ ᠢᠯᠡᠳᠭᠡᠪᠡ᠃
ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠪᠣᠯᠤᠨ ᠢᠰᠷᠧᠯ ᠤᠨ ᠶᠡᠷᠦᠩᠬᠡᠢ ᠰᠠᠶᠢᠳ ᠪᠧᠨᠨ᠋ᠸᠢᠢᠲ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠺᠧ ᠴᠢᠶᠠᠩ᠂ ᠤᠢᠢᠷ᠎ᠠ ᠶᠢᠨ ᠵᠢᠯ ᠳᠤ ᠳᠤᠮᠳᠠᠳᠤ ᠢᠰᠷᠧᠯ ᠬᠤᠶᠠᠷ ᠲᠠᠯ᠎ᠠ ᠪᠠᠷ ᠢᠶᠠᠨ ᠰᠢᠨ᠎ᠡ ᠶᠢ ᠡᠭᠦᠳᠬᠦ ᠦᠷ᠎ᠡ ᠪᠦᠲᠦᠮᠵᠢᠲᠡᠢ ᠬᠠᠮᠲᠤᠷᠠᠯᠴᠠᠭ᠎ᠠ ᠥᠷᠨᠢᠭᠦᠯᠵᠦ᠂ ᠬᠠᠷᠢᠯᠴᠠᠨ ᠠᠰᠢᠭᠲᠠᠢ ᠪᠠᠶᠢᠵᠤ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠪᠡ᠃ ᠳᠤᠮᠳᠠᠳᠤ ᠤᠯᠤᠰ ᠳᠤᠷᠠᠲᠠᠶ᠎ᠠ ᠢᠰᠷᠧᠯ ᠤᠨ ᠬᠢᠨ ᠲᠠᠢ ᠬᠠᠮᠲᠤ ᠪᠠᠷ ᠴᠢᠷᠮᠠᠶᠢᠵᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠵᠣᠷᠢᠭ ᠰᠠᠨᠠᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠬᠤᠶᠠᠷ ᠤᠯᠤᠰ ᠤᠨ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠢᠰᠷᠧᠯ ᠤᠨ ᠬᠠᠷᠢᠯᠴᠠᠭ᠎ᠠ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ ᠭᠡᠵᠦ ᠢᠯᠡᠳᠭᠡᠪᠡ᠃
ᠪᠧᠨᠨ᠋ᠸᠢᠢᠲ᠂ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ ᠢᠯᠠᠩᠭᠤᠶ᠎ᠠ ᠬᠤᠶᠠᠷ ᠤᠯᠤᠰ ᠰᠢᠨ᠎ᠡ ᠶᠢ ᠡᠭᠦᠳᠬᠦ ᠪᠦᠬᠦ ᠲᠠᠯ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 5 ᠵᠢᠯ ᠤᠨ ᠲᠤᠷᠰᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠦᠬᠦ ᠲᠠᠯ᠎ᠠ ᠪᠠᠷ ᠬᠥᠭᠵᠢᠪᠡ᠃ ᠢᠷᠡᠭᠡᠳᠦᠢ ᠳᠤ ᠢᠰᠷᠧᠯ ᠳᠤᠮᠳᠠᠳᠤ ᠶᠢᠨ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶᠢᠷᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠤᠨ᠎ᠠ ᠭᠡᠳᠡᠭ ᠢ ᠪᠢ ᠪᠠᠲᠤ ᠢᠲᠡᠭᠡᠵᠦ ᠪᠠᠶᠢᠨ᠎ᠠ ᠭᠡᠵᠤ ᠢᠯᠡᠳᠭᠡᠪᠡ᠃