ᠵᠤᠬᠢᠶᠠᠭᠴᠢ:
ᠴᠠᠭ:2022-03-18
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ ᠲᠣᠭᠲᠠᠭᠠᠵᠤ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠪᠥᠭᠡᠳ ᠡᠷᠴᠢᠮᠲᠡᠢ ᠠᠳᠬᠤᠵᠤ ᠠᠵᠤ ᠠᠬᠤᠢ ᠶᠢᠨ ᠳᠠᠪᠠᠭ᠎ᠠ ᠶᠠᠪᠤᠴᠠ ᠳᠠᠬᠢ ᠲᠣᠭᠲᠠᠭᠤᠨ ᠤᠷᠤᠭᠰᠢᠯᠠᠯᠲᠠ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ
ᠰᠢᠨᠬᠤᠸᠠ ᠬᠤᠷᠢᠶᠠᠨ ᠤ ᠪᠡᠭᠡᠵᠢᠩ ᠤᠨ 2022 3 ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 14 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 《ᠵᠠᠰᠠᠭ ᠤᠨ ᠣᠷᠳᠣᠨ ᠤ ᠠᠵᠢᠯ ᠤᠨ ᠢᠯᠡᠳᠬᠡᠯ》 ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠪᠥᠭᠡᠳ ᠡᠷᠴᠢᠮᠲᠡᠢ ᠠᠳᠬᠤᠵᠤ᠂ ᠠᠵᠤ ᠠᠬᠤᠢ ᠶᠢᠨ ᠳᠠᠪᠠᠭ᠎ᠠ ᠶᠠᠪᠤᠴᠠ ᠳᠠᠬᠢ ᠲᠣᠭᠲᠠᠭᠤᠨ ᠤᠷᠤᠭᠰᠢᠯᠠᠯᠲᠠ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ ᠵᠢᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ ᠬᠢᠨᠠᠨ ᠵᠥᠪᠯᠡᠵᠦ ᠪᠠᠲᠤᠯᠠᠭᠰᠠᠨ 《ᠵᠠᠰᠠᠭ ᠤᠨ ᠣᠷᠳᠣᠨ ᠤ ᠠᠵᠢᠯ ᠤᠨ ᠢᠯᠡᠳᠬᠡᠯ》 ᠨᠢ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠪᠣᠯᠣᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠡᠷᠬᠡᠪᠰᠢ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠶᠢ ᠪᠡᠶᠡᠯᠡᠭᠦᠯᠬᠦ ᠬᠡᠷᠡᠭᠲᠡᠢ ᠭᠡᠵᠡᠢ᠃ ᠬᠤᠷᠠᠯ ᠠᠴᠠ 《ᠵᠠᠰᠠᠭ ᠤᠨ ᠣᠷᠳᠣᠨ ᠤ ᠠᠵᠢᠯ ᠤᠨ ᠢᠯᠡᠳᠬᠡᠯ》 ᠳᠤ ᠳᠤᠷᠠᠳᠤᠭᠰᠠᠨ 44 ᠲᠠᠯ᠎ᠠ ᠶᠢᠨ 52 ᠵᠦᠢᠯ ᠤᠨ ᠭᠤᠣᠯᠳᠠᠯᠭ᠎ᠠ ᠲᠠᠢ ᠠᠵᠢᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠣᠷᠣᠨ ᠨᠤᠲᠤᠭ ᠲᠤ ᠨᠢᠭᠡᠳ ᠨᠢᠭᠡ ᠪᠠᠷ ᠬᠤᠪᠢᠶᠠᠨ ᠥᠭᠭᠦᠭᠰᠡᠨ ᠪᠥᠭᠡᠳ ᠬᠠᠷᠢᠭᠤᠴᠠᠯᠭ᠎ᠠ ᠪᠣᠯᠣᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠢ ᠲᠣᠭᠲᠠᠭᠠᠵᠠᠢ᠃
ᠬᠤᠷᠠᠯ ᠠᠴᠠ ᠴᠢᠬᠤᠯᠠᠴᠢᠯᠠᠬᠤ ᠳᠤ ᠪᠠᠨ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠤᠷᠤᠭᠤᠳᠠᠬᠤ ᠰᠢᠨ᠎ᠡ ᠳᠠᠷᠤᠯᠲᠠ ᠳᠤ ᠲᠤᠯᠭᠠᠷᠠᠵᠤ᠂ ᠬᠦᠴᠢᠷᠳᠡᠯ ᠪᠠ ᠥᠷᠢᠰᠦᠯᠳᠦᠭᠡᠨ ᠨᠡᠮᠡᠭᠳᠡᠵᠦ ᠪᠠᠶᠢᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠦᠶᠡᠯᠡᠯ ᠤᠨ ᠴᠢᠨᠠᠷᠲᠠᠢ ᠲᠣᠬᠢᠷᠠᠭᠤᠯᠤᠯᠲᠠ ᠶᠢ ᠴᠢᠩᠭᠠᠳᠬᠠᠵᠤ᠂ ᠲᠣᠭᠲᠠᠭᠤᠨ ᠢᠶᠠᠷ ᠨᠡᠮᠡᠭᠳᠡᠭᠦᠯᠬᠦ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ᠂ ᠪᠥᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠨᠢᠭᠡ ᠳᠤ᠂ ᠳᠡᠯᠡᠬᠡᠢ ᠶᠢᠨ ᠪᠠᠶᠢᠳᠠᠯ ᠤᠨ ᠬᠤᠪᠢᠷᠠᠯᠲᠠ᠂ ᠭᠤᠣᠯ ᠪᠣᠯᠬᠤ ᠠᠵᠤ ᠠᠬᠤᠢ ᠶᠢᠨ ᠴᠣᠭᠴᠠ ᠶᠢᠨ ᠬᠤᠷᠸ᠎ᠠ ᠲᠦᠷᠦ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠥᠷᠭᠡᠨ ᠬᠡᠷᠡᠭᠴᠡᠭᠡᠨ ᠤ ᠲᠠᠸᠠᠷ ᠤᠨ ᠵᠠᠬ᠎ᠠ ᠳᠡᠯᠭᠡᠭᠦᠷ ᠤᠨ ᠬᠠᠨᠳᠤᠰᠢ ᠵᠡᠷᠭᠡ ᠪᠠ ᠮᠠᠨ ᠤ ᠤᠯᠤᠰ ᠲᠤ ᠦᠵᠡᠭᠦᠯᠬᠦ ᠨᠥᠯᠥᠭᠡ ᠶᠢ ᠨᠢᠭᠲᠠ ᠮᠥᠷᠳᠡᠵᠦ᠂ ᠠᠷᠭ᠎ᠠ ᠬᠡᠮᠵᠢᠶ᠎ᠡ ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠵᠤ ᠠᠬᠤᠢ ᠶᠢᠨ ᠨᠡᠮᠡᠭᠳᠡᠯ᠂ ᠠᠵᠢᠯ ᠣᠯᠭᠤᠯᠲᠠ᠂ ᠪᠠᠷᠠᠭᠠᠨ ᠤ ᠦᠨ᠎ᠡ ᠵᠡᠷᠭᠡ ᠶᠢ ᠵᠦᠢ ᠵᠣᠬᠢᠰᠲᠠᠢ ᠣᠷᠣᠨ ᠵᠠᠢ ᠳᠤ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠬᠤᠷᠸ᠎ᠠ ᠲᠦᠷᠦ ᠶᠢᠨ ᠪᠣᠳᠣᠯᠭ᠎ᠠ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ ᠭᠠᠶᠢᠯᠢ ᠶᠢ ᠪᠤᠴᠠᠭᠠᠵᠤ ᠭᠠᠶᠢᠯᠢ ᠶᠢ ᠬᠥᠩᠭᠡᠯᠡᠬᠦ ᠪᠣᠯ ᠡᠨᠡ ᠵᠢᠯ ᠤᠨ ᠬᠤᠷᠸ᠎ᠠ ᠠᠵᠤ ᠠᠬᠤᠢ ᠶᠢᠨ ᠶᠡᠭᠡ ᠬᠠᠨᠳᠤᠰᠢ ᠶᠢ ᠲᠣᠭᠲᠠᠪᠤᠷᠢᠵᠢᠭᠤᠯᠬᠤ ᠵᠠᠩᠭᠢᠯᠠᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠮᠥᠨ᠂ ᠦᠷᠳᠡᠭ ᠨᠡᠮᠡᠭᠳᠡᠯ ᠤᠨ ᠭᠠᠶᠢᠯᠢ ᠶᠢ ᠦᠯᠡᠳᠡᠭᠡᠬᠦ ᠪᠠ ᠲᠤᠯᠭᠠᠨ ᠪᠤᠴᠠᠭᠠᠬᠤ ᠬᠡᠷᠡᠭᠵᠢᠭᠦᠯᠦᠯᠲᠡ ᠶᠢᠨ ᠲᠥᠰᠥᠯ ᠢ ᠠᠯᠢ ᠲᠦᠷᠭᠡᠨ ᠢᠶᠠᠷ ᠨᠠᠷᠢᠯᠢᠭᠵᠢᠭᠤᠯᠤᠨ ᠨᠡᠶᠢᠲᠡᠯᠡᠵᠦ᠂ ᠪᠤᠴᠠᠭᠠᠬᠤ ᠶᠣᠰᠣᠲᠠᠢ ᠭᠠᠶᠢᠯᠢ ᠶᠢᠨ ᠵᠣᠭᠤᠰ ᠤᠨ ᠲᠦᠷᠭᠡᠨ ᠪᠤᠴᠠᠭᠠᠵᠤ ᠪᠣᠯᠬᠤ ᠶᠢ ᠨᠢ ᠲᠦᠷᠭᠡᠨ ᠪᠤᠴᠠᠭᠠᠵᠤ᠂ ᠲᠣᠭᠲᠠᠭᠠᠭᠰᠠᠨ ᠴᠠᠭ ᠤᠨ ᠬᠢᠵᠠᠭᠠᠷ ᠶᠣᠰᠣᠭᠠᠷ ᠠᠵᠤ ᠠᠬᠤᠶᠢᠯᠠᠯ ᠤᠨ ᠲᠠᠩᠰᠠᠨ ᠳᠤ ᠪᠤᠴᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠤᠭᠡ ᠶᠢᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠤᠰᠤᠳ ᠲᠦᠷᠤ ᠶᠢᠨ ᠪᠣᠳᠣᠯᠭ᠎ᠠ ᠶᠢ ᠳᠡᠮᠵᠢᠬᠦ ᠲᠠᠯ᠎ᠠ ᠪᠠᠷ ᠬᠤᠭᠤᠴᠠᠭ᠎ᠠ ᠶᠢ ᠨᠢ ᠤᠷᠲᠤᠳᠬᠠᠬᠤ᠂ ᠬᠡᠪᠴᠢᠶ᠎ᠡ ᠶᠢ ᠨᠢ ᠥᠷᠭᠡᠳᠬᠡᠬᠦ᠂ ᠬᠦᠴᠦ ᠨᠡᠮᠡᠬᠦ ᠪᠣᠳᠠᠲᠠᠢ ᠲᠣᠬᠢᠷᠠᠭᠤᠯᠤᠯᠲᠠ ᠶᠢ ᠱᠠᠯᠠᠪᠳᠠᠨ ᠰᠤᠳᠤᠯᠬᠤ ᠬᠡᠷᠡᠭᠲᠡᠢ᠃ ᠣᠨᠴᠠ ᠲᠣᠭᠲᠠᠭᠠᠭᠰᠠᠨ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠲᠤᠰᠬᠠᠢ ᠡᠵᠡᠩᠨᠡᠯᠲᠡ ᠶᠢᠨ ᠪᠠᠶᠢᠭᠤᠯᠤᠮᠵᠢ ᠶᠢᠨ ᠬᠠᠤᠯᠢ ᠶᠣᠰᠣᠭᠠᠷ ᠳᠡᠭᠡᠭᠰᠢ ᠲᠤᠰᠢᠶᠠᠭᠰᠠᠨ ᠠᠰᠢᠭ ᠬᠤᠨᠵᠢᠪᠤᠷᠢ ᠶᠢ ᠴᠠᠭ ᠲᠤᠬᠠᠢ ᠳᠤ ᠨᠢ ᠬᠥᠮᠥᠷᠭᠡ ᠳᠤ ᠣᠷᠣᠭᠤᠯᠬᠤ᠂ ᠣᠷᠣᠨ ᠨᠤᠲᠤᠭ ᠤᠨ ᠭᠠᠶᠢᠯᠢ ᠶᠢ ᠬᠥᠩᠭᠡᠯᠡᠨ ᠰᠦᠢᠳᠬᠡᠯ ᠢ ᠪᠠᠭᠤᠷᠠᠭᠤᠯᠬᠤ ᠶᠢ ᠳᠡᠮᠵᠢᠨ ᠰᠢᠯᠵᠢᠭᠦᠯᠦᠨ ᠥᠭᠬᠦ ᠶᠢ ᠬᠤᠲᠠ ᠰᠢᠶᠠᠨ ᠤ ᠦᠨᠳᠦᠰᠦᠨ ᠱᠠᠲᠤᠨ ᠳᠤ ᠴᠠᠭ ᠲᠤᠬᠠᠢ ᠳᠤ ᠨᠢ ᠰᠢᠭᠤᠳ ᠬᠦᠷᠭᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠠᠵᠤ ᠠᠬᠤᠶᠢᠯᠠᠯ ᠢ ᠬᠠᠪᠰᠤᠷᠴᠤ ᠠᠷᠠᠳ ᠲᠤ ᠠᠰᠢᠭ ᠬᠦᠷᠲᠡᠭᠡᠬᠦ ᠡᠳ᠋ ᠤᠨ ᠬᠦᠴᠦᠨ ᠤ ᠲᠤᠯᠭᠠᠭᠤᠷᠢᠯᠠᠯ ᠢ ᠪᠠᠲᠤᠯᠠᠨ᠎ᠠ᠃ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠣᠨᠴᠠᠭᠠᠶ ᠬᠦᠴᠢᠷᠳᠡᠯ ᠲᠠᠢ ᠠᠵᠢᠯ ᠲᠥᠷᠥᠯ ᠳᠤ ᠭᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠬᠦ᠂ ᠡᠨᠧᠷᠭᠢ ᠬᠡᠷᠡᠭᠯᠡᠬᠦ ᠵᠠᠷᠤᠳᠠᠯ ᠢ ᠪᠠᠭᠤᠷᠠᠭᠤᠯᠬᠤ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠪᠣᠳᠠᠲᠠᠢ ᠠᠷᠭ᠎ᠠ ᠬᠡᠮᠵᠢᠶ᠎ᠡ ᠨᠡᠶᠢᠲᠡᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠪᠣᠯᠣᠮᠵᠢᠲᠤ ᠴᠢᠨᠠᠷ ᠢ ᠳᠡᠭᠡᠭᠰᠢᠯᠡᠭᠦᠯᠬᠦ᠂ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠡᠭᠦᠨ ᠤ ᠵᠡᠷᠭᠡᠴᠡᠭᠡ ᠪᠠᠷ᠂ ᠳᠣᠲᠣᠭᠠᠳᠤ ᠬᠡᠷᠡᠭᠴᠡᠭᠡ ᠶᠢ ᠢᠳᠡᠪᠬᠢᠲᠡᠢ ᠥᠷᠭᠡᠳᠬᠡᠵᠦ᠂ ᠬᠡᠷᠡᠭᠯᠡᠭᠡ ᠶᠢᠨ ᠲᠠᠯᠳᠠ ᠬᠦᠴᠦᠨ ᠢ ᠪᠠᠳᠠᠷᠠᠭᠤᠯᠤᠨ ᠪᠦᠲᠦᠮᠵᠢᠲᠡᠶ ᠪᠡᠯᠡ ᠣᠷᠣᠭᠤᠯᠤᠯᠲᠠ ᠶᠢ ᠨᠡᠮᠡᠭᠳᠡᠭᠦᠯᠦᠨ᠎ᠡ᠃ ᠴᠠᠬᠢᠯᠭᠠᠨ ᠬᠦᠴᠦᠨ᠂ ᠨᠡᠭᠦᠷᠡᠰᠦᠨ ᠤ ᠲᠣᠭᠲᠠᠭᠤᠨ ᠬᠠᠩᠭᠠᠯᠭ᠎ᠠ ᠶᠢ ᠪᠠᠲᠤᠯᠠᠨ᠎ᠠ᠃ ᠭᠤᠷᠪᠠ ᠳᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠭᠦᠳᠡ ᠤᠯᠠᠨ ᠢᠶᠠᠷ ᠢᠶᠠᠨ ᠦᠢᠯᠡᠰ ᠪᠣᠰᠬᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠵᠤ᠂ ᠦᠢᠯᠡᠰ ᠪᠣᠰᠬᠠᠵᠤ ᠰᠢᠨ᠎ᠡ ᠶᠢ ᠡᠭᠦᠳᠬᠦ᠂ ᠠᠵᠤ ᠠᠬᠤᠶᠢᠯᠠᠯ ᠤᠨ ᠡᠵᠡᠩᠨᠡᠯᠲᠡ ᠪᠣᠯᠣᠨ ᠰᠠᠭᠤᠭᠠᠯᠢ ᠠᠷᠠᠳ ᠤᠨ ᠬᠡᠷᠡᠭ ᠶᠠᠪᠤᠳᠠᠯ ᠢ ᠰᠢᠢᠳᠪᠦᠷᠢᠯᠡᠬᠦ ᠳᠤ ᠲᠦᠬᠦᠮ ᠦᠵᠡᠭᠦᠯᠬᠦ ᠪᠠᠰᠠ ᠨᠢᠭᠡ ᠪᠦᠯᠦᠭ ᠪᠣᠳᠠᠲᠠᠢ ᠠᠷᠭ᠎ᠠ ᠬᠡᠮᠵᠢᠶ᠎ᠡ ᠶᠢ ᠨᠡᠶᠢᠲᠡᠯᠡᠵᠦ᠂ ᠨᠡᠩ ᠤᠯᠠᠨ ᠤᠴᠢᠷ ᠶᠠᠪᠤᠳᠠᠯ ᠢ ᠣᠨᠳᠣᠣ ᠭᠠᠵᠠᠷ ᠲᠤ ᠰᠢᠢᠳᠪᠦᠷᠢᠯᠡᠬᠦ᠂ ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ ᠶᠢ ᠠᠬᠢᠭᠤᠯᠤᠨ᠎ᠠ᠃ ᠪᠡᠶ᠎ᠡ ᠶᠢᠨ ᠦᠨᠡᠮᠯᠡᠯ ᠢ ᠡᠯᠧᠺᠲᠷᠤᠨᠴᠢᠯᠠᠬᠦ ᠶᠢ ᠠᠬᠢᠭᠤᠯᠵᠤ᠂ ᠺᠣᠳ᠋ ᠰᠢᠷᠪᠢᠬᠦ ᠪᠠᠷ ᠳᠠᠮᠵᠢᠭᠤᠯᠤᠨ ᠪᠡᠶ᠎ᠡ ᠶᠢᠨ ᠦᠨᠡᠮᠯᠡᠯ ᠬᠡᠷᠡᠭᠯᠡᠬᠦ ᠴᠢᠬᠤᠯᠠᠲᠠᠢ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠶᠢᠨ ᠬᠠᠮᠲᠤ ᠣᠯᠠᠨ ᠲᠦᠮᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠪᠠ ᠬᠤᠪᠢ ᠬᠥᠮᠥᠨ ᠤ ᠨᠢᠭᠤᠴᠠ ᠶᠢ ᠰᠠᠶᠢᠲᠤᠷ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯᠴᠢ ᠥᠷᠢᠰᠦᠯᠳᠦᠭᠡᠨ ᠢ ᠬᠠᠮᠠᠭᠠᠯᠠᠨ᠎ᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠲᠦᠷᠭᠡᠳᠬᠡᠨ᠎ᠡ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠳᠬᠠᠬᠤ᠂ ᠰᠠᠭᠤᠷᠢ ᠰᠤᠳᠤᠯᠭᠠᠨ ᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠵᠡᠷᠭᠡ ᠤᠷᠮᠠᠰᠢᠭᠤᠯᠬᠤ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡᠨᠲᠡ ᠲᠣᠭᠲᠠᠭᠠᠭᠰᠠᠨ ᠲᠦᠷᠦ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠳᠥᠷᠪᠡ ᠳᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠵᠢᠷᠦᠬᠡ ᠰᠡᠳᠬᠢᠯ ᠠᠴᠠ ᠪᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠶᠠᠳᠠᠭᠤ ᠠᠴᠠ ᠠᠩᠬᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ᠂ ᠦᠨᠳᠦᠰᠦᠨ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠬᠦᠴᠢᠷᠳᠡᠯ ᠲᠠᠢ ᠤᠯᠠᠨ ᠲᠦᠮᠡᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠬᠤ ᠬᠡᠷᠡᠭᠲᠡᠢ᠃ ᠲᠠᠪᠤ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠲᠤᠯᠭᠠᠮᠳᠠᠭᠤ ᠰᠡᠳᠬᠢᠯᠭᠡ ᠪᠠᠨ ᠴᠢᠩᠭᠠᠳᠬᠠᠵᠤ᠂ ᠡᠭᠦᠷᠭᠡ ᠡᠭᠦᠷᠭᠡᠯᠡᠨ ᠪᠣᠳᠠᠲᠠᠢ ᠪᠠᠷ ᠠᠵᠢᠯᠯᠠᠵᠤ᠂ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠵᠤ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠬᠡᠷᠡᠭᠲᠡᠢ᠃ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠬᠠᠷᠢᠯᠴᠠᠨ ᠲᠦᠯᠬᠢᠯᠴᠡᠬᠦ᠂ ᠠᠯᠪᠠ ᠬᠠᠰᠢᠵᠤ ᠠᠮᠠ ᠪᠥᠭᠯᠡᠬᠦ᠂ 《ᠨᠢᠭᠡ ᠯᠡ ᠠᠳᠠᠯᠢ ᠪᠠᠷ ᠱᠠᠭᠠᠷᠳᠠᠬᠤ》᠂ ᠢᠯᠠᠩᠭᠤᠶ᠎ᠠ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠶᠢ ᠥᠯᠥ ᠬᠠᠶᠢᠬᠤᠷᠬᠤ ᠵᠡᠷᠭᠡ ᠥᠯᠥ ᠦᠢᠯᠡᠳᠬᠦᠢ ᠪᠠ ᠳᠤᠷ᠎ᠠ ᠪᠠᠷ ᠦᠢᠯᠡᠳᠬᠦᠢ ᠶᠢ ᠰᠡᠷᠭᠡᠶᠢᠯᠡᠨ ᠵᠠᠯᠠᠷᠠᠭᠤᠯᠵᠤ᠂ ᠡᠯ᠎ᠡ ᠵᠦᠢᠯ ᠤᠨ ᠠᠵᠢᠯ ᠳᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃