ᠵᠤᠬᠢᠶᠠᠭᠴᠢ: ᠴᠠᠭ:2022-03-18 ᠥᠵᠡᠭᠰᠡᠨ : ᠢᠷᠡᠯᠲᠡ:  《ᠥᠪᠥᠷ ᠮᠣᠩᠭᠤᠯ ᠤᠨ ᠡᠳᠦᠷ ᠤᠨ ᠰᠣᠨᠢᠨ》  
︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ︽ᠲᠥᠪ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠤᠷᠠᠯ ᠵᠢᠴᠢ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ︾ ᠭᠡᠬᠦ ᠴᠢᠬᠤᠯᠠ ᠵᠤᠬᠢᠶᠠᠯ ᠢ ᠨᠡᠶᠢᠳᠡᠯᠡᠵᠠᠢ

 

ᠰᠢᠨᠬᠤᠸᠠ ᠬᠤᠷᠢᠶᠠᠨ ᠤ ᠪᠡᠭᠡᠵᠢᠩ ᠤᠨ 2022  3  ᠰᠠᠷ᠎ᠠ ᠶᠢᠨ 15 ᠤ  ᠴᠠᠬᠢᠯᠭᠠᠨ ᠮᠡᠳᠡᠭᠡ  3  ᠰᠠᠷ᠎ᠠ ᠶᠢᠨ 16 ᠤ ᠡᠳᠦᠷ ᠬᠡᠪᠯᠡᠭᠳᠡᠭᠰᠡᠨ 6 ᠳ᠋ᠤᠭᠠᠷ ᠬᠤᠭᠤᠴᠠᠭᠠᠨ ᠤ 《ᠦᠨᠡᠨ》 ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ 《ᠲᠥᠪ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠤᠷᠠᠯ ᠵᠢᠴᠢ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ》 ᠭᠡᠬᠦ ᠴᠢᠬᠤᠯᠠ ᠵᠤᠬᠢᠶᠠᠯ ᠢ ᠨᠡᠶᠢᠲᠡᠯᠡᠪᠡ᠃

ᠵᠣᠬᠢᠶᠠᠯ ᠳᠤ᠂ ᠰᠢᠨ᠎ᠡ ᠴᠠᠭ ᠦᠶ᠎ᠡ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ 《ᠳᠥᠷᠪᠡᠨ ᠤᠬᠠᠮᠰᠠᠷ》 ᠢᠶᠠᠨ ᠴᠢᠩᠭᠠᠳᠬᠠᠵᠤ᠂ 《ᠳᠥᠷᠪᠡᠨ ᠢᠲᠡᠭᠡᠯ》 ᠢᠶᠠᠨ ᠪᠠᠲᠤᠳᠬᠠᠵᠤ᠂ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠬᠦ ᠭᠤᠣᠯ ᠲᠡᠩᠭᠡᠯᠢᠭ ᠪᠣᠯᠭᠠᠵᠤ᠂ 《ᠬᠤᠤᠰ ᠵᠠᠭᠤᠨ ᠵᠢᠯ》 ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠦᠶᠯᠡᠴᠢᠯᠡᠬᠦ ᠪᠠᠷ ᠠᠵᠢᠯ ᠤᠨ ᠭᠤᠤᠯ ᠰᠢᠵᠢᠮ ᠪᠣᠯᠭᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠦᠳᠦᠯᠦᠨ ᠵᠢᠯᠤᠭᠤᠳᠤᠯᠭ᠎ᠠ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠭᠤᠤᠯ ᠭᠤᠭᠴᠤᠭ᠎ᠠ ᠪᠣᠯᠭᠠᠵᠤ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠵᠤ ᠲᠦᠷᠦ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠳᠡᠭᠡᠭᠰᠢᠯᠡᠭᠦᠯᠵᠤ᠂ ᠬᠠᠮᠲᠤ ᠶᠢᠨ ᠲᠠᠨᠢᠯᠲᠠ ᠶᠢ ᠨᠠᠩ ᠰᠠᠶᠢᠲᠤᠷ ᠨᠢᠭᠲᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃

ᠵᠣᠬᠢᠶᠠᠯ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠮᠠᠷᠺᠰ ᠯᠧᠨᠢᠨ ᠤ ᠦᠵᠡᠯ ᠤᠨ ᠨᠢᠭᠡᠳᠦᠮᠡᠯ ᠹᠷᠣᠨᠲ ᠤᠨ ᠤᠨᠤᠯ᠂ ᠲᠦᠷᠦ ᠶᠢᠨ ᠨᠠᠮ ᠤᠨ ᠤᠨᠤᠯ᠂ ᠠᠷᠠᠳᠴᠢᠯᠠᠭᠰᠠᠨ ᠤᠯᠤᠰ ᠲᠦᠷᠦ ᠶᠢᠨ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ ᠠᠭᠤᠤ ᠶᠡᠭᠡ ᠦᠷ᠎ᠡ ᠪᠦᠲᠦᠭᠡᠯ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ᠂ ᠠᠷᠠᠳ ᠤᠨ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠢ ᠤᠳᠤᠷᠢᠳᠤᠨ ᠤᠯᠤᠰ ᠲᠦᠷᠦ ᠶᠢᠨ ᠪᠠᠶᠢᠭᠤᠯᠤᠯ ᠤᠨ ᠲᠠᠯ᠎ᠠ ᠪᠠᠷ ᠬᠢᠭᠰᠡᠨ ᠠᠭᠤᠤ ᠶᠡᠭᠡ ᠡᠭᠦᠳᠦᠯᠲᠡ ᠮᠥᠨ᠃ 70 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠨᠠᠮ ᠪᠣᠯᠤᠨ ᠤᠯᠤᠰ ᠤᠨ ᠭᠤᠣᠯ ᠡᠭᠦᠷᠭᠡ ᠳᠤ ᠦᠢᠯᠡᠴᠢᠯᠡᠵᠦ᠂ ᠰᠢᠨ᠎ᠡ ᠳᠤᠮᠳᠠᠳᠤ ᠤᠯᠤᠰ ᠢ ᠪᠠᠶᠢᠭᠤᠯᠬᠤ ᠪᠠ ᠨᠡᠶᠢᠭᠡᠮ ᠵᠢᠷᠤᠮᠲᠤ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ ᠲᠤᠶᠢᠯ ᠤᠨ ᠴᠢᠬᠤᠯᠠ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃

ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠲᠤᠷᠰᠢᠯᠭ᠎ᠠ ᠪᠠᠨ ᠳ᠋ᠦᠩᠨᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠠᠯᠢ ᠤᠯᠠᠨ ᠰᠢᠨ᠎ᠡ ᠱᠠᠭᠠᠷᠳᠠᠯᠭ᠎ᠠ ᠳᠤᠷᠠᠳᠪᠠ᠃ ᠨᠢᠭᠡ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠪᠠ᠃ ᠬᠤᠶᠠᠷ ᠲᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠰᠢᠪᠡ᠃ ᠭᠤᠷᠪᠠ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠪᠠ᠃ ᠲᠦᠷᠪᠡ ᠳᠤ᠂ ᠮᠠᠨ ᠤ ᠤᠯᠤᠰ ᠤᠨ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠪᠡ᠃ ᠲᠠᠪᠤ ᠳᠤ᠂ ᠬᠥᠮᠦᠰ ᠤᠨ ᠰᠡᠳᠭᠢᠯ ᠪᠣᠯᠤᠨ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠪᠠ᠃ ᠵᠢᠷᠭᠤᠭ᠎ᠠ ᠳᠤ᠂ ᠨᠠᠮ ᠪᠣᠯᠤᠨ ᠤᠯᠤᠰ ᠤᠨ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠪᠡ᠃ ᠲᠤᠯᠤᠭ᠎ᠠ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠪᠠ᠃ ᠨᠠᠢᠮᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠪᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠨᠢ ᠤᠯᠠᠨ ᠲᠠᠯ᠎ᠠ ᠶᠢᠨ ᠥᠪᠡᠷᠮᠢᠴᠡ ᠳᠠᠪᠠᠭᠤᠯᠢᠭ ᠲᠠᠢ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠵᠢᠭᠠᠵᠤ ᠭᠠᠷᠭᠠᠪᠠ᠃

ᠵᠣᠬᠢᠶᠠᠯ ᠳᠤ᠂ ᠰᠢᠨ᠎ᠡ ᠪᠠᠶᠢᠳᠠᠯ ᠳᠣᠣᠷ᠎ᠠ᠂ ᠪᠢᠳᠡ ᠡᠷᠬᠡᠪᠰᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠢ ᠰᠠᠶᠢᠲᠤᠷ ᠬᠥᠭᠵᠢᠭᠦᠯᠵᠦ᠂ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠬᠦ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠡᠩ ᠤᠯᠠᠨ ᠬᠥᠮᠦᠨ ᠢ ᠨᠠᠮ ᠤᠨ ᠲᠣᠭᠤᠷᠢᠨ ᠳᠤ ᠪᠦᠯᠬᠦᠮᠳᠡᠭᠦᠯᠬᠦ ᠬᠡᠷᠡᠭᠲᠡᠢ᠃ ᠣᠳᠣᠬᠠᠨ ᠳᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠣᠨᠴᠠᠭᠠᠶᠢᠯᠠᠨ ᠳᠣᠣᠷᠠᠬᠢ ᠠᠵᠢᠯ ᠤᠳ ᠢ ᠰᠠᠶᠢᠲᠤᠷ ᠠᠳᠬᠤᠬᠤ ᠬᠡᠷᠡᠭᠲᠡᠢ᠃ ᠨᠢᠭᠡᠳᠦᠭᠡᠷ ᠲᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠤᠨ᠎ᠠ᠃ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠳᠣᠣᠷ᠎ᠠ᠂ ᠤᠴᠢᠷ ᠶᠠᠪᠤᠳᠠᠯ ᠢ ᠰᠠᠶᠢᠲᠤᠷ ᠵᠥᠪᠳᠡᠯᠴᠡᠵᠦ᠂ ᠤᠯᠠᠨ ᠤ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠵᠦ᠂ ᠪᠦᠬᠦ ᠨᠡᠶᠢᠭᠡᠮ ᠤᠨ ᠬᠦᠰᠡᠯ ᠡᠷᠡᠮᠡᠯᠵᠡᠯ ᠪᠠ ᠱᠠᠭᠠᠷᠳᠠᠯᠭ᠎ᠠ ᠶᠢᠨ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠤᠯᠬᠤ ᠪᠣᠯ ᠠᠷᠠᠳ ᠤᠨ ᠠᠷᠠᠳᠴᠢᠯᠠᠯ ᠤᠨ ᠦᠨᠡᠨ ᠶᠣᠰᠣ ᠮᠥᠨ᠃ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠢ ᠬᠥᠭᠵᠢᠭᠦᠯᠬᠦ ᠳᠤ ᠠᠷᠠᠳᠴᠢᠯᠠᠯ ᠲᠥᠪᠯᠡᠷᠡᠯ ᠤᠨ ᠶᠣᠰᠣᠨ ᠤ ᠳᠠᠪᠠᠭᠤᠯᠢᠭ ᠢ ᠰᠠᠶᠢᠲᠤᠷ ᠬᠡᠷᠡᠭᠯᠡᠵᠦ᠂ 《ᠪᠦᠯᠬᠦᠮᠳᠡᠬᠦ — ᠰᠢᠭᠦᠮᠵᠢᠯᠡᠬᠦ — ᠪᠦᠯᠬᠦᠮᠳᠡᠬᠦ》 ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠶᠠᠷᠢᠶ᠎ᠠ ᠬᠡᠯᠡᠯᠴᠡᠭᠡᠨ ᠤ ᠵᠠᠮ ᠢ ᠥᠷᠭᠡᠨ ᠢᠶᠠᠷ ᠨᠡᠭᠡᠭᠡᠵᠦ᠂ ᠲᠦᠮᠡᠨ ᠤ ᠰᠠᠨᠠᠯ ᠢ ᠠᠪᠴᠤ ᠤᠯᠠᠨ ᠤ ᠤᠬᠠᠭᠠᠨ ᠢ ᠲᠥᠪᠯᠡᠷᠡᠭᠦᠯᠦᠨ᠂ ᠠᠳᠠᠯᠢ ᠪᠤᠰᠤ ᠦᠵᠡᠯ ᠰᠠᠨᠠᠭ᠎ᠠ ᠦᠵᠡᠯᠲᠡ ᠶᠢᠨ ᠭᠦᠢᠴᠡᠳ ᠢᠯᠡᠳᠭᠡᠯᠲᠡ ᠪᠠ ᠭᠦᠨᠵᠡᠭᠡᠢ ᠰᠣᠯᠢᠯᠴᠠᠭ᠎ᠠ ᠶᠢ ᠠᠬᠢᠭᠤᠯᠵᠤ᠂ ᠬᠠᠷᠢᠯᠴᠠᠨ ᠬᠦᠨᠳᠦᠳᠭᠡᠬᠦ᠂ ᠡᠷᠬᠡ ᠲᠡᠭᠰᠢ ᠪᠠᠷ ᠵᠥᠪᠳᠡᠯᠴᠡᠬᠦ ᠠᠴᠠ ᠪᠢᠰᠢ ᠪᠤᠰᠤᠳ ᠲᠤ ᠠᠯᠪᠠ ᠪᠠᠷ ᠲᠤᠯᠭᠠᠬᠤ ᠦᠭᠡᠢ ᠪᠠᠶᠢᠬᠤ ᠶᠢ ᠪᠡᠶᠡᠯᠡᠭᠦᠯᠵᠦ᠂ ᠲᠦᠷᠢᠮ ᠢ ᠵᠢᠷᠤᠮᠯᠠᠨ᠂ ᠡᠮᠬᠢ ᠵᠢᠷᠤᠮ ᠲᠠᠢ ᠵᠥᠪᠳᠡᠯᠴᠡᠬᠦ ᠠᠴᠠ ᠪᠢᠰᠢ ᠥᠪᠡᠷ ᠤᠨ ᠢᠶᠠᠨ ᠯᠡ ᠬᠡᠯᠡᠬᠦ ᠦᠭᠡᠢ ᠪᠠᠶᠢᠵᠤ᠂ ᠠᠭᠤᠴᠢᠯᠠᠨ ᠪᠠᠭᠲᠠᠭᠠᠬᠤ᠂ ᠦᠨᠡᠨᠴᠢ ᠪᠠᠷ ᠵᠥᠪᠳᠡᠯᠴᠡᠬᠦ ᠠᠴᠠ ᠪᠢᠰᠢ ᠬᠡᠯᠪᠡᠶᠢᠭᠦᠦ ᠪᠠᠷ ᠵᠥᠷᠢᠭᠦᠳᠯᠡᠬᠦ ᠦᠭᠡᠢ ᠪᠠᠶᠢᠵᠤ᠂ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠥᠪᠡᠷ ᠥᠪᠡᠷ ᠤᠨ ᠰᠠᠨᠠᠯ ᠢᠶᠠᠨ ᠢᠯᠡᠳᠭᠡᠬᠦ ᠳᠡᠭᠡᠨ ᠤᠶᠤᠨᠯᠢᠭ ᠬᠡᠮᠵᠢᠶ᠎ᠡ ᠳᠤᠮᠵᠢᠶ᠎ᠡ ᠲᠠᠢ ᠪᠠᠶᠢᠵᠤ᠂ ᠬᠠᠤᠯᠢ ᠲᠦᠷᠢᠮ ᠳᠤ ᠨᠡᠶᠢᠴᠡᠭᠰᠡᠨ ᠰᠠᠶᠢᠨ ᠰᠠᠶᠢᠬᠠᠨ ᠵᠥᠪᠯᠡᠬᠦ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠬᠤᠶᠠᠳᠤᠭᠠᠷ ᠲᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠦᠲᠦᠮᠵᠢᠲᠡᠢ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠡᠯ᠎ᠡ ᠵᠦᠢᠯ ᠤᠨ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠴᠢᠬᠤᠯᠠ ᠵᠢᠭᠰᠠᠭᠠᠯ ᠤᠨ ᠭᠠᠵᠠᠷ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠡᠯ᠎ᠡ ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢ ᠬᠥᠮᠦᠰ ᠢ ᠪᠦᠯᠬᠦᠮᠳᠡᠭᠦᠯᠦᠨ ᠬᠥᠮᠦᠵᠢᠭᠦᠯᠬᠦ ᠴᠢᠬᠤᠯᠠ ᠲᠠᠪᠴᠠᠩ᠂ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢᠨ ᠳᠡᠭᠡᠷ᠎ᠡ ᠵᠥᠷᠢᠴᠡᠯ ᠢ ᠰᠢᠢᠳᠪᠦᠷᠢᠯᠡᠬᠦ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠴᠢᠬᠤᠯᠠ ᠠᠷᠭ᠎ᠠ ᠵᠠᠮ ᠪᠣᠯᠬᠤ ᠪᠠᠷ ᠴᠢᠷᠮᠠᠶᠢᠬᠤ ᠬᠡᠷᠡᠭᠲᠡᠢ᠃ ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ ᠬᠡᠷᠡᠭᠲᠡᠢ᠃ ᠭᠤᠷᠪᠠᠳᠤᠭᠠᠷ ᠲᠤ᠂ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠬᠡᠷᠡᠭᠳᠡᠢ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤᠯᠤᠰ ᠣᠷᠣᠨ ᠤ ᠪᠠᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠂ ᠠᠷᠠᠳ ᠲᠦᠮᠡᠨ ᠤ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠰᠡᠳᠭᠢᠯᠭᠡ ᠶᠢ ᠪᠠᠷᠢᠮᠲᠠᠯᠠᠨ᠂ ᠠᠵᠢᠯ ᠦᠢᠯᠡᠰ ᠢᠶᠠᠨ ᠰᠡᠳᠭᠢᠯ ᠳᠡᠭᠡᠨ ᠪᠤᠳᠤᠵᠤ᠂ ᠬᠠᠷᠢᠭᠤᠴᠠᠯᠭ᠎ᠠ ᠡᠭᠦᠷᠭᠡᠯᠡᠨ᠂ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ᠂ ᠤᠯᠤᠰ ᠲᠦᠷᠦ ᠶᠢᠨ ᠵᠣᠭᠰᠣᠯᠲᠠ ᠪᠠᠯᠠᠷᠬᠠᠢ ᠪᠠᠶᠢᠵᠦ ᠪᠤᠯᠬᠤ ᠦᠬᠡᠢ᠂ ᠤᠯᠤᠰ ᠲᠦᠷᠦ ᠶᠢᠨ ᠵᠠᠷᠴᠢᠮ ᠭᠤᠶᠢᠪᠢᠮᠠᠳᠠᠭᠠᠢ ᠪᠠᠶᠢᠵᠤ ᠪᠣᠯᠬᠤ ᠦᠭᠡᠢ ᠭᠡᠵᠦ ᠵᠢᠭᠠᠵᠤ ᠭᠠᠷᠭᠠᠪᠠ᠃

 

 


   :                    
   :           
备案序号:蒙ICP备05003250号 公安备案15010502000173