ᠵᠤᠬᠢᠶᠠᠭᠴᠢ: ᠴᠠᠭ:2022-02-28 ᠥᠵᠡᠭᠰᠡᠨ : ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》   
ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ  ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠥ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠵᠤ ᠲᠦᠷᠦᠭᠦᠦ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠭᠢᠨ ᠬᠠᠷᠠᠵᠤ︾ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ

 

2022  2  ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ  ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ  ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠣᠯᠤᠨ ᠨᠢᠭᠡᠳᠦᠭᠡᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ 《ᠡᠷᠬᠢᠨ ᠬᠠᠷᠠᠵᠤ》 ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃

ᠬᠤᠷᠠᠯ ᠠᠴᠠ᠂ ᠣᠳᠣᠬᠠᠨ ᠳᠤ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠂ ᠥᠴᠦᠬᠡᠨ ᠴᠦ ᠠᠯᠮᠠᠶᠢᠷᠠᠨ ᠬᠤᠶᠢᠷᠭᠤᠰᠢᠵᠤ ᠪᠣᠯᠬᠤ ᠦᠭᠡᠢ᠃ ᠡᠯ᠎ᠡ ᠬᠤᠯᠪᠣᠭᠳᠠᠯ ᠪᠥᠬᠦᠶ ᠭᠠᠵᠠᠷ ᠣᠷᠣᠨ ᠢᠯᠠᠩᠭᠤᠶ᠎ᠠ ᠬᠥᠬᠡᠬᠤᠲᠠ ᠶᠢᠨ ᠬᠢᠨ ᠲᠡᠶᠢᠯᠠᠯᠳᠤᠭᠠᠨ ᠠᠴᠠ ᠬᠠᠯᠠᠰᠢᠷᠠᠬᠤ ᠰᠡᠳᠭᠢᠯᠭᠡ ᠪᠣᠯᠤᠨ ᠡᠷᠴᠢ ᠰᠤᠯᠠᠷᠠᠬᠤ ᠰᠡᠳᠭᠢᠯᠭᠡ ᠶᠢ ᠡᠷᠡᠰ ᠲᠡᠪᠴᠢᠵᠦ᠂ ᠳᠠᠶᠢᠯᠠᠯᠳᠤᠭᠠᠨ ᠤ ᠪᠠᠶᠢᠳᠠᠯ᠂ ᠪᠣᠭᠤᠮᠲᠠ ᠰᠢᠪᠲᠤᠯᠬᠤ ᠳᠦᠷᠰᠤ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠴᠠᠭ ᠮᠥᠴᠡ ᠲᠠᠢ ᠤᠷᠤᠯᠳᠤᠨ᠂ ᠥᠴᠦᠬᠡᠨ ᠴᠦ ᠠᠯᠳᠠᠰᠢ ᠭᠠᠷᠭᠠᠬᠤ ᠦᠭᠡᠢ ᠦᠶᠯᠡ ᠠᠵᠢᠯᠯᠠᠭ᠎ᠠ ᠪᠠᠷ ᠬᠠᠷᠢᠭᠤᠴᠠᠯᠭ᠎ᠠ ᠪᠠᠨ ᠦᠨᠡᠨ ᠬᠦ ᠡᠷᠡᠰ ᠰᠢᠭᠤᠷᠬᠠᠶ ᠡᠭᠦᠷᠭᠡᠯᠡᠵᠦ᠂ ᠡᠭᠦᠷᠭᠡ ᠪᠠᠨ ᠬᠦᠴᠦᠲᠡᠶ ᠪᠦᠲᠦᠮᠵᠢᠲᠡᠶ ᠨᠠᠶᠢᠳᠠᠪᠤᠷᠢᠵᠢᠭᠤᠯᠵᠤ᠂ ᠡᠨᠡ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ᠂ ᠰᠥᠨᠥᠭᠡᠯᠳᠡ ᠶᠢᠨ ᠳᠠᠶᠢᠯᠠᠯᠳᠤᠭᠠᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠤᠯᠬᠤ ᠬᠡᠷᠡᠭᠲᠡᠶ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠤᠨ ᠭᠦᠨ ᠳᠠᠪᠬᠤᠷᠭ᠎ᠠ ᠶᠢᠨ ᠰᠢᠯᠲᠠᠭᠠᠨ ᠢ ᠭᠦᠨᠵᠡᠭᠡᠢ ᠲᠤᠩᠭᠠᠨ ᠪᠣᠳᠣᠯᠬᠢᠯᠠᠵᠤ᠂ ᠺᠠᠳ᠋ᠷ ᠤᠨ ᠡᠩᠨᠡᠭᠡᠨ ᠤ ᠵᠣᠬᠢᠶᠠᠨ ᠪᠠᠶᠢᠭᠤᠯᠬᠤ ᠬᠦᠴᠦᠨ᠂ ᠬᠡᠷᠡᠭᠵᠢᠭᠦᠯᠬᠦ ᠬᠦᠴᠦᠨ᠂ ᠲᠠᠶᠢᠴᠢᠨ ᠬᠦᠴᠦᠨ ᠢ ᠳᠡᠭᠡᠭᠰᠢᠯᠡᠭᠦᠯᠬᠦ ᠲᠠᠯ᠎ᠠ ᠪᠠᠷ ᠶᠡᠭᠡ ᠬᠦᠴᠦ ᠣᠷᠣᠭᠤᠯᠵᠤ᠂ ᠱᠠᠳᠤ ᠱᠠᠳᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠤᠷᠲᠠᠯ ᠢᠶᠠᠨ ᠦᠨᠡᠨ ᠬᠦ  ᠂ ᠶᠠᠭᠠᠬᠢᠭᠰᠠᠨ ᠴᠤ ᠵᠠᠯᠬᠠᠭᠤ ᠬᠤᠶᠢᠷᠭᠤ᠂ ᠠᠯᠠᠩ ᠰᠠᠯᠠᠩ᠂ ᠠᠭᠤᠵᠢᠭᠤ ᠲᠠᠯᠪᠢᠭᠤ ᠪᠠᠶᠢᠵᠤ ᠪᠣᠯᠬᠤ ᠦᠭᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠥᠪᠥᠷ ᠮᠣᠩᠭᠤᠯ ᠤᠨ ᠠᠵᠢᠯ ᠤᠨ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠷᠡᠰ ᠬᠦᠴᠦᠲᠡᠶ ᠰᠠᠶᠢᠲᠤᠷ ᠠᠳᠬᠤᠵᠤ᠂ ᠨᠢᠭᠡ ᠠᠴᠠ ᠵᠦᠶᠴᠢᠯᠡᠨ ᠨᠥᠭᠦᠭᠡ ᠶᠢ ᠮᠡᠳᠡᠵᠦ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤᠮᠳᠠᠬᠢ ᠳᠤᠲᠠᠭᠤᠳᠠᠯ ᠢ ᠦᠨᠡᠨ ᠬᠦ ᠨᠥᠬᠦᠪᠥᠷᠢᠯᠡᠬᠦ ᠬᠡᠷᠡᠭᠲᠡᠶ᠃ ᠠᠰᠠᠭᠤᠳᠠᠯ ᠤᠨ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠬᠤ᠂ ᠦᠨᠳᠦᠰᠦᠨ ᠠᠴᠠ ᠨᠢ ᠰᠢᠶᠳᠪᠦᠷᠢᠯᠡᠬᠦ᠂ ᠶᠡᠭᠡ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠠᠭ ᠲᠤᠬᠠᠶ ᠳᠤᠨᠢ ᠪᠢᠰᠢ᠂ ᠣᠨᠣᠴᠠᠳᠠᠢ ᠪᠢᠰᠢ᠂ ᠪᠣᠳᠠᠲᠠᠶ ᠳᠤ ᠨᠠᠶᠢᠳᠠᠪᠤᠷᠢᠵᠢᠭᠤᠯᠤᠬᠰᠠᠨ ᠥᠬᠡᠶ ᠵᠡᠷᠭᠡ ᠠᠰᠠᠭᠤᠳᠠᠯ ᠢ ᠲᠦᠷᠭᠡᠨ ᠰᠢᠶᠳᠪᠦᠷᠢᠯᠡᠵᠦ᠂ ᠠᠵᠢᠯ ᠢᠶᠠᠨ ᠡᠷᠬᠡᠪᠰᠢ ᠨᠠᠷᠢᠯᠢᠭ ᠪᠣᠳᠠᠲᠠᠶ ᠠᠳᠬᠤᠬᠤ ᠬᠡᠷᠡᠭᠲᠡᠶ᠃ ᠰᠡᠷᠭᠡᠶᠢᠯᠡᠨ ᠡᠵᠡᠮᠳᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠨᠡᠩ ᠶᠡᠭᠡ ᠬᠦᠴᠦ ᠲᠠᠯᠪᠢᠵᠦ᠂ ᠲᠠᠬᠤᠯ ᠡᠪᠡᠳᠴᠢᠨ ᠤ ᠪᠠᠶᠢᠴᠠᠭᠠᠯᠲᠠ ᠡᠬᠢ ᠰᠤᠷᠪᠤᠯᠵᠢ ᠶᠢ ᠮᠥᠷᠳᠡᠬᠦ᠂ ᠪᠥᠭᠡᠮ ᠬᠦᠴᠢᠯ ᠤᠨ ᠪᠠᠶᠢᠴᠠᠭᠠᠯᠲᠠ᠂ ᠲᠤᠰᠠᠭᠠᠷᠯᠠᠨ ᠬᠠᠮᠢᠶᠠᠷᠤᠨ ᠡᠵᠡᠮᠳᠡᠬᠦ ᠵᠡᠷᠭᠡ ᠡᠯ᠎ᠡ ᠵᠦᠢᠯ ᠤᠨ ᠠᠵᠢᠯ ᠢ  ᠲᠠᠬᠢᠨᠳᠠ ᠲᠦᠷᠭᠡᠳᠭᠡᠵᠦ᠂ ᠦᠷ᠎ᠡ ᠪᠦᠲᠦᠮᠵᠢ ᠪᠠᠨ ᠲᠠᠬᠢᠨᠳᠠ ᠳᠡᠭᠡᠭᠰᠢᠯᠡᠭᠦᠯᠵᠦ᠂ ᠠᠵᠢᠯ ᠤᠨ ᠵᠣᠯᠭᠠᠯᠴᠠᠭ᠎ᠠ ᠶᠢ ᠴᠢᠩᠭ᠎ᠠ ᠠᠳᠬᠤᠵᠤ᠂ ᠨᠢᠭᠲᠠ ᠴᠢᠩᠭ᠎ᠠ ᠪᠢᠲᠡᠭᠦᠮᠵᠢᠯᠠᠠ ᠬᠠᠮᠢᠶᠠᠷᠴᠤ᠂ ᠡᠯ᠎ᠡ ᠭᠤᠭᠴᠤᠭ᠎ᠠ ᠶᠢ ᠶᠠᠭ ᠲᠠᠭ ᠲᠠᠭᠠᠷᠠᠭᠤᠯᠵᠤ᠂ ᠦ ᠰᠡᠪ ᠦᠭᠡᠢ ᠪᠠᠶᠢᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠱᠠᠭᠠᠷᠳᠠᠯᠭ᠎ᠠ ᠶᠢ ᠲᠥᠷᠭᠡᠨ ᠣᠨᠣᠴᠠᠳᠠᠢ ᠪᠠᠷ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠠᠮᠤᠭ ᠤᠨ ᠲᠦᠷᠭᠡᠨ ᠬᠤᠷᠳᠤᠴᠠ ᠪᠠᠷ ᠬᠢᠵᠢᠭ ᠤᠨ ᠪᠠᠶᠢᠳᠠᠯ ᠤᠨ ᠦᠷᠪᠢᠰᠦᠨ ᠳᠡᠯᠭᠡᠷᠡᠬᠦ ᠶᠢ ᠬᠤᠷᠢᠭᠯᠠᠵᠤ᠂ ᠨᠡᠶᠢᠭᠡᠮ ᠲᠡᠭᠡᠷᠡᠬᠢ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ  ᠲᠠᠢ ᠣᠷᠣᠨ ᠪᠦᠰᠡ ᠪᠣᠯᠤᠨ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ ᠪᠠᠶᠢᠭᠠᠳ ᠪᠥᠭᠡᠮ ᠬᠦᠴᠢᠯ ᠤᠨ ᠪᠠᠶᠢᠴᠠᠭᠠᠯᠲᠠ ᠶᠢ ᠰᠠᠶᠢᠲᠤᠷ ᠬᠢᠯᠭᠡᠵᠦ᠂ ᠬᠦᠴᠦᠨ ᠢᠶᠠᠨ ᠵᠣᠬᠢᠶᠠᠨ ᠪᠠᠶᠢᠭᠤᠯᠵᠤ ᠲᠠᠬᠤᠯ ᠡᠪᠡᠳᠴᠢᠨ ᠤ ᠪᠠᠶᠢᠴᠠᠭᠠᠯᠲᠠ ᠬᠢᠵᠦ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠭᠰᠢᠨ ᠪᠠᠶᠢᠴᠠᠭᠠᠵᠤ ᠬᠠᠮᠢᠶᠠᠷᠤᠨ ᠡᠵᠡᠮᠳᠡᠵᠦ᠂ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠭᠦ ᠶᠢ ᠡᠷᠡᠰ ᠰᠡᠷᠭᠡᠶᠢᠯᠡᠵᠦ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠢ᠃ ᠡᠮᠴᠢᠯᠡᠭᠡᠨ ᠤ ᠡᠬᠢ ᠪᠠᠶᠠᠯᠢᠭ ᠪᠣᠯᠤᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠡᠮᠨᠡᠨ ᠠᠪᠤᠷᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠡᠮᠨᠡᠯᠭᠡ ᠶᠢᠨ ᠬᠤᠷᠢᠶᠠᠨ ᠳᠤ ᠬᠠᠯᠲᠠᠪᠤᠷᠢᠯᠠᠯ ᠤᠨ ᠬᠡᠷᠡᠭ ᠡᠭᠦᠰᠭᠦ ᠶᠢ ᠡᠷᠡᠰ ᠰᠡᠷᠭᠡᠶᠢᠯᠡᠬᠦ ᠬᠡᠷᠡᠭᠲᠡᠢ᠃ ᠡᠯ᠎ᠡ ᠬᠤᠯᠪᠣᠭᠳᠠᠯ ᠪᠥᠬᠦᠶ ᠭᠠᠵᠠᠷ ᠣᠷᠣᠨ ᠤ ᠬᠢᠨ ᠬᠢᠯᠢ ᠶᠢᠨ ᠪᠣᠭᠤᠮᠲᠠ ᠶᠢ ᠰᠠᠶᠢᠲᠤᠷ ᠰᠠᠬᠢᠵᠤ᠂ ᠤᠯᠤᠰ ᠤᠨ ᠡᠭᠦᠳᠡ ᠶᠢ ᠰᠠᠶᠢᠲᠤᠷ ᠰᠠᠬᠢᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠦᠷᠭᠦᠯᠵᠢᠯᠡᠨ ᠬᠦᠴᠦᠯᠡᠵᠦ ᠪᠠᠶᠢᠭᠠᠳ 《ᠭᠤᠷᠪᠠᠨ ᠰᠡᠷᠭᠡᠶᠢᠯᠡᠯᠲᠡ ᠶᠢᠨ ᠱᠤᠭᠤᠮ》 ᠢ ᠪᠠᠲᠤ ᠴᠣᠭᠴᠠᠯᠠᠵᠤ᠂ ᠨᠠᠷᠢᠨ ᠵᠦᠶᠯᠡᠰ ᠢ ᠴᠢᠩᠭ᠎ᠠ ᠠᠩᠬᠠᠷᠤᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠢᠩᠭ᠎ᠠ ᠴᠡᠭᠴᠡᠯᠡᠨ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠪᠰᠢᠨ ᠢ ᠣᠨᠣᠴᠠᠲᠠᠶ ᠳᠡᠭᠡᠭᠰᠢᠯᠡᠭᠦᠯᠵᠦ᠂ ᠪᠣᠶ ᠪᠥᠬᠦᠶ ᠭᠤᠭᠴᠤᠭ᠎ᠠ᠂ ᠪᠣᠶ ᠪᠥᠬᠦᠶ ᠬᠥᠮᠦᠰ᠂ ᠪᠣᠶ ᠪᠥᠬᠦᠶ ᠴᠡᠭ᠂ ᠪᠣᠶ ᠪᠥᠬᠦᠶ ᠣᠷᠣᠨ ᠪᠦᠰᠡ ᠢᠮᠠᠭᠲᠠ ᠬᠠᠮᠢᠶᠠᠷᠤᠯᠳᠠ ᠠᠴᠠ ᠭᠤᠭᠤᠵᠢᠭᠳᠠᠬᠤ ᠥᠬᠡᠶ᠂ ᠡᠵᠡᠮᠳᠡᠯ ᠢᠶᠠᠨ ᠠᠯᠳᠠᠬᠤ ᠥᠬᠡᠶ᠂ ᠰᠡᠷᠭᠡᠶᠢᠯᠡᠯᠲᠡ ᠶᠢ ᠡᠪᠳᠡᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠥᠬᠡᠶ ᠭᠠᠵᠠᠷ ᠣᠷᠣᠨ ᠴᠤ ᠭᠦᠨᠵᠡᠭᠡᠶ ᠰᠤᠷᠭᠠᠮᠵᠢ ᠠᠪᠴᠤ᠂ ᠳᠡᠭᠡᠳᠦ ᠬᠡᠮᠵᠢᠶ᠎ᠡ ᠪᠠᠷ ᠰᠡᠷᠭᠡᠭ ᠪᠠᠶᠢᠵᠤ᠂ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠲᠡᠭᠦᠯᠳᠡᠷᠵᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠢᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠵᠢᠯᠣᠭᠤᠳᠤᠨ ᠲᠣᠬᠢᠷᠠᠭᠤᠯᠬᠤ ᠪᠠᠨ ᠴᠢᠩᠭᠠᠳᠬᠠᠨ᠂ ᠬᠤᠯᠪᠣᠭᠳᠠᠯ ᠪᠥᠬᠦᠶ ᠲᠠᠯ᠎ᠠ ᠶᠢᠨ ᠬᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢ ᠠᠬᠢᠭᠤᠯᠬᠤ ᠬᠡᠷᠡᠭᠲᠡᠶ᠃

ᠡᠯ᠎ᠡ ᠭᠠᠵᠠᠷ ᠤᠨ ᠬᠢᠨ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠣᠨᠣᠴᠠᠲᠠᠶ ᠨᠠᠶᠢᠳᠠᠪᠤᠷᠢᠵᠢᠭᠤᠯᠬᠤ ᠬᠡᠷᠡᠭᠲᠡᠶ᠂ ᠳᠥᠭᠦᠮᠴᠢᠯᠡᠵᠦ᠂ ᠨᠢᠭᠡ ᠯᠡ ᠠᠳᠠᠯᠢ ᠪᠠᠷ ᠱᠠᠭᠠᠷᠳᠠᠵᠤ ᠪᠣᠯᠬᠤ ᠥᠬᠡᠶ᠂ ᠬᠡᠪ ᠤᠨ ᠦᠶᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 《ᠵᠢᠷᠭᠤᠭ᠎ᠠ ᠶᠢ ᠲᠣᠭᠲᠠᠪᠤᠷᠢᠵᠢᠭᠤᠯᠬᠤ》 《ᠵᠢᠷᠭᠤᠭ᠎ᠠ ᠶᠢ ᠪᠠᠲᠤᠯᠠᠬᠤ》 ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠢᠬᠤᠯᠠ ᠶᠡᠭᠡ ᠢᠨᠵᠧᠨᠧᠷᠢᠩ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠬᠠᠪᠤᠷ ᠤᠨ ᠤᠯᠠᠷᠢᠯ ᠤᠨ ᠮᠠᠯ ᠠᠵᠤ ᠠᠬᠤᠶ ᠲᠠᠷᠢᠶᠠᠯᠠᠩ ᠤᠨ ᠦᠶᠯᠡᠳᠪᠦᠷᠢᠯᠡᠯ ᠢ ᠵᠣᠬᠢᠶᠠᠨ ᠪᠠᠶᠢᠭᠤᠯᠤᠨ ᠰᠠᠶᠢᠲᠤᠷ ᠠᠳᠬᠤᠵᠤ᠂ ᠡᠯ᠎ᠡ ᠵᠦᠶᠯ ᠤᠨ ᠭᠤᠤᠯᠳᠠᠯᠭ᠎ᠠ ᠲᠠᠢ ᠡᠭᠦᠷᠭᠡ ᠶᠢ ᠬᠦᠴᠦᠲᠡᠶ ᠡᠮᠬᠢ ᠵᠢᠷᠤᠮ ᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠦ ᠭᠠᠷᠭᠠᠪᠠ᠃

ᠬᠤᠷᠠᠯ ᠠᠴᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠪᠣᠯ ᠨᠠᠮ ᠤᠨ ᠲᠥᠪ ᠬᠤᠷᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ ᠲᠦᠷᠢᠮ ᠤᠨ ᠲᠤᠬᠢᠷᠠᠭᠤᠯᠤᠯᠳᠠ ᠪᠣᠯᠤᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠨᠢ ᠨᠢᠭᠡ ᠯᠡ ᠳᠡᠭᠡᠷ᠎ᠡ ᠰᠢᠶᠳᠪᠦᠷᠢᠯᠡᠴᠢᠬᠡᠬᠦ ᠶᠠᠪᠤᠳᠠᠯ ᠪᠢᠰᠢ᠂ ᠨᠡᠩ ᠴᠤ ᠨᠢᠭᠡ ᠯᠡ ᠳᠡᠭᠡᠷ᠎ᠡ ᠰᠢᠶᠳᠪᠦᠷᠢᠯᠡᠭᠡᠳ ᠨᠢᠭᠡᠮᠦᠰᠦᠨ ᠰᠠᠨᠠᠭ᠎ᠠ ᠠᠮᠠᠷᠠᠴᠢᠬᠠᠬᠤ ᠶᠠᠪᠤᠳᠠᠯ ᠴᠤ ᠪᠢᠰᠢ ᠶᠤᠮ᠃ ᠲᠤᠶᠢᠯᠪᠤᠷᠢᠲᠠᠢ ᠰᠢᠢᠳᠪᠦᠷᠢᠯᠡᠭᠰᠡᠨ ᠦᠭᠡᠢ ᠠᠰᠠᠭᠤᠳᠠᠯ ᠢ ᠴᠢᠩᠭ᠎ᠠ ᠠᠩᠬᠠᠷᠴᠤ᠂ ᠲᠥᠪ ᠤᠨ ᠱᠠᠭᠠᠷᠳᠠᠯᠭ᠎ᠠ ᠶᠣᠰᠣᠭᠠᠷ ᠡᠷᠡᠰ ᠴᠡᠭᠴᠡᠯᠡᠨ ᠰᠠᠶᠢᠵᠢᠷᠠᠭᠤᠯᠵᠤ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠨᠢᠭᠡᠨᠲᠡ ᠪᠡᠶᠡᠯᠡᠭᠦᠯᠦᠭᠰᠡᠨ ᠠᠰᠠᠭᠤᠳᠠᠯ ᠢ ᠴᠤ ᠦᠷᠭᠦᠯᠵᠢᠯᠡᠨ ᠠᠩᠬᠠᠷᠴᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠭᠡᠵᠦ᠂ ᠳᠠᠬᠢᠨ ᠡᠭᠦᠰᠭᠦ ᠶᠢ ᠡᠷᠡᠰ ᠰᠡᠷᠭᠡᠶᠢᠯᠡᠬᠦ ᠬᠡᠷᠡᠭᠲᠡᠶ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠠᠰᠠᠭᠤᠳᠠᠯ ᠤᠨ ᠰᠠᠭᠤᠷᠢ ᠲᠤᠭ᠎ᠠ ᠪᠣᠯᠤᠨ ᠬᠤᠯᠪᠣᠭᠳᠠᠯ ᠪᠥᠬᠦᠶ ᠪᠠᠶᠢᠳᠠᠯ ᠢ ᠴᠢᠨᠠᠭᠰᠢᠳᠠ ᠲᠣᠳᠣᠷᠬᠠᠶ ᠣᠶᠢᠯᠠᠭᠠᠵᠤ᠂ ᠬᠠᠨᠳᠤᠯᠭᠠᠳᠤ ᠴᠢᠨᠠᠷᠲᠠᠶ ᠪᠠᠷ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠬᠡᠷᠡᠭᠲᠡᠶ᠃ ᠨᠢᠭᠡᠨᠲᠡ ᠬᠢᠨᠠᠨ ᠵᠥᠪᠰᠢᠶᠡᠷᠡᠵᠦ ᠪᠠᠶᠢᠴᠠᠭᠠᠨ ᠲᠤᠳᠤᠯᠠᠭᠰᠠᠨ ᠠᠰᠠᠭᠤᠳᠠᠯ ᠳᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠦᠴᠦᠲᠡᠶ ᠠᠷᠭ᠎ᠠ ᠬᠡᠮᠵᠢᠶ᠎ᠡ ᠠᠪᠴᠤ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠶᠢ ᠱᠠᠯᠠᠪᠳᠠᠭᠤᠯᠤᠨ ᠠᠬᠢᠭᠤᠯᠵᠤ᠂ ᠲᠦᠷᠭᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠨᠢᠭᠡ ᠠᠴᠠ ᠵᠦᠢᠴᠢᠯᠡᠨ ᠨᠦᠬᠦᠭᠡ ᠶᠢ ᠮᠡᠳᠡᠵᠦ ᠠᠳᠠᠯᠢ ᠲᠦᠷᠦᠯ ᠤᠨ ᠠᠰᠠᠭᠤᠳᠠᠯ᠂ ᠬᠤᠯᠪᠣᠭᠳᠠᠬᠤ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ ᠠᠰᠠᠭᠤᠳᠠᠯ ᠢ ᠡᠬᠢ ᠡᠭᠦᠰᠦᠯ ᠠᠴᠠ ᠨᠢ ᠲᠤᠶᠢᠯᠪᠤᠷᠢᠲᠠᠢ ᠴᠡᠭᠴᠡᠯᠡᠨ  ᠰᠠᠶᠢᠵᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ ᠠᠴᠠ ᠮᠠᠨ ᠤ ᠣᠷᠣᠨ ᠤ 2021 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ ᠬᠤᠷᠠᠯ ᠠᠴᠠ᠂ ᠡᠯ᠎ᠡ ᠱᠠᠲᠤᠨ ᠤ ᠬᠢᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ   ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠬᠠᠤᠯᠢ ᠲᠣᠭᠲᠠᠭᠠᠯ ᠶᠣᠰᠣᠭᠠᠷ ᠬᠢᠭᠰᠡᠨ ᠠᠮᠠᠯᠠᠯᠲᠠ ᠪᠠᠨ ᠴᠢᠩᠭ᠎ᠠ ᠪᠡᠶᠡᠯᠡᠭᠦᠯᠵᠦ᠂ ᠵᠠᠰᠠᠭ ᠤᠨ ᠣᠷᠳᠣᠨ ᠤ ᠢᠲᠡᠭᠡᠯ ᠬᠦᠨᠳᠦ ᠪᠠ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠡᠰ ᠳᠠᠷᠠᠭᠠᠯᠠᠯ ᠢ ᠵᠢᠷᠤᠮᠵᠢᠭᠤᠯᠵᠤ᠂ ᠠᠷᠬᠠᠭ ᠭᠡᠮ ᠢ ᠶᠡᠭᠡ ᠪᠠᠷ ᠴᠡᠭᠴᠡᠯᠡᠨ ᠵᠠᠰᠠᠵᠤ᠂ ᠬᠠᠤᠯᠢ ᠬᠡᠷᠡᠭᠵᠢᠭᠦᠯᠬᠦ ᠠᠵᠢᠯ ᠤᠨ ᠢᠲᠡᠭᠡᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠬᠠᠤᠯᠢ ᠶᠣᠰᠣᠭᠠᠷ ᠵᠠᠰᠠᠬ ᠶᠠᠪᠤᠭᠤᠯᠬᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠤᠯᠢᠵᠢᠯ ᠢᠶᠠᠷ ᠵᠠᠰᠠᠭ ᠵᠠᠬᠢᠷᠭᠠᠨ ᠤ ᠡᠷᠬᠡ ᠳᠤ ᠶᠣᠰᠣ ᠲᠦᠷᠢᠮ ᠲᠣᠭᠲᠠᠭᠠᠵᠤ᠂ ᠵᠠᠭᠠᠭ ᠱᠤᠭᠤᠮ ᠲᠣᠭᠲᠠᠭᠠᠵᠤ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠷᠬᠡᠪᠰᠢ ᠭᠦᠢᠴᠡᠳᠭᠡᠬᠦ᠂ ᠬᠠᠤᠯᠢ ᠠᠴᠠ ᠡᠷᠬᠡ ᠣᠯᠭᠤᠭᠰᠠᠨ ᠦᠭᠡᠢ ᠵᠦᠢᠯ ᠢ ᠦᠯᠦ ᠬᠢᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 

 

 


   :                    
   :           
备案序号:蒙ICP备05003250号 公安备案15010502000173