ᠵᠤᠬᠢᠶᠠᠭᠴᠢ: ᠴᠠᠭ:2022-03-11 ᠥᠵᠡᠭᠰᠡᠨ : ᠢᠷᠡᠯᠲᠡ:  《ᠥᠪᠥᠷ ᠮᠣᠩᠭᠤᠯ ᠤᠨ ᠡᠳᠦᠷ ᠤᠨ ᠰᠣᠨᠢᠨ》  
ᠰᠢ ᠶᠢᠨ ᠫᠢᠩ ᠹᠷᠠᠨᠼᠢ ᠭᠧᠷᠮᠠᠨ ᠤ ᠤᠳᠤᠷᠢᠳᠬᠤ ᠬᠥᠮᠦᠨ ᠲᠠᠢ ᠸᠢᠳᠢᠣ᠋ ᠲᠦᠷᠦᠭᠦᠴᠦᠳ ᠤᠨ ᠬᠤᠷᠠᠯ ᠬᠤᠷᠠᠯᠳᠤᠭᠤᠯᠪᠠ

 

ᠤᠯᠤᠰ ᠤᠨ ᠲᠡᠷᠢᠭᠦᠯᠡᠭᠴᠢ ᠰᠢ ᠶᠢᠨ ᠫᠢᠩ  2022  3   ᠰᠠᠷ᠎ᠠ ᠶᠢᠨ 8 ᠤ   ᠦᠳᠡ ᠶᠢᠨ ᠬᠤᠶᠢᠨ᠎ᠠ ᠪᠡᠭᠡᠵᠢᠩ ᠳᠤ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ᠂ ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠸᠢᠳᠢᠣ᠋   ᠤᠨ ᠬᠤᠷᠠᠯ ᠬᠤᠷᠠᠯᠳᠤᠭᠤᠯᠪᠠ᠃

ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ  ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠰᠣᠯᠪᠢᠴᠠᠵᠤ᠂ ᠪᠦᠬᠦ ᠪᠥᠮᠪᠥᠷᠴᠡᠭ ᠤᠨ ᠴᠢᠨᠠᠷᠲᠠᠢ ᠮᠠᠰᠢ ᠤᠯᠠᠨ ᠥᠷᠢᠰᠥᠯᠳᠦᠭᠡᠨ ᠳᠤ ᠲᠤᠯᠭᠠᠷᠠᠵᠠᠢ᠂ ᠡᠬᠦᠨ ᠳᠤ ᠪᠦᠬᠦ ᠪᠥᠮᠪᠥᠷᠴᠡᠭ ᠤᠨ ᠴᠢᠨᠠᠷᠲᠠᠢ ᠬᠠᠮᠲᠤᠷᠠᠯᠴᠠᠭ᠎ᠠ ᠬᠢᠬᠦ ᠴᠢᠬᠤᠯᠠᠳᠠᠢ᠃ ᠳᠤᠮᠳᠠᠳᠤ ᠧᠦ᠋ᠷᠣᠫᠠ ᠡᠩᠬᠡ ᠲᠠᠶᠢᠪᠤᠩ ᠢ ᠡᠷᠢᠯᠬᠢᠯᠡᠬᠦ᠂ ᠬᠥᠭᠵᠢᠯᠲᠡ ᠶᠢ ᠡᠷᠢᠯᠬᠢᠯᠡᠬᠦ᠂ ᠬᠠᠮᠲᠤᠷᠠᠯᠴᠠᠭ᠎ᠠ ᠶᠢ ᠠᠬᠢᠭᠤᠯᠬᠤ ᠲᠠᠯ᠎ᠠ ᠪᠠᠷ ᠮᠠᠰᠢ ᠤᠯᠠᠨ ᠬᠠᠮᠲᠤ ᠶᠢᠨ ᠦᠭᠡ ᠬᠡᠯᠡ ᠲᠠᠢ ᠶᠤᠮ᠃ ᠪᠢᠳᠡ ᠬᠠᠷᠢᠭᠤᠴᠠᠯᠭ᠎ᠠ ᠡᠭᠦᠷᠭᠡᠯᠡᠵᠦ᠂ ᠣᠷᠤᠭ᠎ᠠ ᠪᠤᠰᠬᠠᠭ᠎ᠠ ᠬᠤᠪᠢᠷᠠᠯᠲᠠ ᠶᠡᠬᠡᠲᠡᠢ ᠳᠡᠯᠡᠬᠡᠢ ᠶᠢᠷᠲᠢᠨᠴᠦ ᠳᠤ ᠨᠡᠩ ᠤᠯᠠᠨ ᠲᠣᠭᠲᠠᠪᠤᠷᠢᠲᠤ ᠴᠢᠨᠠᠷ ᠪᠠ ᠲᠣᠭᠲᠠᠯᠭᠠᠳᠤ ᠴᠢᠨᠠᠷ ᠢ ᠨᠡᠮᠡᠷᠢᠯᠡᠶ᠎ᠡ᠃ ᠬᠤᠶᠠᠷ ᠲᠠᠯ᠎ᠠ ᠪᠠᠷ ᠢᠶᠠᠨ ᠶᠠᠷᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭ᠎ᠠ ᠪᠠᠨ ᠪᠠᠷᠢᠮᠲᠠᠯᠠᠵᠤ᠂ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠶ᠎ᠠ᠃ ᠳᠤᠮᠳᠠᠳᠤ ᠤᠯᠤᠰ ᠤᠨ ᠬᠥᠭᠵᠢᠯᠲᠡ ᠨᠢ ᠳᠤᠮᠳᠠᠳᠤ ᠧᠦ᠋ᠷᠣᠫᠠ ᠶᠢᠨ ᠬᠠᠮᠲᠤᠷᠠᠯᠴᠠᠭ᠎ᠠ ᠳᠤ ᠨᠡᠩ ᠶᠡᠭᠡ ᠣᠷᠣᠨ ᠵᠠᠢ ᠠᠪᠴᠢᠷᠠᠬᠤ ᠪᠣᠯᠤᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠵᠠᠷᠴᠢᠮ ᠢᠶᠠᠷ ᠪᠣᠬᠢᠷᠲᠤᠯ ᠦᠭᠡᠢ᠂ ᠲᠣᠭᠠᠴᠢᠯᠠᠭᠰᠠᠨ ᠬᠠᠨᠢᠲᠠᠨ ᠤ ᠬᠠᠷᠢᠯᠴᠠᠭ᠎ᠠ ᠪᠣᠯᠤᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠶ᠎ᠡ᠃ ᠬᠤᠶᠠᠷ ᠲᠠᠯ᠎ᠠ ᠪᠠᠷ ᠢᠶᠠᠨ ᠤᠯᠠᠨ ᠲᠠᠯᠠᠲᠤ ᠦᠵᠡᠯ ᠢ ᠦᠷᠭᠦᠯᠵᠢᠯᠡᠨ ᠪᠠᠷᠢᠮᠲᠠᠯᠠᠵᠤ᠂ ᠪᠦᠬᠦ ᠪᠥᠮᠪᠥᠷᠴᠡᠭ ᠤᠨ ᠴᠢᠨᠠᠷᠲᠠᠢ ᠴᠢᠬᠤᠯᠠ ᠵᠥᠪᠯᠡᠬᠦ ᠵᠦᠢᠯ ᠢ ᠠᠬᠢᠭᠤᠯᠤᠶ᠎ᠠ ᠭᠡᠵᠤ ᠵᠢᠭᠠᠵᠤ ᠭᠠᠷᠭᠠᠪᠠ᠃

ᠮᠠᠶᠢᠺᠷᠤᠨ᠂ ᠱᠦᠸᠧᠷᠼᠢ᠂ ᠳᠤᠮᠳᠠᠳᠤ ᠤᠯᠤᠰ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ  ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠭᠰᠡᠨ ᠳᠤ ᠪᠠᠶᠠᠷ ᠬᠦᠷᠭᠡᠵᠦ ᠪᠠᠶᠢᠨ᠎ᠠ᠃ ᠣᠳᠣᠬᠠᠨ ᠤ ᠳᠡᠯᠡᠬᠡᠢ ᠶᠢᠷᠲᠢᠨᠴᠦ ᠮᠠᠰᠢ ᠤᠯᠠᠨ ᠥᠷᠢᠰᠥᠯᠳᠦᠭᠡᠨ ᠳᠤ ᠲᠤᠯᠭᠠᠷᠠᠵᠤ᠂ ᠭᠠᠭᠴᠠᠭᠠᠷ ᠲᠡᠮᠡᠴᠡᠬᠦ ᠨᠢ ᠪᠠᠶᠢᠳᠠᠯ ᠢ ᠮᠠᠭᠤᠳᠠᠭᠤᠯᠬᠤ ᠲᠡᠳᠦᠢ ᠶᠤᠮ᠃ ᠧᠦ᠋ᠷᠣᠫᠠ ᠶᠢᠨ ᠬᠢᠨ ᠳᠤᠮᠳᠠᠳᠤ ᠤᠯᠤᠰ ᠤᠨ ᠳᠡᠯᠡᠬᠡᠢ ᠶᠢᠨ ᠬᠡᠷᠡᠭ ᠶᠠᠪᠤᠳᠠᠯ ᠳᠤᠮᠳᠠ ᠦᠵᠡᠭᠦᠯᠬᠦ ᠴᠢᠬᠤᠯᠠ ᠪᠥᠭᠡᠳ ᠢᠳᠡᠪᠬᠢᠲᠡᠢ ᠦᠢᠯᠡᠳᠦᠯ ᠢ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠬᠠᠮᠲᠤᠷᠠᠯᠴᠠᠵᠤ᠂ ᠠᠭᠤᠷ ᠠᠮᠢᠰᠬᠤᠯ ᠤᠨ ᠬᠤᠪᠢᠷᠠᠯᠲᠠ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠴᠢᠬᠤᠯᠠ ᠶᠡᠭᠡ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠬᠠᠮᠲᠤ ᠪᠠᠷ ᠴᠢᠷᠮᠠᠶᠢᠨ ᠰᠢᠢᠳᠪᠦᠷᠢᠯᠡᠨ᠎ᠡ᠃ ᠧᠦ᠋ᠷᠣᠫᠠ  ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠧᠦ᠋ᠷᠣᠫᠠ ᠳᠤᠮᠳᠠᠳᠤ ᠶᠢᠨ ᠤᠳᠤᠷᠢᠳᠬᠤ ᠬᠥᠮᠦᠰ ᠤᠨ ᠠᠭᠤᠯᠵᠠᠯᠲᠠ ᠶᠢ ᠰᠠᠶᠢᠲᠤᠷ ᠡᠷᠬᠢᠯᠡᠵᠦ᠂ ᠹᠷᠠᠨᠼᠢ ᠳᠤᠮᠳᠠᠳᠤ᠂ ᠭᠧᠷᠮᠠᠨ ᠳᠤᠮᠳᠠᠳᠤ ᠵᠢᠴᠢ ᠧᠦ᠋ᠷᠣᠫᠠ ᠳᠤᠮᠳᠠᠳᠤ ᠶᠢᠨ ᠬᠠᠷᠢᠯᠴᠠᠭ᠎ᠠ ᠶᠢᠨ ᠲᠠᠰᠤᠷᠠᠯᠲᠠ ᠦᠭᠡᠢ ᠤᠷᠤᠭᠰᠢ ᠬᠥᠭᠵᠢᠬᠦ ᠶᠢ ᠠᠬᠢᠭᠤᠯᠤᠨ᠎ᠠ ᠭᠡᠵᠦ ᠢᠯᠡᠳᠭᠡᠪᠡ᠃

ᠬᠤᠶᠠᠷ ᠲᠠᠯ᠎ᠠ ᠪᠠᠷ ᠢᠶᠠᠨ ᠭᠤᠣᠯᠳᠠᠭᠤ ᠣᠳᠣᠬᠠᠨ ᠤ ᠦᠺᠷᠠᠶᠢᠨ ᠤ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃

ᠮᠠᠶᠢᠺᠷᠤᠨ᠂ ᠱᠦᠸᠧᠷᠼᠢ ᠣᠳᠣᠬᠠᠨ ᠤ ᠦᠺᠷᠠᠶᠢᠨ ᠤ ᠪᠠᠶᠢᠳᠠᠯ ᠤᠨ ᠲᠤᠬᠠᠶ ᠦᠵᠡᠯᠲᠡ ᠪᠠ ᠵᠣᠭᠰᠣᠯᠲᠠ ᠪᠠᠨ ᠲᠠᠨᠢᠯᠴᠠᠭᠤᠯᠵᠤ᠂ ᠧᠦ᠋ᠷᠣᠫᠠ ᠲᠢᠪ ᠶᠠᠭ ᠳᠡᠯᠡᠬᠡᠶ ᠶᠢᠨ ᠬᠤᠶᠠᠳᠤᠭᠠᠷ ᠳᠠᠶᠢᠨ ᠠᠴᠠ ᠨᠠᠭᠠᠰᠢᠬᠢ ᠬᠠᠮᠤᠭ ᠤᠨ ᠬᠦᠨᠳᠦ ᠨᠣᠴᠢᠲᠠᠶ ᠬᠢᠮᠤᠷᠠᠯ ᠳᠤ ᠲᠤᠯᠭᠠᠷᠠᠵᠤ ᠪᠠᠶᠢᠨ᠎ᠠ᠂ ᠹᠷᠠᠨᠼᠢ ᠭᠧᠷᠮᠠᠨ ᠬᠡᠯᠡᠯᠴᠡᠭᠡ ᠪᠠᠷ ᠳᠠᠮᠵᠢᠭᠤᠯᠤᠨ ᠠᠰᠠᠭᠤᠳᠠᠯ ᠢ ᠰᠢᠶᠳᠪᠦᠷᠢᠯᠡᠬᠦ ᠶᠢ ᠳᠡᠮᠵᠢᠵᠦ᠂ ᠡᠩᠬᠡ ᠲᠠᠶᠢᠪᠤᠩ ᠳᠤ ᠲᠣᠬᠢᠶᠠᠯ ᠣᠯᠭᠤᠨ᠎ᠠ᠃ ᠳᠤᠮᠳᠠᠳᠤ ᠤᠯᠤᠰ ᠤᠨ ᠳᠤᠷᠠᠳᠤᠭᠰᠠᠨ ᠬᠥᠮᠦᠯᠢᠭ ᠦᠵᠡᠯ ᠤᠨ ᠪᠠᠶᠢᠳᠠᠯ ᠤᠨ ᠰᠠᠨᠠᠭᠠᠴᠢᠯᠠᠭ᠎ᠠ ᠳᠤ ᠲᠠᠯᠠᠷᠬᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠢᠳᠬᠠᠨ ᠡᠪᠰᠡᠭᠦᠯᠵᠦ ᠬᠡᠯᠡᠯᠴᠡᠭᠡ ᠬᠢᠬᠦ ᠶᠢ ᠠᠬᠢᠭᠤᠯᠵᠤ᠂ ᠪᠠᠶᠢᠳᠠᠯ ᠤᠨ ᠤᠯᠠᠮ ᠴᠢᠨᠠᠭᠰᠢᠳᠠ ᠰᠢᠷᠦᠭᠦᠰᠭᠦ ᠠᠴᠠ ᠵᠠᠶᠢᠯᠠᠰᠭᠢᠵᠦ᠂ ᠨᠡᠩ ᠬᠦᠨᠳᠦ ᠨᠣᠴᠢᠲᠠᠢ ᠬᠥᠮᠦᠯᠢᠭ ᠦᠵᠡᠯ ᠤᠨ ᠬᠢᠮᠤᠷᠠᠯ ᠡᠭᠦᠰᠭᠦ ᠠᠴᠠ ᠵᠠᠶᠢᠯᠠᠰᠭᠢᠨ᠎ᠠ ᠭᠡᠵᠦ ᠢᠯᠡᠳᠭᠡᠵᠡᠭᠡᠪᠡ᠃

ᠰᠢ ᠶᠢᠨ ᠫᠢᠩ᠂ ᠣᠳᠣᠬᠠᠨ ᠳᠤ ᠦᠺᠷᠠᠶᠢᠨ ᠤ ᠪᠠᠶᠢᠳᠠᠯ ᠬᠥᠮᠦᠰ ᠢ ᠰᠠᠨᠠᠭᠠᠰᠢᠷᠠᠭᠤᠯᠵᠤ ᠪᠠᠶᠢᠨ᠎ᠠ᠂ ᠳᠤᠮᠳᠠᠳᠤ ᠤᠯᠤᠰ ᠧᠦ᠋ᠷᠣᠫᠠ ᠲᠢᠪ ᠤᠨ ᠡᠬᠡ ᠬᠠᠭᠤᠷᠠᠢ ᠳᠤ ᠳᠠᠬᠢᠨ ᠳᠠᠶᠢᠨ ᠤ ᠭᠠᠯ ᠭᠠᠷᠤᠭᠰᠠᠨ ᠳᠤ ᠲᠤᠶᠢᠯ ᠢᠶᠠᠷ ᠬᠠᠷᠠᠮᠰᠠᠵᠤ ᠪᠠᠶᠢᠨ᠎ᠠ᠃ ᠡᠯ᠎ᠡ ᠤᠯᠤᠰ ᠤᠨ ᠡᠷᠬᠡ ᠮᠡᠳᠡᠯ᠂ ᠨᠤᠲᠤᠭ ᠳᠡᠪᠢᠰᠭᠡᠷ ᠤᠨ ᠪᠦᠷᠢᠨ ᠪᠦᠲᠦᠨ ᠪᠠᠶᠢᠬᠤ ᠶᠢ ᠴᠥᠮ ᠬᠦᠨᠳᠦᠳᠭᠡᠪᠡᠯ ᠵᠤᠬᠢᠨ᠎ᠠ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠴᠥᠮ ᠵᠢᠷᠤᠮᠯᠠᠪᠠᠯ ᠵᠤᠬᠢᠨ᠎ᠠ᠂ ᠡᠯ᠎ᠡ ᠤᠯᠤᠰ ᠤᠨ ᠵᠦᠢ ᠶᠣᠰᠣᠨ ᠤ ᠠᠮᠤᠷ ᠲᠦᠪᠰᠢᠨ ᠤ ᠠᠩᠬᠠᠷᠤᠯ ᠢ ᠴᠥᠮ ᠴᠢᠬᠤᠯᠠᠴᠢᠯᠠᠪᠠᠯ ᠵᠤᠬᠢᠨ᠎ᠠ᠂ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠴᠢᠷᠮᠠᠶᠢᠯᠭ᠎ᠠ ᠪᠦᠬᠦᠨ ᠢ ᠴᠥᠮ ᠳᠡᠮᠵᠢᠪᠡᠯ ᠵᠤᠬᠢᠨ᠎ᠠ ᠭᠡᠵᠦ ᠳᠤᠮᠳᠠᠳᠤ ᠤᠯᠤᠰ ᠰᠠᠨᠠᠭᠠᠴᠢᠯᠠᠵᠤ ᠪᠠᠶᠢᠨ᠎ᠠ᠃ ᠪᠠᠶᠢᠳᠠᠯ ᠰᠢᠷᠦᠬᠦᠰᠬᠦ᠂ ᠴᠢᠨᠠᠭᠰᠢᠯᠠᠪᠠᠯ ᠡᠵᠡᠮᠰᠢᠯ ᠢᠶᠠᠨ ᠠᠯᠳᠠᠬᠤ ᠠᠴᠠ ᠵᠠᠶᠢᠯᠠᠰᠭᠢᠬᠦ ᠪᠣᠯ ᠣᠳᠣᠬᠠᠨ ᠤ ᠪᠠᠴᠢᠮ ᠡᠭᠦᠷᠭᠡ ᠪᠣᠯᠤᠨ᠎ᠠ᠃ ᠹᠷᠠᠨᠼᠢ ᠭᠧᠷᠮᠠᠨ ᠤ ᠬᠢᠨ ᠦᠺᠷᠠᠶᠢᠨ ᠤ ᠪᠠᠶᠢᠳᠠᠯ ᠢ ᠵᠣᠬᠢᠴᠠᠭᠤᠯᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠳᠤᠮᠳᠠᠳᠤ ᠤᠯᠤᠰ ᠮᠠᠭᠲᠠᠨ ᠰᠠᠶᠢᠰᠢᠶᠠᠵᠤ ᠪᠠᠶᠢᠨ᠎ᠠ᠂ ᠳᠤᠷᠠᠲᠠᠶ᠎ᠠ ᠹᠷᠠᠨᠼᠢ᠂ ᠭᠧᠷᠮᠠᠨ ᠪᠣᠯᠤᠨ ᠧᠦ᠋ᠷᠣᠫᠠ ᠲᠢᠪ ᠤᠨ ᠬᠢᠨ ᠲᠠᠢ ᠤᠯᠤᠯᠴᠠᠭ᠎ᠠ ᠵᠣᠬᠢᠴᠠᠭᠤᠯᠭ᠎ᠠ ᠪᠠᠨ ᠪᠠᠲᠤᠯᠠᠵᠤ᠂ ᠲᠤᠬᠠᠢ ᠶᠢᠨ ᠭᠠᠵᠠᠷ ᠤᠨ ᠡᠯ᠎ᠡ ᠲᠠᠯ᠎ᠠ ᠶᠢᠨ ᠬᠡᠷᠡᠭᠴᠡᠭᠡ ᠶᠢ ᠦᠨᠳᠦᠰᠦᠯᠡᠨ᠂ ᠳᠡᠯᠡᠬᠡᠢ ᠨᠡᠶᠢᠭᠡᠮ ᠲᠠᠢ ᠬᠠᠮᠲᠤ ᠪᠠᠷ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠴᠢᠬᠤᠯᠠᠴᠢᠯᠠᠪᠠ᠃

ᠰᠢ ᠶᠢᠨ ᠫᠢᠩ᠂ ᠪᠢᠳᠡ ᠤᠷᠤᠰ ᠦᠺᠷᠠᠶᠢᠠ ᠤ ᠨᠠᠶᠢᠷᠠᠮᠳᠠᠯ ᠤᠨ ᠬᠡᠯᠡᠯᠴᠡᠭᠡ ᠶᠢ ᠬᠠᠮᠲᠤ ᠪᠠᠷ ᠳᠡᠮᠵᠢᠵᠦ᠂ ᠬᠤᠶᠠᠷ ᠲᠠᠯ᠎ᠠ ᠶᠢᠨ ᠬᠡᠯᠡᠯᠴᠡᠭᠡ ᠶᠢᠨ ᠬᠠᠨᠳᠤᠰᠢ ᠪᠠᠨ ᠬᠠᠮᠠᠭᠠᠯᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠦᠷᠭᠦᠯᠵᠢᠯᠡᠨ ᠶᠠᠷᠢᠯᠴᠠᠵᠤ᠂ ᠦᠷ᠎ᠡ ᠳ᠋ᠦᠩ ᠲᠠᠢ ᠪᠤᠯᠭᠠᠵᠦ᠂ ᠬᠡᠯᠡᠯᠴᠡᠭᠡ ᠪᠠᠷ ᠡᠩᠬᠡ ᠲᠠᠶᠢᠪᠤᠩ ᠠᠪᠴᠢᠷᠠᠬᠤ ᠶᠢ ᠠᠬᠢᠭᠤᠯᠤᠶ᠎ᠠ᠃ ᠪᠢᠳᠠ ᠬᠠᠮᠤᠭ ᠤᠨ ᠶᠡᠭᠡ ᠬᠡᠮᠵᠢᠶᠡᠨ ᠤ ᠬᠦᠯᠢᠴᠡᠩᠭᠦᠢ ᠪᠠᠶᠢᠳᠠᠯ ᠢᠶᠠᠨ ᠪᠠᠳᠤᠯᠠᠬᠤ ᠶᠢ ᠤᠷᠢᠶᠠᠯᠠᠵᠤ᠂ ᠶᠡᠭᠡ ᠬᠡᠪᠴᠢᠶᠡᠨ ᠤ ᠬᠥᠮᠦᠯᠢᠭ ᠦᠵᠡᠯ ᠤᠨ ᠬᠢᠮᠤᠷᠠᠯ ᠡᠭᠦᠰᠭᠦ ᠶᠢ ᠰᠡᠷᠭᠡᠶᠢᠯᠡᠶ᠎ᠠ᠃ ᠳᠤᠮᠳᠠᠳᠤ ᠤᠯᠤᠰ ᠦᠺᠷᠠᠶᠢᠨ ᠤ ᠬᠥᠮᠦᠯᠢᠭ ᠦᠵᠡᠯ ᠤᠨ ᠪᠠᠶᠢᠳᠠᠯ ᠤᠨ ᠲᠤᠬᠠᠶ ᠵᠢᠷᠭᠤᠭᠠᠨ ᠲᠠᠯ᠎ᠠ ᠶᠢᠨ ᠰᠠᠨᠠᠭᠠᠴᠢᠯᠠᠭ᠎ᠠ ᠶᠢ ᠳᠤᠷᠠᠳᠴᠤ᠂ ᠳᠤᠷᠠᠲᠠᠶ᠎ᠠ ᠦᠺᠷᠠᠶᠢᠨ ᠳᠤ ᠤᠯᠠᠮ ᠴᠢᠨᠠᠬᠰᠢᠳᠠ ᠬᠥᠮᠦᠯᠢᠭ ᠦᠵᠡᠯ ᠤᠨ ᠡᠳ᠋ ᠪᠣᠳᠠᠰ ᠤᠨ ᠲᠤᠰᠠᠯᠠᠮᠵᠢ ᠬᠠᠩᠭᠠᠨ᠎ᠠ᠃ ᠪᠢᠳᠠ ᠬᠠᠮᠲᠤ ᠪᠠᠷ ᠴᠢᠷᠮᠠᠶᠢᠵᠤ ᠬᠢᠮᠤᠷᠠᠯ ᠤᠨ ᠪᠤᠢ ᠪᠣᠯᠭᠠᠭᠰᠠᠨ ᠨᠠᠵᠠᠭᠠᠶ ᠨᠥᠯᠥᠭᠡ ᠶᠢ ᠪᠠᠭᠠᠰᠬᠠᠶ᠎ᠠ᠃ ᠬᠤᠯᠪᠣᠭᠳᠠᠯ ᠪᠥᠬᠦᠶ ᠵᠠᠯᠬᠠᠭᠠᠯ ᠨᠢ ᠪᠥᠬᠦ ᠪᠥᠮᠪᠥᠷᠴᠡᠭ ᠤᠨ ᠮᠥᠩᠭᠦᠨ ᠭᠦᠶᠯᠭᠡᠭᠡ᠂ ᠡᠨᠧᠷᠭᠢ᠂ ᠵᠠᠮ ᠬᠠᠷᠢᠯᠴᠠᠭ᠎ᠠ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠳᠠᠯ ᠳᠤ ᠴᠥᠮ ᠲᠠᠭᠠᠷᠢᠯᠲᠠ ᠤᠴᠠᠷᠠᠭᠤᠯᠵᠤ᠂ ᠬᠢᠵᠢᠭ ᠤᠨ ᠪᠠᠶᠢᠳᠠᠯ ᠤᠨ ᠳᠤᠤᠷ᠎ᠠ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ ᠪᠠᠶᠢᠭ᠎ᠠ ᠳᠡᠯᠡᠬᠡᠶ ᠶᠢᠨ ᠠᠵᠤ ᠠᠬᠤᠶ ᠶᠢ ᠬᠤᠶᠢᠰᠢ ᠲᠠᠲᠠᠵᠦ᠂ ᠡᠯ᠎ᠡ ᠲᠠᠯ᠎ᠠ ᠶᠢᠨ ᠬᠢᠨ ᠳᠤ ᠴᠥᠮ ᠠᠰᠢᠭ ᠥᠬᠡᠶ ᠶᠤᠮ᠃ ᠪᠢᠳᠡ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠢᠳᠡᠪᠬᠢᠲᠡᠢ ᠰᠠᠨᠠᠭᠠᠴᠢᠯᠠᠶ᠎ᠠ᠃ ᠳᠤᠮᠳᠠᠳᠤ ᠤᠯᠤᠰ ᠹᠷᠠᠨᠼᠢ ᠭᠧᠷᠮᠠᠨ ᠬᠤᠶᠠᠷ ᠤᠯᠤᠰ ᠤᠨ ᠧᠦ᠋ᠷᠣᠫᠠ ᠲᠢᠪ ᠤᠨ ᠲᠤᠰ ᠪᠡᠶ᠎ᠡ ᠶᠢᠨ ᠠᠰᠢᠭ ᠲᠤᠰᠠ ᠠᠴᠠ ᠡᠭᠦᠰᠴᠦ᠂ ᠧᠦ᠋ᠷᠣᠫᠠ ᠲᠢᠪ ᠤᠨ ᠥᠨᠢ ᠤᠳᠠᠭᠠᠨ ᠤ ᠠᠮᠤᠷ ᠲᠦᠪᠰᠢᠨ ᠤ ᠲᠥᠯᠥᠭᠡ ᠪᠣᠳᠣᠯᠬᠢᠯᠠᠵᠤ᠂ ᠪᠠᠶᠢᠯᠳᠤᠬᠤ ᠪᠤᠳᠤᠯᠭ᠎ᠠ ᠶᠢᠨ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠧᠦ᠋ᠷᠣᠫᠠ ᠲᠢᠪ ᠤᠨ ᠠᠮᠤᠷ ᠲᠦᠪᠰᠢᠨ ᠤ ᠪᠣᠷᠣ ᠲᠥᠯᠥᠪ ᠤᠨ ᠪᠠᠶᠢᠭᠤᠯᠤᠯᠳᠠ ᠶᠢ ᠠᠬᠢᠭᠤᠯᠬᠤ ᠶᠢ ᠲᠡᠮᠵᠢᠨ᠎ᠠ᠃ ᠳᠤᠮᠳᠠᠳᠤ ᠤᠯᠤᠰ ᠪᠠᠰᠠ ᠧᠦ᠋ᠷᠣᠫᠠ ᠲᠢᠪ ᠤᠷᠤᠰ ᠠᠮᠧᠷᠢᠺᠠ ᠵᠢᠴᠢ ᠤᠮᠠᠷᠠᠲᠤ ᠠᠲᠯᠠᠨᠲ ᠳᠠᠯᠠᠢ ᠶᠢᠨ ᠭᠡᠷ᠎ᠡ ᠶᠢᠨ ᠵᠣᠬᠢᠶᠠᠨ ᠪᠠᠶᠢᠭᠤᠯᠤᠯᠲᠠ ᠡᠷᠬᠡ ᠲᠡᠭᠰᠢ ᠶᠠᠷᠢᠯᠴᠠᠭ᠎ᠠ ᠥᠷᠨᠢᠭᠦᠯᠬᠦ ᠶᠢ ᠠᠬᠢᠭᠤᠯᠬᠤ ᠲᠤᠷᠠᠲᠠᠢ ᠪᠠᠶᠢᠨ᠎ᠠ ᠭᠡᠵᠦ ᠴᠢᠬᠤᠯᠠᠴᠢᠯᠠᠪᠠ᠃

ᠬᠤᠶᠠᠷ ᠲᠠᠯ᠎ᠠ ᠪᠠᠷ ᠢᠶᠠᠨ ᠪᠠᠰᠠ ᠢᠷᠠᠨ ᠤ ᠴᠥᠮ᠎ᠡ ᠶᠢᠨ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃

ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠸᠠᠩ ᠢ᠂ ᠡᡁᠧ ᠯᠢ ᠹᠧᠩ ᠨᠠᠷ ᠬᠤᠷᠠᠯ ᠳᠤ ᠣᠷᠣᠯᠴᠠᠵᠠᠢ᠃

 

 

 


   :                    
   :           
备案序号:蒙ICP备05003250号 公安备案15010502000173