ᠵᠤᠬᠢᠶᠠᠭᠴᠢ: ᠴᠠᠭ:2022-02-12 ᠥᠵᠡᠭᠰᠡᠨ : ᠢᠷᠡᠯᠲᠡ: ᠢᠷᠡᠯᠲᠡ᠄ 《ᠥᠪᠥᠷ ᠮᠣᠩᠭᠤᠯ ᠤᠨ ᠡᠳᠦᠷ ᠤᠨ ᠰᠣᠨᠢᠨ》  
ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ   ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠪᠠ

ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ   ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠪᠠ

2022  1  ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠡᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠡᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠡᠴᠡ ᠶᠢᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠴᠠᠭᠠᠨ ᠰᠠᠷ᠎ᠠ ᠶᠢᠨ ᠬᠤᠭᠤᠴᠠᠭ᠎ᠠ ᠪᠤᠯᠤᠨ ᠡᠪᠦᠯ ᠤᠨ ᠤᠯᠠᠷᠢᠯ ᠤᠨ ᠣᠯᠢᠮᠫᠢᠺ ᠤᠨ  ᠲᠠᠮᠢᠷ ᠤᠨ ᠴᠤᠭᠯᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠳᠤᠯᠠᠬᠤ ᠪᠠ ᠪᠦᠬᠦ ᠣᠷᠣᠨ ᠤ   ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃       

ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ  ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠡᠴᠡ ᠶᠢᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠪᠣᠯᠤᠨ ᠡᠪᠦᠯ ᠤᠨ ᠤᠯᠠᠷᠢᠯ ᠤᠨ ᠣᠯᠢᠮᠫᠢᠺ ᠤᠨ  ᠲᠠᠮᠢᠷ ᠤᠨ ᠴᠤᠭᠯᠠᠭᠠᠨ ᠤ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠭᠢᠯᠭᠡ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠡᠷᠡᠰ ᠪᠡᠶᠡᠯᠡᠭᠦᠯᠬᠦ ᠬᠡᠷᠡᠭᠲᠡᠢ᠃ ᠪᠦᠬᠦ ᠲᠠᠯ᠎ᠠ ᠶᠢᠨ ᠦᠵᠡᠯᠲᠡ ᠪᠣᠯᠤᠨ ᠶᠡᠭᠡ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠤᠷᠮ᠎ᠠ ᠵᠤᠷᠢᠭ ᠲᠡᠭᠦᠯᠳᠡᠷ ᠪᠠᠶᠢᠵᠤ᠂ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠬᠢᠯᠭᠡ᠂ ᠭᠤᠷᠢᠳᠠᠬᠤ ᠪᠤᠳᠤᠯ᠂ ᠰᠤᠯᠠᠷᠠᠬᠤ ᠰᠡᠳᠭᠢᠯᠭᠡ ᠶᠢ ᠡᠷᠡᠰ ᠲᠡᠪᠴᠢᠵᠦ᠂ 《ᠲᠦᠷᠪᠡᠨ ᠲᠠᠯ᠎ᠠ ᠶᠢᠨ ᠬᠠᠷᠢᠭᠤᠴᠠᠯᠭ᠎ᠠ》 ᠪᠣᠯᠤᠨ 《ᠲᠦᠷᠪᠡᠨ ᠡᠷᠳᠠ ᠪᠠᠶᠢᠬᠤ》 ᠱᠠᠭᠠᠷᠳᠠᠯᠭ᠎ᠠ ᠶᠢ ᠴᠢᠩᠭᠠᠳᠬᠠᠵᠤ᠂ ᠠᠯᠳᠠᠭᠳᠠᠯ ᠢᠶᠠᠨ ᠴᠢᠨᠠᠭᠰᠢᠳᠠ ᠪᠠᠶᠢᠴᠠᠭᠠᠨ᠂ ᠳᠤᠳᠠᠭᠤᠳᠠᠯ ᠢᠶᠠᠨ ᠨᠦᠬᠦᠪᠦᠷᠢᠯᠡᠵᠤ᠂ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠴᠢᠩᠭᠠᠳᠬᠠᠵᠤ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦ ᠪᠠᠷ ᠢᠶᠠᠨ ᠪᠠᠲᠤ ᠪᠠᠬᠢ ᠴᠤᠭᠴᠠᠯᠠᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠤᠯᠠᠨ ᠲᠦᠮᠡᠨ ᠤ ᠴᠠᠭᠠᠨ ᠰᠠᠷ᠎ᠠ ᠪᠠᠨ ᠪᠠᠶᠠᠷ ᠬᠦᠷ ᠲᠠᠢ ᠦᠩᠭᠡᠷᠡᠭᠦᠯᠬᠦ᠂ ᠡᠪᠦᠯ ᠤᠨ ᠤᠯᠠᠷᠢᠯ ᠤᠨ ᠣᠯᠢᠮᠫᠢᠺ ᠤᠨ  ᠲᠠᠮᠢᠷ ᠤᠨ ᠴᠤᠭᠯᠠᠭᠠᠨ ᠢ ᠤᠷᠤᠭᠰᠢᠲᠠᠢ ᠡᠷᠬᠢᠯᠡᠬᠦ ᠳᠤ ᠠᠮᠤᠷ ᠲᠦᠪᠰᠢᠨ ᠡᠶ᠎ᠡ ᠵᠣᠬᠢᠴᠠᠩᠭᠤᠢ ᠠᠭᠤᠷ ᠠᠮᠢᠰᠬᠤᠯ ᠢ ᠪᠤᠢ ᠪᠣᠯᠭᠠᠵᠤ ᠦᠭᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠭᠠᠵᠠᠷ ᠤᠨ ᠬᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠨᠠᠷᠢᠯᠢᠭ ᠣᠨᠣᠴᠠᠲᠠᠶ ᠪᠦᠲᠦᠮᠵᠢᠲᠡᠶ ᠰᠠᠶᠢᠲᠤᠷ ᠬᠢᠬᠦ ᠶᠢ ᠱᠠᠯᠠᠪᠳᠠᠭᠤᠯᠤᠨ᠂ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠶᠢᠨ ᠴᠡᠭ ᠪᠣᠯᠤᠨ ᠪᠠᠭᠤᠷᠠᠶ ᠭᠤᠭᠴᠤᠭ᠎ᠠ ᠶᠢ ᠨᠠᠷᠢᠨ ᠬᠢᠨᠠᠮᠠᠭᠠᠶ ᠪᠠᠶᠢᠴᠠᠭᠠᠨ ᠡᠵᠡᠮᠳᠡᠵᠦ᠂ ᠴᠡᠭᠴᠡᠯᠡᠨ ᠰᠠᠶᠢᠵᠢᠷᠠᠭᠤᠯᠬᠤ ᠶᠢ ᠴᠠᠭ ᠲᠤᠬᠠᠶ ᠳᠤᠨᠢ ᠠᠬᠢᠭᠤᠯᠵᠤ᠂ ᠦᠨᠡᠨ ᠬᠦ ᠴᠢᠩᠭ᠎ᠠ ᠰᠠᠬᠢᠯᠭ᠎ᠠ ᠪᠠᠲᠤ ᠪᠣᠯᠤᠨ ᠱᠠᠭᠠᠷᠳᠠᠯᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠪᠦᠲᠦᠮᠵᠢᠲᠡᠶ ᠥᠷᠨᠢᠭᠦᠯᠬᠦ ᠶᠢ ᠪᠠᠲᠤᠯᠠᠬᠤ ᠬᠡᠷᠡᠭᠲᠡᠶ᠃ ᠴᠠᠭᠠᠨ ᠰᠠᠷ᠎ᠠ ᠶᠢᠨ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢ ᠠᠮᠤᠷ ᠲᠦᠪᠰᠢᠨ ᠥᠨᠳᠥᠷ ᠪᠦᠲᠦᠮᠵᠢᠲᠡᠶ ᠵᠣᠬᠢᠶᠠᠨ ᠪᠠᠶᠢᠭᠤᠯᠵᠤ ᠥᠷᠨᠢᠭᠦᠯᠦᠨ᠂ ᠮᠠᠨ ᠤ ᠣᠷᠣᠨ ᠢᠶᠠᠷ ᠵᠤᠷᠴᠢᠬᠤ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠨᠢᠭᠡᠴᠢ᠂ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠨ᠂ ᠣᠯᠠᠨ ᠠᠷᠭ᠎ᠠ ᠵᠠᠮ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠥᠷᠨᠢᠭᠦᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠠᠴᠠ ᠴᠢᠩᠭ᠎ᠠ ᠨᠠᠷᠢᠯᠢᠭ ᠠᠴᠠ ᠨᠠᠷᠢᠯᠢᠭ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠠᠳᠬᠤᠵᠤ᠂ 《ᠭᠤᠷᠪᠠᠨ ᠰᠡᠷᠭᠡᠶᠢᠯᠡᠯᠲᠡ ᠶᠢᠨ ᠱᠤᠭᠤᠮ》 ᠢ ᠡᠷᠡᠰ ᠪᠠᠲᠤ ᠴᠣᠭᠴᠠᠯᠠᠵᠤ᠂ ᠭᠤᠷᠪᠠᠨ ᠬᠤᠷᠢᠭ᠎ᠠ ᠪᠣᠭᠤᠮᠲᠠ ᠶᠢ ᠦᠨᠡᠨ ᠬᠦ ᠰᠠᠶᠢᠲᠤᠷ ᠡᠵᠡᠮᠳᠡᠵᠦ᠂ ᠪᠦᠬᠦ ᠬᠡᠯᠬᠢᠶᠡᠨ ᠤ ᠪᠢᠲᠡᠭᠦᠦ ᠭᠤᠭᠴᠤᠭᠠᠳᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠦᠢᠳᠡᠨ ᠢᠶᠠᠷ ᠲᠡᠭᠡᠭᠡᠪᠤᠷᠢᠯᠡᠬᠦ᠂ ᠪᠠᠷᠠᠭᠠᠨ ᠤ ᠭᠦᠢᠯᠭᠡᠭᠡ᠂ ᠲᠦᠷᠭᠡᠨ ᠬᠦᠷᠭᠡᠯᠲᠡ ᠶᠢᠨ ᠡᠳᠦᠷ ᠳᠤᠳᠤᠮ ᠤᠨ ᠬᠠᠮᠢᠶᠠᠷᠤᠯᠲᠠ ᠪᠣᠯᠤᠨ ᠰᠢᠯᠭᠠᠨ ᠪᠠᠶᠢᠴᠠᠭᠠᠵᠤ ᠠᠷᠢᠭᠤᠳᠬᠠᠬᠤ ᠠᠵᠢᠯ ᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠨ ᠰᠠᠶᠢᠲᠤᠷ ᠬᠢᠵᠦ᠂ ᠬᠠᠭᠤᠷᠠᠢ ᠵᠠᠮ ᠤᠨ ᠪᠣᠭᠤᠮᠲᠠ ᠪᠣᠯᠤᠨ ᠤᠯᠠᠨ ᠤᠯᠤᠰ ᠤᠨ ᠵᠢᠰᠢᠶᠠᠨ ᠤ ᠨᠢᠰᠭᠡᠯ ᠢ ᠰᠠᠯᠭᠠᠨ ᠪᠠᠭᠤᠯᠭᠠᠬᠤ ᠬᠤᠶᠠᠷ ᠪᠣᠭᠤᠮᠲᠠ ᠶᠢ ᠡᠷᠡᠰ ᠰᠠᠶᠢᠲᠤᠷ ᠰᠠᠬᠢᠵᠤ᠂ ᠬᠢᠵᠢᠭ ᠤᠨ ᠪᠠᠶᠢᠳᠠᠯ ᠬᠠᠯᠳᠠᠪᠤᠷᠢᠯᠠᠨ ᠣᠷᠣᠵᠤ ᠢᠷᠡᠬᠦ ᠪᠠ ᠲᠠᠷᠬᠠᠨ ᠳᠡᠯᠭᠡᠷᠡᠬᠦ ᠶᠢ ᠰᠡᠷᠭᠡᠶᠢᠯᠡᠵᠦ᠂ ᠬᠢᠵᠢᠭ ᠤᠨ ᠪᠠᠶᠢᠳᠠᠯ ᠢ ᠪᠦᠲᠦᠮᠵᠢᠲᠡᠢ ᠰᠡᠷᠭᠡᠶᠢᠯᠡᠨ ᠡᠵᠡᠮᠳᠡᠬᠦ ᠪᠠᠷ ᠬᠢᠯᠢ ᠶᠢᠨ ᠪᠣᠭᠤᠮᠲᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠰᠢᠨᠵᠢᠯᠡᠬᠦ ᠤᠬᠠᠭᠠᠨᠴᠢ ᠴᠢᠨᠠᠷ ᠪᠣᠯᠤᠨ ᠣᠨᠣᠪᠴᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠴᠢᠩᠭ᠎ᠠ ᠬᠠᠮᠢᠶᠠᠷᠬᠤ ᠴᠢᠬᠤᠯᠠᠲᠠᠢ ᠭᠠᠵᠠᠷ ᠲᠤ ᠡᠷᠬᠡᠪᠰᠢ ᠴᠢᠩᠭ᠎ᠠ ᠭᠦᠢᠴᠡᠳ ᠬᠠᠮᠢᠶᠠᠷᠬᠤ ᠶᠢᠨ ᠬᠠᠮᠲᠤ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠳᠥᠬᠦᠮᠴᠢᠯᠡᠵᠤ ᠪᠤᠯᠬᠤ ᠦᠭᠡᠢ᠂ ᠪᠦᠬᠦᠨ ᠢ ᠡᠭᠡᠭᠡ ᠠᠳᠠᠯᠢ ᠪᠠᠷ ᠱᠠᠭᠠᠷᠳᠠᠵᠤ ᠪᠣᠯᠬᠤ ᠦᠭᠡᠢ ᠭᠡᠵᠤ ᠴᠢᠬᠤᠯᠠᠴᠢᠯᠠᠵᠠᠢ᠃       

ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠥᠷᠭᠡᠨ ᠤᠯᠠᠨ ᠠᠷᠠᠳ ᠲᠦᠮᠡᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠵᠤ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠢ ᠪᠦᠬᠦ ᠬᠦᠴᠦ ᠪᠠᠷ ᠢᠶᠠᠨ ᠪᠤᠢ ᠪᠣᠯᠭᠠᠬᠤ ᠬᠡᠷᠡᠭᠲᠡᠢ᠃ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ》 ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ 《ᠭᠤᠷᠪᠠᠨ ᠡᠷᠬᠡᠪᠰᠢ》 ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠨᠠᠭᠰᠢᠳᠠ ᠴᠢᠩᠭᠠᠳᠬᠠᠵᠤ᠂    ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠦᠨᠡᠨ ᠬᠦ ᠬᠤᠪᠢ ᠬᠦᠮᠦᠨ ᠳᠤ ᠬᠦᠷᠳᠡᠯ᠎ᠡ ᠨᠠᠷᠢᠯᠢᠭ ᠨᠠᠶᠢᠳᠠᠪᠤᠷᠢᠵᠢᠭᠤᠯᠵᠤ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠶᠢᠯᠠᠯ ᠤᠨ    ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠬᠢᠨ    ᠦᠢᠯᠡᠳᠪᠦᠷᠢᠯᠡᠯ ᠤᠨ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠬᠦ ᠶᠢ ᠱᠠᠯᠠᠪᠳᠠᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠴᠢᠩᠭᠠᠳᠬᠠᠵᠤ᠂ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂    ᠦᠢᠯᠡᠳᠪᠦᠷᠢᠯᠡᠯ ᠤᠨ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ᠂ ᠠᠭᠤᠷᠬᠠᠶ᠂ ᠪᠠᠷᠢᠯᠭ᠎ᠠ ᠶᠢᠨ ᠠᠵᠢᠯ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠰᠢᠲᠠᠮᠠᠬᠠᠶ ᠬᠡᠶ᠂ ᠠᠶᠤᠯᠲᠠᠶ ᠬᠢᠮᠢ ᠶᠢᠨ ᠪᠣᠳᠠᠰ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠪᠣᠯᠤᠨ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠫᠤᠤᠵᠢᠩ ᠢ ᠰᠡᠮᠡᠬᠡᠷ ᠦᠢᠯᠡᠳᠪᠦᠷᠢᠯᠡᠨ ᠲᠡᠯᠳᠡᠭᠤᠷ ᠬᠤᠳᠠᠯᠳᠤᠬᠤ ᠶᠢ ᠴᠢᠩᠭ᠎ᠠ ᠰᠡᠷᠭᠡᠶᠢᠯᠡᠵᠦ᠂ ᠡᠯ᠎ᠡ ᠲᠥᠷᠥᠯ ᠤᠨ ᠬᠠᠤᠯᠢ ᠠᠴᠠ ᠵᠦᠷᠢᠴᠡᠭᠰᠡᠨ ᠦᠶᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠡᠬᠤ ᠵᠢᠵᠢᠭᠦᠷᠯᠡᠵᠤ ᠠᠵᠢᠯ ᠤᠨ ᠪᠠᠶᠢᠷᠢ ᠪᠠᠨ ᠰᠠᠬᠢᠬᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠤᠪᠠᠭ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠭᠡᠨᠡᠳᠲᠡ ᠶᠢᠨ ᠪᠠᠶᠢᠳᠠᠯ ᠡᠬᠦᠰᠪᠡᠯ ᠲᠡᠷᠡ ᠲᠠᠷᠤᠢ ᠳᠤᠨᠢ ᠪᠠᠴᠢᠮ ᠪᠠᠶᠢᠳᠠᠯ ᠢ ᠠᠷᠭᠠᠴᠡᠭᠠᠨ ᠰᠢᠢᠳᠪᠦᠷᠢᠯᠡᠵᠦ ᠳᠡᠶᠢᠯᠬᠦ ᠬᠡᠷᠡᠭᠲᠡᠢ ᠭᠡᠵᠤ ᠴᠢᠬᠤᠯᠠᠴᠢᠯᠠᠵᠠᠢ᠃

 

 

 


   :                    
   :           
备案序号:蒙ICP备05003250号 公安备案15010502000173