ᠵᠤᠬᠢᠶᠠᠭᠴᠢ:
ᠴᠠᠭ:2022-02-19
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
ᠱᠢ ᠲᠠᠢ ᠹᠧᠩ ᠳᠤᠮᠳᠠᠳᠤ ᠤᠯᠤᠰ ᠤᠨ ᠬᠤᠸᠠ ᠳ᠋ᠢᠶᠠᠨ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠡᠷᠡᠭ ᠮᠡᠳᠡᠭᠴᠢᠳ ᠤᠨ ᠳᠠᠷᠤᠭ᠎ᠠ ᠸᠧᠨ ᠱᠣ᠋ ᠭᠠᠩ ᠲᠠᠢ ᠠᠭᠤᠯᠵᠠᠪᠠ
2022 2 ᠰᠠᠷ᠎ᠠ ᠶᠢᠨ14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠳᠤᠮᠳᠠᠳᠤ ᠤᠯᠤᠰ ᠤᠨ ᠬᠤᠸᠠ ᠳ᠋ᠢᠶᠠᠨ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠧᠨ ᠱᠣ᠋ ᠭᠠᠩ ᠲᠠᠢ ᠠᠭᠤᠯᠵᠠᠪᠠ᠃
ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠸᠧᠨ ᠱᠣ᠋ ᠭᠠᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠵᠦ᠂ ᠬᠤᠸᠠ ᠳ᠋ᠢᠶᠠᠨ ᠪᠦᠯᠦᠭᠯᠡᠯ ᠤᠨ ᠤᠯᠠᠨ ᠵᠢᠯ ᠤᠨ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠮᠠᠨ ᠤ ᠣᠷᠣᠨ ᠶᠠᠭ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ ᠶᠢ ᠭᠦᠨᠵᠡᠭᠡᠶᠢᠷᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠪᠠᠶᠢᠨ᠎ᠠ᠃ ᠢᠯᠠᠩᠭᠤᠶ᠎ᠠ ᠴᠢᠬᠤᠯᠠ ᠶᠡᠭᠡ ᠪᠣᠳᠠᠲᠤ ᠠᠵᠠ ᠲᠣᠬᠢᠶᠠᠯ ᠢ ᠴᠢᠩᠭ᠎ᠠ ᠠᠳᠬᠤᠨ ᠰᠠᠶᠢᠲᠤᠷ ᠠᠰᠢᠭᠯᠠᠵᠤ᠂ ᠰᠢᠨ᠎ᠡ ᠡᠨᠧᠷᠭᠢ ᠶᠢᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠥᠪᠬᠡᠨ ᠴᠠᠬᠢᠯᠭᠠᠨ ᠭᠠᠷᠭᠠᠵᠤ ᠴᠠᠬᠢᠯᠭᠠᠨ ᠬᠤᠳᠠᠯᠳᠤᠬᠤ ᠬᠠᠭᠤᠴᠢᠨ ᠵᠠᠮ ᠢᠶᠠᠷ ᠶᠠᠪᠤᠬᠤ ᠥᠬᠡᠶ ᠪᠠᠶᠢᠵᠤ᠂ ᠪᠥᠬᠦ ᠣᠷᠣᠨ ᠤ ᠪᠦᠬᠦᠯᠢ ᠴᠣᠭᠴᠠ ᠶᠢᠨ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠥᠲᠥᠯᠦᠨ ᠳᠠᠭᠠᠭᠤᠯᠵᠤ ᠳᠠᠶᠢᠴᠢᠯᠠᠵᠤ ᠪᠠᠶᠢᠨ᠎ᠠ᠃ ᠪᠢᠳᠡ ᠤᠯᠤᠰ ᠤᠨ ᠲᠦᠯᠦᠪᠵᠢᠭᠦᠯᠭᠡ ᠶᠢᠨ ᠪᠠᠶᠢᠷᠢᠰᠢᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠣᠰᠣᠭᠠᠷ᠂ ᠳᠠᠪᠠᠭᠤᠯᠢᠭ ᠠᠵᠤ ᠠᠬᠤᠶᠢᠯᠠᠯ ᠤᠨ ᠮᠠᠨ ᠤ ᠣᠷᠣᠨ ᠳᠤ ᠢᠷᠡᠵᠦ ᠰᠢᠨ᠎ᠡ ᠡᠨᠧᠷᠭᠢ ᠶᠢᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ ᠳᠤ ᠣᠷᠣᠯᠴᠠᠵᠤ᠂ 《ᠭᠤᠤᠯ ᠬᠡᠯᠬᠢᠶ᠎ᠡ》 ᠶᠢᠨ ᠦᠶᠯᠡᠳᠦᠯ ᠢᠶᠠᠨ ᠪᠠᠳᠠᠷᠠᠭᠤᠯᠵᠤ᠂ ᠠᠵᠤ ᠦᠶᠯᠡᠰ ᠤᠨ ᠬᠥᠭᠵᠢᠯᠲᠡ ᠶᠢᠨ ᠲᠠᠰ ᠳᠠᠪᠬᠤᠷᠭ᠎ᠠ ᠶᠢ ᠳᠠᠶᠢᠴᠢᠯᠠᠨ ᠳᠡᠭᠡᠭᠰᠢᠯᠡᠭᠦᠯᠬᠦ ᠶᠢ ᠴᠢᠩ ᠰᠡᠳᠭᠢᠯ ᠠᠴᠠ ᠪᠠᠨ ᠪᠠᠶᠠᠷᠯᠠᠨ ᠤᠭᠲᠤᠨ᠎ᠠ᠃ ᠪᠢᠳᠡ ᠳᠤᠷᠠᠲᠠᠶ᠎ᠠ ᠬᠤᠸᠠ ᠳ᠋ᠢᠶᠠᠨ ᠪᠦᠯᠦᠭᠯᠡᠯ ᠲᠠᠢ ᠬᠠᠮᠲᠤᠷᠠᠯᠴᠠᠭᠠᠨ ᠤ ᠬᠦᠷᠢᠶ᠎ᠡ ᠪᠠᠨ ᠤᠯᠠᠮ ᠴᠢᠨᠠᠭᠰᠢᠳᠠ ᠥᠷᠭᠡᠳᠭᠡᠵᠦ᠂ ᠬᠠᠮᠲᠤᠷᠠᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠭᠠᠷ ᠬᠤᠯᠪᠣᠨ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠭᠡᠬᠦ ᠡᠨᠡ ᠬᠦ ᠬᠦᠨᠳᠤ ᠴᠢᠬᠤᠯᠠ ᠠᠵᠢᠯ ᠢ ᠰᠠᠶᠢᠲᠤᠷ ᠬᠢᠨ᠎ᠠ ᠭᠡᠵᠦ ᠬᠡᠯᠡᠵᠡᠢ᠃
ᠸᠧᠨ ᠱᠣ᠋ ᠭᠠᠩ ᠬᠤᠸᠠ ᠳ᠋ᠢᠶᠠᠨ ᠪᠦᠯᠦᠭᠯᠡᠯ ᠤᠨ ᠡᠵᠡᠩᠨᠡᠯᠲᠡ ᠬᠥᠭᠵᠢᠯᠲᠡ ᠵᠢᠴᠢ ᠥᠪᠥᠷ ᠮᠣᠩᠭᠤᠯ ᠳᠠᠬᠢ ᠪᠡᠯᠡ ᠣᠷᠣᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠬᠤᠸᠠ ᠳ᠋ᠢᠶᠠᠨ ᠪᠦᠯᠦᠭᠯᠡᠯ ᠲᠣᠰ ᠪᠡᠶ᠎ᠡ ᠶᠢᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠪᠥᠲᠥᠭᠡᠨ ᠪᠠᠶᠢᠭᠤᠯᠤᠯᠲᠠ᠂ 《ᠰᠢᠨ᠎ᠡ ᠡᠨᠧᠷᠭᠢ +》 ᠵᠡᠷᠭᠡ ᠬᠦᠷᠢᠶᠡᠨ ᠳᠤ ᠥᠪᠥᠷ ᠮᠣᠩᠭᠤᠯ ᠯᠤᠭ᠎ᠠ ᠶᠢᠨ ᠭᠦᠨᠵᠡᠭᠡᠶ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠪᠥᠷ ᠮᠣᠩᠭᠤᠯ ᠤᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠬᠦᠴᠦᠨ ᠨᠡᠮᠡᠷᠢᠯᠡᠨ᠎ᠡ ᠭᠡᠵᠦ ᠢᠯᠡᠳᠭᠡᠪᠡ᠃
ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠤᠢ ᠯᠢ ᠰᠢᠨ᠂ ᠳᠤᠮᠳᠠᠳᠤ ᠤᠯᠤᠰ ᠤᠨ ᠬᠤᠸᠠ ᠳ᠋ᠢᠶᠠᠨ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠶᠡᠷᠦᠩᠬᠡᠢ ᠳᠠᠭᠠᠭᠠᠮᠠᠯ ᠶᠧ ᠰᠢᠶᠠᠩ ᠳ᠋ᠦᠩ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠭᠤᠯᠵᠠᠯᠲᠠ ᠳᠤ ᠣᠷᠣᠯᠴᠠᠵᠠᠢ᠃