ᠵᠤᠬᠢᠶᠠᠭᠴᠢ:
ᠴᠠᠭ:2022-03-18
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ᠢᠨᠳᠣᠨᠧᠰᠢᠶ᠎ᠠ ᠶᠢᠨ ᠶᠡᠷᠦᠩᠬᠡᠶᠢᠯᠡᠭᠴᠢ ᠽᠦᠸᠧᠺᠧ ᠲᠠᠢ ᠤᠲᠠᠰᠤ ᠪᠠᠷ ᠶᠠᠷᠢᠯᠴᠠᠪᠠ
ᠰᠢᠨᠬᠤᠸᠠ ᠬᠤᠷᠢᠶᠠᠨ ᠤ ᠪᠡᠭᠡᠵᠢᠩ ᠤᠨ 2022 3 ᠰᠠᠷ᠎ᠠ ᠶᠢᠨ 16 ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 2022 3 ᠰᠠᠷ᠎ᠠ ᠶᠢᠨ 16 ᠤ ᠦᠳᠡ ᠶᠢᠨ ᠬᠤᠶᠢᠨ᠎ᠠ ᠢᠨᠳᠣᠨᠧᠰᠢᠶ᠎ᠠ ᠶᠢᠨ ᠶᠡᠷᠦᠩᠬᠡᠶᠢᠯᠡᠭᠴᠢ ᠽᠦᠸᠧᠺᠧ ᠲᠠᠢ ᠤᠲᠠᠰᠤ ᠪᠠᠷ ᠶᠠᠷᠢᠯᠴᠠᠪᠠ᠃
ᠰᠢ ᠶᠢᠨ ᠫᠢᠩ᠂ ᠳᠤᠮᠳᠠᠳᠤ ᠤᠯᠤᠰ ᠪᠣᠯᠤᠨ ᠢᠨᠳᠣᠨᠧᠰᠢᠶ᠎ᠠ ᠪᠣᠯ ᠴᠥᠮ ᠬᠥᠭᠵᠢᠵᠦ ᠪᠠᠶᠢᠭ᠎ᠠ ᠲᠤᠮᠤ ᠤᠯᠤᠰ ᠪᠣᠯᠤᠨ ᠰᠢᠨ᠎ᠡ ᠪᠠᠷ ᠮᠠᠨᠳᠤᠭᠰᠠᠨ ᠠᠵᠤ ᠠᠬᠤᠢ ᠶᠢᠨ ᠴᠣᠭᠴᠠ ᠶᠢᠨ ᠲᠥᠯᠥᠭᠡᠯᠡᠭᠴᠢ ᠮᠥᠨ᠂ ᠳᠡᠯᠡᠬᠡᠢ ᠳ᠋ᠠᠬᠢᠨ ᠳᠤ ᠵᠠᠭᠤᠨ ᠵᠢᠯ ᠳᠤᠬᠢᠶᠠᠯᠳᠤᠭ᠎ᠠ ᠦᠭᠡᠢ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠤᠨ ᠡᠮᠦᠨ᠎ᠡ᠂ ᠬᠤᠶᠠᠷ ᠤᠯᠤᠰ ᠢᠶᠠᠷ ᠢᠶᠠᠨ ᠭᠠᠷ ᠬᠤᠯᠪᠣᠨ ᠤᠷᠤᠭᠰᠢᠯᠠᠵᠤ᠂ ᠬᠦᠴᠢᠷ ᠢ ᠰᠦᠷᠦᠨ ᠤᠷᠤᠭᠰᠢᠯᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠨᠢ ᠤᠯᠤᠰ ᠲᠦᠷᠦ᠂ ᠠᠵᠤ ᠠᠬᠤᠢ᠂ ᠰᠣᠶᠣᠯ ᠢᠷᠭᠡᠨᠰᠢᠯ᠂ ᠲᠠᠯᠠᠢ ᠳᠡᠭᠡᠷᠡᠬᠢ ᠬᠠᠮᠲᠤᠷᠠᠯᠴᠠᠭ᠎ᠠ ᠶᠢᠨ 《ᠲᠦᠷᠪᠡᠨ ᠬᠦᠷᠳᠤ ᠪᠠᠷ ᠬᠥᠳᠡᠯᠭᠡᠭᠦᠷ ᠪᠣᠯᠭᠠᠬᠤ》 ᠰᠢᠨ᠎ᠡ ᠪᠠᠶᠢᠷᠢᠰᠢᠯ ᠢ ᠪᠠᠶᠢᠭᠤᠯᠵᠤ᠂ ᠪᠦᠯᠬᠦᠮᠳᠡᠨ ᠬᠢᠵᠢᠭ ᠲᠠᠢ ᠲᠡᠮᠡᠴᠡᠬᠦ ᠪᠠ ᠬᠠᠮᠲᠤ ᠪᠠᠷ ᠬᠥᠭᠵᠢᠬᠦ ᠭᠤᠣᠯ ᠬᠦᠭ ᠠᠶᠠᠰ ᠢ ᠪᠠᠳᠠᠷᠠᠭᠤᠯᠵᠤ᠂ ᠳᠤᠮᠳᠠᠳᠤ ᠢᠨᠳᠣᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠡᠭᠡ ᠴᠢᠭᠯᠡᠯ ᠢ ᠲᠣᠳᠣᠷᠬᠠᠶᠢᠯᠠᠵᠤ᠂ ᠬᠥᠭᠵᠢᠵᠦ ᠪᠠᠶᠢᠭ᠎ᠠ ᠲᠤᠮᠤ ᠤᠯᠤᠰ ᠤᠨ ᠤᠬᠢ ᠰᠢᠯᠢᠳᠡᠭ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ᠃ ᠳᠤᠮᠳᠠᠳᠤ ᠤᠯᠤᠰ ᠳᠤᠷᠠᠲᠠᠶ᠎ᠠ ᠢᠨᠳᠣᠨᠧᠰᠢᠶ᠎ᠠ ᠨᠢᠭᠲᠠ ᠤᠯᠤᠯᠴᠠᠭ᠎ᠠ ᠪᠠᠨ ᠪᠠᠲᠤᠯᠠᠵᠤ᠂ ᠳᠤᠮᠳᠠᠳᠤ ᠢᠨᠳᠣᠨᠧᠰᠢᠶ᠎ᠠ ᠶᠢᠨ ᠨᠥᠬᠦᠷᠰᠡᠭ ᠬᠠᠮᠲᠤᠷᠠᠯᠴᠠᠭ᠎ᠠ ᠲᠠᠰᠤᠷᠠᠯᠳᠡ ᠦᠭᠡᠢ ᠰᠢᠨ᠎ᠡ ᠬᠥᠭᠵᠢᠯᠲᠡ ᠲᠠᠢ ᠪᠣᠯᠬᠤ ᠶᠢ ᠠᠬᠢᠭᠤᠯᠵᠤ᠂ ᠭᠠᠵᠠᠷ ᠣᠷᠣᠨ ᠪᠣᠯᠤᠨ ᠪᠦᠬᠦ ᠪᠥᠮᠪᠥᠷᠴᠡᠭ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠤᠯᠠᠨ ᠲᠣᠭᠲᠠᠭᠤᠨ ᠴᠢᠨᠠᠷ ᠪᠣᠯᠤᠨ ᠢᠳᠡᠪᠬᠢ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠲᠤᠬᠢᠷᠠᠯᠴᠠᠭᠰᠠᠠ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠶ᠎ᠠ᠃ ᠵᠠᠺᠠᠷᠲ᠋ᠠ — ᠪᠠᠨᠳᠦ᠋ᠩ ᠬᠦᠷᠬᠦ ᠲᠦᠷᠭᠡᠨ ᠤ ᠲᠡᠮᠦᠷ ᠵᠠᠮ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠬᠦ ᠶᠢ ᠪᠠᠲᠤᠯᠠᠵᠤ᠂ 《ᠣᠷᠣᠨ ᠪᠦᠰᠡ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠬᠤᠩᠬᠢᠯ》᠂ 《ᠬᠤᠶᠠᠷ ᠤᠯᠤᠰ ᠤᠨ ᠬᠤᠶᠠᠷ ᠬᠦᠷᠢᠶᠡᠯᠡᠩ》 ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠰᠠᠶᠢᠲᠤᠷ ᠬᠡᠷᠡᠭᠵᠢᠭᠦᠯᠵᠦ᠂ 《ᠨᠢᠭᠡ ᠪᠦᠰᠡ ᠨᠢᠭᠡ ᠵᠠᠮ》 ᠢ ᠴᠢᠨᠠᠷ ᠰᠠᠶᠢᠲᠠᠢ ᠬᠠᠮᠲᠤ ᠪᠠᠷ ᠪᠦᠳᠦᠭᠡᠨ ᠪᠠᠶᠢᠭᠤᠯᠵᠤ᠂ ᠢᠨᠳᠣᠨᠧᠰᠢᠶ᠎ᠠ ᠶᠢᠨ ᠬᠥᠭᠵᠢᠯᠲᠡ ᠪᠠ ᠬᠤᠶᠠᠷ ᠤᠯᠤᠰ ᠤᠨ ᠬᠠᠮᠲᠤᠷᠠᠯᠴᠠᠭ᠎ᠠ ᠶᠢᠨ ᠬᠤᠷᠳᠤᠴᠠ ᠪᠠᠨ ᠲᠦᠷᠭᠡᠳᠭᠡᠶ᠎ᠡ᠃ ᠢᠨᠳᠣᠨᠧᠰᠢᠶ᠎ᠠ ᠶᠢᠨ ᠬᠥᠭᠵᠢᠯᠲᠡ ᠳᠤ ᠠᠰᠢᠭᠲᠠᠢ᠂ ᠬᠤᠶᠠᠷ ᠤᠯᠤᠰ ᠤᠨ ᠬᠠᠮᠲᠤᠷᠠᠯᠴᠠᠭ᠎ᠠ ᠳᠤ ᠠᠰᠢᠭᠲᠠᠢ ᠲᠦᠷᠦᠯ ᠵᠦᠢᠯ ᠳᠤ ᠳᠤᠮᠳᠠᠳᠤ ᠤᠯᠤᠰ ᠴᠥᠮ ᠢᠳᠡᠪᠬᠢᠲᠡᠢ ᠣᠪᠣᠷ ᠠᠪᠴᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠦᠬᠦ ᠪᠥᠮᠪᠥᠷᠴᠡᠭ ᠤᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠪᠣᠯᠤᠨ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠᠷ ᠭᠤᠣᠯ ᠪᠣᠯᠭᠠᠭᠰᠠᠨ᠂ ᠨᠡᠭᠡᠭᠡᠯᠲᠡᠲᠡᠢ ᠪᠠᠭᠲᠠᠭᠠᠮᠵᠢᠲᠠᠢ ᠣᠷᠣᠨ ᠪᠦᠰᠡ ᠶᠢᠨ ᠪᠦᠲᠦᠴᠡ ᠶᠢ ᠡᠷᠡᠰ ᠬᠠᠮᠠᠭᠠᠯᠠᠵᠤ᠂ ᠪᠦᠯᠬᠦᠮᠳᠡᠨ ᠬᠠᠮᠲᠤᠷᠠᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠶ᠎ᠠ᠃ ᠳᠤᠮᠳᠠᠳᠤ ᠤᠯᠤᠰ ᠢᠨᠳᠣᠨᠧᠰᠢᠶ᠎ᠠ ᠶᠢᠨ ᠬᠢᠨ ᠤ ᠬᠤᠷᠢᠨ ᠤᠯᠤᠰ ᠤᠨ ᠪᠦᠯᠦᠭᠯᠡᠯ ᠤᠨ ᠲᠡᠷᠢᠭᠦᠯᠡᠭᠴᠢ ᠤᠯᠤᠰ ᠤᠨ ᠦᠶᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ 《ᠬᠠᠮᠲᠤ ᠰᠡᠷᠬᠦᠬᠦ ᠡᠷᠴᠢᠮᠲᠡᠶ ᠰᠡᠷᠭᠦᠬᠦ》 ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠪᠠᠯᠢ ᠠᠷᠠᠯ ᠤᠨ ᠲᠦᠷᠦᠭᠦᠴᠦᠳ ᠤᠨ ᠬᠤᠷᠠᠯ ᠢ ᠰᠠᠶᠢᠲᠤᠷ ᠡᠷᠭᠢᠯᠡᠨ᠎ᠡ ᠭᠡᠵᠦ ᠴᠢᠬᠤᠯᠠᠴᠢᠯᠠᠪᠠ᠃
ᠽᠦᠸᠧᠺᠧ᠂ ᠳᠤᠮᠳᠠᠳᠤ ᠤᠯᠤᠰ ᠤᠨ ᠪᠦᠬᠦ ᠤᠯᠤᠰ ᠤᠨ ᠬᠤᠶᠠᠷ ᠬᠤᠷᠠᠯ ᠠᠮᠵᠢᠯᠲᠠ ᠲᠠᠢ ᠲᠡᠭᠦᠰᠦᠭᠰᠡᠨ ᠳᠤ ᠪᠠᠶᠠᠷ ᠬᠦᠷᠭᠡᠵᠦ ᠪᠠᠶᠢᠨ᠎ᠠ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠤᠭᠰᠠᠨ ᠳᠤ ᠪᠠᠶᠠᠷ ᠬᠦᠷᠭᠡᠵᠦ ᠪᠠᠶᠢᠨ᠎ᠠ᠃ ᠣᠳᠣᠬᠠᠨ ᠳᠤ ᠢᠨᠳᠣᠨᠧᠰᠢᠶ᠎ᠠ ᠪᠣᠯᠤᠨ ᠳᠤᠮᠳᠠᠳᠤ ᠤᠯᠤᠰ ᠤᠨ ᠬᠤᠶᠠᠷ ᠲᠠᠯ᠎ᠠ ᠶᠢᠨ ᠠᠷᠠᠯᠵᠢᠶ᠎ᠠ᠂ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠦᠳᠲᠡᠷ ᠲᠦᠷᠭᠡᠨ ᠨᠡᠮᠡᠭᠳᠡᠵᠦ ᠪᠠᠶᠢᠨ᠎ᠠ᠃ ᠢᠨᠳᠣᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ᠂ ᠵᠠᠺᠠᠷᠲ᠋ᠠ — ᠪᠠᠨᠳᠦ᠋ᠩ ᠬᠦᠷᠬᠦ ᠲᠦᠷᠭᠡᠨ ᠤ ᠲᠡᠮᠦᠷ ᠵᠠᠮ ᠢ ᠲᠣᠭᠲᠠᠭᠰᠠᠨ ᠬᠤᠭᠤᠴᠠᠭᠠᠨ ᠳᠤ ᠪᠥᠲᠥᠭᠡᠨ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠶᠯᠡᠳᠦᠨᠡ᠃ ᠢᠨᠳᠣᠨᠧᠰᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠢᠨᠳᠣᠨᠧᠰᠢᠶ᠎ᠠ ᠶᠢᠨ ᠰᠢᠨ᠎ᠡ ᠨᠡᠶᠢᠰᠯᠡᠯ ᠤᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠢᠨᠳᠣᠨᠧᠰᠢᠶ᠎ᠠ ᠶᠢᠨ 《ᠣᠷᠣᠨ ᠪᠦᠰᠡ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠬᠤᠩᠬᠢᠯ》 ᠤᠨ ᠪᠦᠳᠦᠭᠡᠨ ᠪᠠᠶᠢᠭᠤᠯᠤᠯᠲᠠ ᠪᠣᠯᠤᠨ ᠪᠣᠬᠢᠷᠲᠤᠯ ᠦᠭᠡᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠬᠦ ᠶᠢ ᠬᠦᠰᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠨᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠪᠡᠶᠡᠯᠡᠭᠦᠯᠬᠦ ᠳᠤ ᠠᠰᠢᠭᠲᠠᠢ ᠶᠤᠮ᠂ ᠢᠨᠳᠣᠨᠧᠰᠢᠶ᠎ᠠ ᠶᠢᠨ ᠬᠢᠨ ᠪᠦᠬᠦ ᠬᠦᠴᠦ ᠪᠠᠷ ᠢᠶᠠᠨ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠳᠠ ᠤᠯᠤᠯᠴᠠᠵᠤ᠂ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠪᠥᠮᠪᠥᠷᠴᠡᠭ ᠤᠨ ᠬᠠᠮᠲᠤ ᠶᠢᠨ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃ ᠢᠨᠳᠣᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠳᠠ ᠤᠯᠤᠯᠴᠠᠬᠤ ᠪᠠ ᠵᠣᠬᠢᠴᠠᠭᠤᠯᠵᠤ᠂ ᠬᠤᠷᠢᠨ ᠤᠯᠤᠰ ᠤᠨ ᠪᠦᠯᠦᠭᠯᠡᠯ ᠤᠨ ᠠᠵᠢᠯ ᠤᠨ ᠠᠵᠤ ᠠᠬᠤᠢ ᠶᠢᠨ ᠰᠡᠷᠭᠦᠯᠲᠡ ᠪᠣᠯᠤᠨ ᠪᠦᠬᠦ ᠪᠥᠮᠪᠥᠷᠴᠡᠭ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ ᠶᠢ ᠠᠬᠢᠭᠤᠯᠵᠤ᠂ ᠪᠦᠬᠦ ᠪᠥᠮᠪᠥᠷᠴᠡᠭ ᠤᠨ ᠴᠢᠨᠠᠷᠲᠠᠢ ᠪᠠᠴᠢᠮ ᠲᠤᠯᠭᠠᠮ ᠠᠰᠠᠭᠤᠳᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠨ᠎ᠡ ᠭᠡᠵᠦ ᠢᠯᠡᠳᠭᠡᠪᠡ᠃
ᠬᠤᠶᠠᠷ ᠲᠠᠯ᠎ᠠ ᠪᠠᠷ ᠢᠶᠠᠨ ᠦᠺᠷᠠᠶᠢᠨ ᠤ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠵᠤ᠂ ᠡᠯ᠎ᠡ ᠲᠠᠯ᠎ᠠ ᠶᠢᠨ ᠬᠢᠨ ᠢᠳᠬᠠᠨ ᠡᠪᠰᠡᠭᠦᠯᠵᠦ ᠬᠡᠯᠡᠯᠴᠡᠭᠡ ᠬᠢᠬᠦ ᠶᠢ ᠠᠬᠢᠭᠤᠯᠬᠤ ᠶᠢ ᠪᠠᠷᠢᠮᠲᠠᠯᠠᠵᠤ᠂ ᠶᠡᠭᠡ ᠬᠡᠪᠴᠢᠶᠡᠨ ᠤ ᠬᠥᠮᠦᠯᠢᠭ ᠦᠵᠡᠯ ᠤᠨ ᠬᠢᠮᠤᠷᠠᠯ ᠭᠠᠷᠬᠤ ᠶᠢ ᠰᠡᠷᠭᠡᠶᠢᠯᠡᠵᠦ᠂ ᠵᠠᠯᠬᠠᠭᠠᠯ ᠤᠨ ᠳᠡᠯᠡᠬᠡᠶ ᠶᠢᠨ ᠠᠵᠤ ᠠᠬᠤᠶ ᠳᠤ ᠦᠵᠡᠭᠦᠯᠬᠦ ᠨᠠᠵᠠᠭᠠᠶ ᠨᠥᠯᠥᠭᠡ ᠶᠢ ᠬᠢᠵᠠᠭᠠᠷᠯᠠᠵᠤ᠂ ᠳᠡᠯᠡᠬᠡᠶ ᠶᠢᠨ ᠠᠵᠤ ᠠᠬᠤᠶ ᠶᠢᠨ ᠰᠡᠷᠭᠦᠯᠲᠡ ᠶᠢᠨ ᠠᠬᠢᠴᠠ ᠶᠢ ᠤᠳᠠᠭᠠᠰᠢᠷᠠᠭᠤᠯᠬᠤ ᠠᠴᠠ ᠵᠠᠶᠢᠯᠠᠰᠭᠢᠪᠡᠯ ᠵᠣᠬᠢᠨ᠎ᠠ ᠭᠡᠵᠦ ᠰᠠᠨᠠᠯ ᠨᠢᠭᠡᠲᠡᠶ ᠦᠵᠡᠪᠡ᠃