ᠵᠤᠬᠢᠶᠠᠭᠴᠢ: ᠴᠠᠭ:2022-02-28 ᠥᠵᠡᠭᠰᠡᠨ : ᠢᠷᠡᠯᠲᠡ:  《ᠥᠪᠥᠷ ᠮᠣᠩᠭᠤᠯ ᠤᠨ ᠡᠳᠦᠷ ᠤᠨ ᠰᠣᠨᠢᠨ》   
ᠸᠠᠩ ᠯᠢ ᠰᠢᠶᠠ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠳᠤᠴᠠ ᠪᠠᠨ ᠲᠠᠬᠢᠨ ᠲᠦᠷᠭᠡᠳᠭᠡᠵᠦ ᠪᠠᠷᠢᠮᠵᠢᠶ᠎ᠠ ᠪᠠᠨ ᠲᠠᠬᠢᠨ ᠳᠡᠭᠡᠭᠰᠢᠯᠡᠭᠦᠯᠵᠦ ᠦᠷ᠎ᠡ ᠪᠦᠲᠦᠮᠵᠢ ᠪᠠᠨ ᠲᠠᠬᠢᠨ ᠰᠠᠶᠢᠵᠢᠷᠠᠭᠤᠯᠬᠤ ᠶᠢ ᠪᠦᠬᠦ ᠬᠦᠴᠦ ᠪᠠᠷ ᠢᠶᠠᠨ ᠠᠬᠢᠭᠤᠯᠵᠥ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠮᠧᠲᠷ︾  ᠢ ᠡᠷᠡᠰ ᠨᠡᠪᠳᠠᠷᠡᠬᠦᠯᠬᠦ ᠬᠡᠷᠡᠭᠳᠡᠢ

 

2022  2  ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠳᠤᠴᠨ ᠪᠠᠨ ᠲᠠᠬᠢᠨ ᠲᠦᠷᠭᠡᠳᠭᠡᠬᠦ᠂ ᠪᠠᠷᠢᠮᠵᠢᠶ᠎ᠠ ᠪᠠᠨ ᠲᠠᠬᠢᠨ ᠳᠡᠭᠡᠭᠰᠢᠯᠡᠭᠦᠯᠬᠦ᠂ ᠦᠷ᠎ᠡ ᠪᠦᠲᠦᠮᠵᠢ ᠪᠠᠨ ᠲᠠᠬᠢᠨ ᠰᠠᠶᠢᠵᠢᠷᠠᠭᠤᠯᠬᠤ ᠶᠢ ᠪᠦᠬᠦ ᠬᠦᠴᠦ ᠪᠠᠷ ᠢᠶᠠᠨ ᠠᠬᠢᠭᠤᠯᠵᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ 《ᠡᠴᠤᠰ ᠤᠨ ᠨᠢᠬᠡ ᠮᠧᠲᠷ》 ᠢ ᠡᠷᠡᠰ ᠨᠡᠪᠳᠡᠷᠡᠬᠦᠯᠵᠥ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠠ ᠶᠢᠨ ᠳᠠᠶᠢᠯᠠᠯᠳᠤᠭᠠᠨ᠂ ᠰᠦᠨᠦᠬᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠸᠠᠩ ᠯᠢ ᠰᠢᠶᠠ᠂ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠰᠠᠭᠤᠳᠠᠯ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ   ᠴᠢᠩᠭ᠎ᠠ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠷᠡᠰ ᠬᠦᠴᠦᠲᠡᠶ ᠰᠠᠶᠢᠲᠤᠷ ᠠᠳᠬᠤᠵᠤ᠂ ᠨᠢᠭᠡ ᠠᠴᠠ ᠵᠦᠶᠴᠢᠯᠡᠨ ᠨᠥᠭᠦᠭᠡ ᠶᠢ ᠮᠡᠳᠡᠬᠦ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠬᠤ ᠬᠡᠷᠡᠭᠲᠡᠶ᠃ ᠲᠠᠬᠤᠯ ᠡᠪᠡᠳᠴᠢᠨ ᠤ ᠪᠠᠶᠢᠴᠠᠭᠠᠯᠲᠠ ᠶᠢᠨ ᠠᠵᠢᠯ ᠤᠨ ᠬᠤᠷᠳᠤᠴᠠ ᠶᠢ ᠲᠠᠬᠢᠨᠳᠠ ᠲᠦᠷᠭᠡᠳᠭᠡᠬᠦ᠂ ᠪᠠᠷᠢᠮᠵᠢᠶ᠎ᠠ ᠶᠢ ᠲᠠᠬᠢᠨᠳᠠ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠲᠠᠬᠢᠨᠳᠠ ᠰᠠᠶᠢᠵᠢᠷᠠᠭᠤᠯᠬᠤ ᠶᠢ ᠠᠬᠢᠭᠤᠯᠵᠤ᠂ ᠬᠦᠴᠦᠨ ᠢ ᠭᠦᠢᠴᠡᠳ ᠲᠠᠶᠢᠴᠢᠯᠠᠵᠥ᠂ ᠨᠡᠶᠢᠳᠭᠡᠵᠦ ᠪᠠᠶᠢᠭᠠᠳ ᠤᠯᠠᠨ ᠲᠦᠮᠡᠨ ᠤ ᠬᠡᠷᠡᠭᠴᠡᠭᠡ ᠶᠢ ᠭᠦᠢᠴᠡᠳ ᠤᠶᠢᠯᠠᠭᠠᠨ ᠦᠪᠡᠷᠮᠢᠴᠡ ᠦᠢᠯᠡᠴᠢᠯᠡᠭᠡ ᠬᠠᠩᠭᠠᠬᠤ ᠠᠵᠢᠯᠯᠠᠭ᠎ᠠ ᠥᠷᠨᠢᠭᠦᠯᠵᠦ᠂ ᠲᠤᠳᠤᠭᠠᠳᠤ ᠶᠢ ᠬᠠᠮᠠᠭᠠᠯᠠᠬᠤ᠂ ᠠᠵᠤ ᠥᠢᠯᠡᠳᠪᠤᠷᠢ ᠪᠠ ᠮᠡᠳᠡᠭᠡ ᠵᠠᠩᠬᠢᠵᠢᠯᠳᠠ᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠬᠤᠯᠪᠣᠭᠠᠯᠠᠨ ᠬᠠᠮᠵᠢᠯᠴᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠥ᠂ ᠴᠠᠭ ᠮᠥᠴᠡ ᠪᠠ ᠸᠢᠷᠦ᠋ᠰ ᠲᠠᠢ ᠤᠷᠤᠯᠳᠤᠵᠥ᠂ ᠬᠠᠯᠳᠠᠪᠤᠷᠢᠯᠠᠯ ᠤᠨ ᠬᠡᠯᠬᠢᠶ᠎ᠡ ᠶᠢ ᠲᠦᠷᠭᠡᠨ ᠴᠡᠪᠡᠷᠯᠡᠵᠦ᠂ ᠬᠠᠯᠳᠠᠪᠤᠷᠢᠯᠠᠯ ᠤᠨ ᠡᠬᠢ ᠰᠤᠷᠪᠤᠯᠵᠢ ᠶᠢ ᠪᠠᠶᠢᠴᠠᠭᠠᠨ ᠲᠤᠳᠤᠯᠠᠵᠥ᠂ ᠴᠠᠭ ᠬᠤᠭᠤᠴᠠᠭ᠎ᠠ ᠣᠷᠣᠨ ᠵᠠᠢ ᠶᠢᠨ ᠵᠣᠯᠭᠠᠯᠴᠠᠭ᠎ᠠ ᠶᠢ ᠶᠠᠪ ᠴᠠᠪ ᠲᠤᠬᠢᠷᠠᠭᠤᠯᠵᠤ᠂ ᠲᠦᠭᠰᠢᠬᠦᠷᠢᠳᠡᠢ ᠬᠦᠮᠦᠰ ᠢ ᠰᠤᠳᠤᠯᠤᠨ ᠮᠠᠭᠠᠳᠯᠠᠬᠤ ᠳᠤ ᠤᠷᠬᠢᠬᠳᠠᠭᠤᠯᠬᠤ ᠦᠬᠡᠢ ᠪᠠᠶᠢᠬᠤ ᠶᠢ ᠪᠡᠶᠡᠯᠡᠬᠦᠯᠬᠦ ᠬᠡᠷᠡᠭᠲᠡᠢ᠃ ᠪᠥᠭᠡᠮ ᠬᠦᠴᠢᠯ ᠤᠨ ᠪᠠᠶᠢᠴᠠᠭᠠᠯᠳᠠ ᠶᠢᠨ ᠬᠤᠷᠳᠤᠴᠠ ᠶᠢ ᠳᠠᠬᠢᠨ ᠲᠦᠷᠭᠡᠳᠭᠡᠬᠦ᠂ ᠪᠠᠷᠢᠮᠵᠢᠶ᠎ᠡ ᠶᠢ ᠳᠠᠬᠢᠨ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠠᠬᠢᠨ ᠰᠠᠶᠢᠵᠢᠷᠠᠭᠤᠯᠬᠤ ᠶᠢ ᠠᠬᠢᠭᠤᠯᠵᠤ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠪᠠᠶᠢᠴᠠᠭᠠᠯᠳᠠ ᠶᠢᠨ ᠥᠯᠢᠭᠡᠷ ᠠᠪᠬᠤ᠂ ᠥᠯᠢᠭᠡᠷ ᠬᠦᠷᠭᠡᠬᠦ᠂ ᠥᠯᠢᠭᠡᠷ ᠬᠦᠯᠢᠶᠡᠨ ᠠᠪᠬᠤ ᠶᠠᠪᠤᠴᠠ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠦᠯᠢᠬᠡᠷ ᠠᠪᠬᠤ ᠶᠢᠨ ᠳᠠᠭᠠᠤ ᠪᠠᠶᠢᠴᠠᠭᠠᠬᠤ᠂ ᠳᠡᠩᠴᠡᠬᠦᠷᠢᠳᠡᠢ ᠪᠠᠷ ᠬᠦᠷᠭᠡᠬᠦ᠂ ᠠᠪᠬᠤ ᠪᠠᠶᠢᠴᠠᠭᠠᠬᠤ ᠶᠢ ᠵᠤᠬᠢᠴᠠᠭᠤᠯᠬᠤ ᠶᠢ ᠪᠡᠶᠡᠯᠡᠬᠦᠯᠵᠥ᠂ ᠬᠤᠯᠢᠮᠠᠭ ᠬᠤᠭᠤᠯᠠᠶ ᠶᠢᠨ ᠠᠩᠬᠠᠨ ᠤ ᠰᠢᠭᠰᠢᠨ ᠪᠠᠶᠢᠴᠠᠭᠠᠯᠲᠠ ᠳᠤ ᠢᠯᠡᠷᠡᠭᠰᠡᠨ ᠠᠷᠭ᠎ᠠ ᠴᠢᠨᠠᠷᠲᠠᠶ ᠶᠢ ᠳᠠᠬᠢᠨᠳᠠ ᠪᠠᠶᠢᠴᠠᠭᠠᠬᠤ ᠶᠢ ᠲᠦᠷᠭᠡᠳᠭᠡᠵᠦ᠂ ᠪᠠᠶᠢᠴᠠᠭᠠᠯᠳᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠦᠷᠭᠡᠨ ᠬᠦᠷᠭᠡᠬᠦ᠂ ᠲᠦᠷᠭᠡᠨ ᠪᠠᠶᠢᠴᠠᠭᠠᠬᠤ᠂ ᠲᠦᠷᠭᠡᠨ ᠮᠡᠳᠡᠭᠦᠯᠬᠦ᠂ ᠲᠦᠷᠭᠡᠨ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠶ᠃ ᠪᠢᠲᠡᠭᠦᠮᠵᠢᠯᠡᠨ ᠡᠵᠡᠮᠳᠡᠵᠦ ᠬᠠᠮᠢᠶᠠᠷᠤᠨ ᠡᠵᠡᠮᠳᠡᠬᠦ ᠠᠵᠢᠯ ᠤᠨ ᠬᠤᠷᠳᠤᠴᠠ ᠶᠢ ᠳᠠᠬᠢᠨ ᠲᠦᠷᠭᠡᠳᠭᠡᠬᠦ᠂ ᠪᠠᠷᠢᠮᠵᠢᠶ᠎ᠠ ᠶᠢ ᠳᠠᠬᠢᠨ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠠᠬᠢᠨ ᠰᠠᠶᠢᠵᠢᠷᠠᠭᠤᠯᠬᠤ ᠶᠢ ᠠᠬᠢᠭᠤᠯᠵᠤ᠂ ᠲᠤᠰᠠᠭᠠᠷᠯᠠᠬᠰᠠᠨ ᠲᠠᠯᠠᠪᠤᠷ ᠭᠠᠵᠠᠷ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠲᠤᠰᠠᠭᠠᠷᠯᠠᠬᠰᠠᠨ ᠲᠠᠯᠠᠪᠤᠷ ᠭᠠᠵᠠᠷ ᠤᠨ ᠪᠠᠶᠢᠳᠠᠯ ᠢ ᠲᠣᠳᠣᠷᠬᠠᠢ ᠣᠶᠢᠯᠠᠭᠠᠵᠤ᠂ ᠲᠠᠯᠳᠠ ᠨᠢᠭᠤᠬᠳᠠᠮᠠᠯ ᠢ ᠭᠦᠨᠵᠡᠭᠡᠢ ᠠᠭᠤᠳᠠᠯᠵᠤ᠂ ᠨᠢᠭᠲᠠ ᠦᠢᠷᠠᠳᠤᠬᠴᠢ ᠶᠢ ᠳᠤᠰᠠᠭᠠᠷᠯᠠᠬᠤ ᠶᠤᠰᠤᠳᠠᠢ ᠶᠢ ᠪᠦᠬᠦᠨ ᠢ ᠲᠤᠰᠠᠭᠠᠷᠯᠠᠵᠤ᠂ ᠬᠢᠵᠢᠭ ᠢ ᠲᠦᠷᠭᠡᠨ ᠤᠰᠠᠳᠬᠠᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠲᠦᠭᠰᠢᠭᠦᠷᠢ ᠶᠢᠨ ᠵᠡᠷᠭᠡ ᠳᠡᠰ ᠤᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠵᠢᠷᠤᠵᠤ ᠲᠣᠭᠲᠠᠭᠠᠵᠤ᠂ ᠴᠠᠭ ᠲᠤᠬᠠᠢ ᠳᠤᠨᠢ ᠲᠤᠬᠢᠷᠠᠭᠤᠯᠵᠤ᠂ ᠪᠢᠲᠡᠭᠦᠮᠵᠢᠯᠡᠨ ᠡᠵᠡᠮᠳᠡᠬᠦ ᠣᠷᠣᠨ ᠤ ᠬᠦᠮᠦᠰ ᠭᠡᠷ ᠠᠴᠠ ᠪᠠᠨ ᠭᠠᠷᠬᠤ ᠦᠭᠡᠢ᠂ ᠬᠠᠮᠢᠶᠠᠷᠤᠨ ᠡᠵᠡᠮᠳᠡᠬᠦ ᠣᠷᠣᠨ ᠤ ᠬᠥᠮᠦᠰ ᠰᠠᠭᠤᠭᠠᠯᠢ ᠠᠷᠠᠳ ᠤᠨ ᠳᠤᠭᠤᠷᠢᠭ ᠠᠴᠠ ᠭᠠᠷᠬᠤ ᠦᠬᠡᠢ ᠪᠠᠶᠢᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶᠢᠴᠠᠭᠠᠵᠥ ᠴᠠᠭᠳᠠᠨ ᠪᠠᠶᠢᠴᠠᠭᠠᠬᠤ ᠪᠠᠨ ᠴᠢᠩᠭᠠᠳᠬᠠᠵᠤ᠂ ᠪᠢᠲᠡᠭᠦᠮᠵᠢᠯᠡᠵᠦ ᠳᠡᠶᠢᠯᠬᠦ ᠦᠭᠡᠢ᠂ ᠬᠠᠮᠢᠶᠠᠷᠴᠤ ᠳᠡᠶᠢᠯᠬᠦ ᠦᠭᠡᠢ ᠠᠰᠠᠭᠤᠳᠠᠯ ᠭᠠᠷᠬᠤ ᠶᠢ ᠡᠷᠡᠰ ᠬᠤᠷᠢᠭᠯᠠᠵᠤ᠂ ᠬᠢᠵᠢᠭ ᠤᠨ ᠪᠠᠶᠢᠳᠠᠯ ᠨᠡᠶᠢᠭᠡᠮ ᠲᠣᠭᠤᠷᠢᠭ ᠲᠤ ᠲᠠᠷᠬᠠᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢᠨ ᠬᠤᠷᠳᠤᠴᠠ ᠪᠠᠨ ᠲᠠᠬᠢᠨ ᠲᠦᠷᠭᠡᠳᠭᠡᠬᠦ᠂ ᠪᠠᠷᠢᠮᠵᠢᠶ᠎ᠠ ᠪᠠᠨ ᠲᠠᠬᠢᠨ ᠳᠡᠭᠡᠭᠰᠢᠯᠡᠭᠦᠯᠬᠦ᠂ ᠦᠷ᠎ᠡ ᠪᠦᠲᠦᠮᠵᠢ ᠪᠠᠨ ᠲᠠᠬᠢᠨ ᠰᠠᠶᠢᠵᠢᠷᠠᠭᠤᠯᠬᠤ ᠶᠢ ᠠᠬᠢᠭᠤᠯᠵᠤ᠂ ᠬᠢᠵᠢᠭ ᠤᠨ ᠪᠠᠶᠢᠳᠠᠯ ᠤᠨ ᠬᠥᠭᠵᠢᠯᠲᠡ ᠶᠢ ᠦᠨᠳᠦᠰᠦᠯᠡᠨ ᠰᠠᠶᠢᠲᠤᠷ ᠵᠠᠳᠠᠯᠤᠨ ᠰᠤᠳᠤᠯᠵᠤ᠂ ᠡᠳ᠋ ᠪᠣᠳᠠᠰ ᠨᠥᠭᠡᠴᠡᠯᠡᠬᠦ᠂ ᠲᠤᠬᠢᠷᠠᠭᠤᠯᠤᠨ ᠬᠦᠷᠭᠡᠬᠦ ᠠᠵᠢᠯ ᠢ ᠴᠠᠭ ᠲᠤᠬᠠᠢ ᠳᠤᠨᠢ ᠣᠨᠣᠴᠠᠲᠠᠢ ᠪᠠᠷ ᠰᠠᠶᠢᠲᠤᠷ ᠬᠢᠵᠦ᠂ ᠤᠯᠠᠨ ᠲᠦᠮᠡᠨ ᠤ ᠡᠳᠦᠷ ᠲᠤᠳᠤᠮ ᠤᠨ ᠠᠮᠢᠳᠤᠷᠠᠯ ᠤᠨ ᠬᠡᠷᠡᠭᠴᠡᠭᠡ ᠶᠢ ᠰᠠᠶᠢᠲᠤᠷ ᠪᠠᠲᠤᠯᠠᠬᠤ ᠬᠡᠷᠡᠭᠲᠡᠢ᠃ ᠰᠣᠨᠢᠨ ᠮᠡᠳᠡᠭᠡᠨ ᠤ ᠤᠬᠠᠭᠤᠯᠭ᠎ᠠ ᠶᠢᠨ ᠪᠠᠷᠢᠮᠵᠢᠶ᠎ᠠ ᠶᠢ ᠳᠠᠬᠢᠨ ᠳᠡᠭᠡᠭᠰᠢᠯᠡᠭᠦᠯᠬᠦ᠂ ᠬᠤᠷᠳᠤᠴᠠ ᠶᠢ ᠳᠠᠬᠢᠨ ᠲᠦᠷᠭᠡᠳᠭᠡᠬᠦ᠂ ᠦᠷ᠎ᠡ ᠪᠦᠲᠦᠮᠵᠢ ᠶᠢ ᠳᠠᠬᠢᠨ ᠰᠠᠶᠢᠵᠢᠷᠠᠭᠤᠯᠬᠤ ᠶᠢ ᠠᠬᠢᠭᠤᠯᠵᠤ᠂ ᠬᠢᠵᠢᠭ ᠲᠠᠢ ᠲᠡᠮᠡᠴᠡᠭᠰᠡᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠲᠡᠷᠢᠭᠦᠨ ᠤ ᠨᠡᠶᠢᠲᠡᠯᠢᠭ ᠵᠢᠱᠢᠶ᠎ᠡ᠂ ᠰᠡᠳᠭᠢᠯ ᠬᠥᠳᠡᠯᠭᠡᠮ᠎ᠡ ᠥᠯᠢᠭᠡᠷ ᠢ ᠶᠡᠭᠡ ᠪᠠᠷ ᠤᠬᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠪᠥᠬᠦ ᠲᠠᠯ᠎ᠠ ᠪᠠᠷ ᠲᠠᠶᠢᠯᠪᠤᠷᠢᠯᠠᠵᠤ᠂ ᠰᠦᠯᠵᠢᠶᠡᠨ ᠳᠡᠭᠡᠷᠡᠬᠢ ᠪᠠ ᠪᠤᠳᠠᠳᠤ ᠠᠬᠤᠢ᠂ ᠶᠡᠭᠡ ᠶᠠᠪᠤᠳᠠᠯ ᠪᠠᠭ᠎ᠠ ᠶᠠᠪᠤᠳᠠᠯ ᠢ ᠨᠢᠭᠡᠳᠦᠯᠲᠡᠶ ᠲᠥᠯᠥᠪᠵᠢᠭᠦᠯᠵᠦ᠂ ᠢᠲᠡᠭᠡᠯ ᠵᠣᠷᠢᠭ ᠢᠶᠠᠨ ᠨᠡᠩ ᠰᠠᠶᠢᠳᠤᠷ ᠪᠠᠲᠤᠳᠬᠠᠵᠤ᠂ ᠬᠥᠮᠦᠰ ᠤᠨ ᠰᠡᠳᠭᠢᠯ ᠢ ᠳᠤᠯᠠᠭᠠᠴᠠᠭᠤᠯᠵᠤ᠂ ᠠᠷᠠᠳ ᠤᠨ ᠰᠡᠳᠭᠢᠯ ᠢ ᠨᠢᠭᠲᠠᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠨᠠᠩ ᠰᠠᠶᠢᠲᠤᠷ ᠬᠠᠮᠠᠭᠠᠯᠠᠬᠤ ᠬᠡᠷᠡᠭᠲᠡᠶ ᠬᠡᠵᠥ ᠵᠢᠭᠠᠵᠥ ᠭᠠᠷᠭᠠᠪᠠ᠃

ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠾᠧᠩ ᠰᠢᠶᠤᠤ ᠹᠠᠨ᠂ ᠪᠣᠣ ᠰᠢᠶᠠᠨ ᠬᠤᠸᠠ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠥᠬᠡᠬᠤᠲᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃

 

 

 


   :                    
   :           
备案序号:蒙ICP备05003250号 公安备案15010502000173