ᠵᠤᠬᠢᠶᠠᠭᠴᠢ:
ᠴᠠᠭ:2022-03-04
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠨᠡᠭᠡᠭᠡᠯᠳᠡ ᠶᠢᠨ ᠲᠤᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠪᠠ
2022 3 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠭᠡᠭᠡᠯᠳᠡ ᠶᠢᠨ ᠲᠤᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ ᠥᠪᠡᠰᠦᠪᠡᠨ ᠪᠠᠶᠢᠴᠠᠭᠠᠭᠰᠠᠨ ᠪᠠ ᠱᠠᠯᠠᠪᠳᠠᠭᠤᠯᠤᠨ ᠵᠢᠯᠣᠭᠤᠳᠴᠤ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠦᠭᠡᠷᠡᠴᠢᠯᠡᠬᠦ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠬᠤᠷᠠᠯ ᠳᠤ ᠣᠷᠣᠯᠴᠠᠵᠠᠶ᠃
ᠬᠤᠷᠠᠯ ᠠᠴᠠ᠂ ᠨᠡᠬᠡᠬᠡᠯᠳᠡ ᠶᠢᠨ ᠲᠤᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠪᠣᠯ ᠨᠡᠭᠡᠭᠡᠯᠳᠡ ᠶᠢᠨ ᠲᠤᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠷ ᠨᠡᠬᠡᠬᠡᠯᠳᠡ ᠶᠢᠨ ᠲᠤᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠨᠡᠭᠡᠭᠡᠯᠳᠡ ᠶᠢᠨ ᠲᠤᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠳᠠᠶᠢᠴᠢᠯᠠᠯᠲᠠ᠂ ᠥᠪᠡᠰᠦᠪᠡᠨ ᠪᠠᠶᠢᠴᠠᠭᠠᠬᠤ᠂ ᠬᠠᠷᠭᠤᠭᠤᠯᠤᠨ ᠪᠠᠶᠢᠴᠠᠭᠠᠬᠤ ᠱᠠᠲᠤ ᠶᠢ ᠦᠩᠬᠡᠷᠡᠭᠡᠭᠡᠳ ᠲᠤᠰᠬᠠᠶ ᠴᠡᠭᠴᠡᠯᠡᠨ ᠵᠠᠰᠠᠬᠤ ᠳᠤ ᠣᠷᠣᠪᠠ᠃ ᠲᠤᠰᠢᠶᠠᠯ ᠬᠠᠷᠢᠭᠤᠴᠠᠯᠭ᠎ᠠ ᠬᠤᠪᠢᠶᠠᠷᠢᠯᠠᠯ ᠢ ᠪᠣᠳᠠᠲᠠᠶᠢᠵᠢᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠵᠠᠳᠠᠯᠤᠭᠰᠠᠨ ᠠᠰᠠᠭᠤᠳᠠᠯ ᠤᠨ ᠨᠠᠷᠢᠨ ᠲᠠᠩᠰᠠ ᠶᠢ ᠬᠠᠷᠢᠭᠤᠴᠠᠯᠭᠠᠲᠤ ᠰᠠᠯᠠᠭ᠎ᠠ ᠮᠥᠴᠢᠷ᠂ ᠬᠠᠷᠢᠭᠤᠴᠠᠯᠭᠠᠳᠤ ᠬᠦᠮᠦᠨ ᠳᠤ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠮᠢᠶᠠᠷᠬᠤ ᠬᠥᠮᠦᠨ ᠲᠠᠢ᠂ ᠨᠠᠶᠢᠳᠠᠪᠤᠷᠢᠵᠢᠭᠤᠯᠵᠤ ᠳᠡᠶᠢᠯᠬᠦ᠂ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠵᠠᠩᠭᠢᠯᠠᠭ᠎ᠠ ᠶᠢᠨ ᠠᠰᠠᠭᠤᠳᠠᠯ ᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠨᠠᠷᠢᠨ ᠲᠠᠩᠰᠠ ᠶᠢ ᠡᠮᠬᠢᠯᠡᠵᠦ᠂ ᠪᠦᠬᠦ ᠠᠰᠠᠭᠤᠳᠠᠯ ᠢ ᠴᠡᠭᠴᠡᠯᠡᠨ ᠵᠠᠰᠠᠵᠤ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ᠃ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠪᠠᠷ ᠲᠦᠷᠢᠮ ᠢ ᠲᠡᠭᠦᠯᠳᠡᠷᠵᠢᠭᠦᠯᠦᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠢᠶᠠᠷᠤᠯᠲᠠ ᠶᠢᠨ ᠳᠤᠲᠠᠭᠳᠠᠯ ᠢ ᠦᠨᠡᠨ ᠬᠦ ᠨᠥᠬᠦᠪᠥᠷᠢᠯᠡᠵᠦ᠂ ᠲᠦᠷᠢᠮ ᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃