ᠵᠤᠬᠢᠶᠠᠭᠴᠢ: ᠴᠠᠭ:2022-03-11 ᠥᠵᠡᠭᠰᠡᠨ : ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》  
ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤᠭᠤᠶᠢᠯᠠᠩ ᠬᠤᠪᠢᠶᠠᠵᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ   ᠱᠢ ᠲᠠᠢ ᠹᠧᠩ   ᠸᠠᠩ ᠯᠢ ᠰᠢᠶᠠ   ᠯᠢ ᠰᠢᠤ ᠯᠢᠩ   ᠯᠢ ᠵᠶᠢ ᠾᠧᠩ   ᠪᠦ᠋ ᠰᠢᠶᠤᠤ ᠯᠢᠨ ᠹᠦ᠋ ᠶᠢᠩ ᠦᠭᠡ ᠬᠡᠯᠡᠪᠡ

 

2022  3   ᠰᠠᠷ᠎ᠠ ᠶᠢᠨ 8 ᠤ   ᠦᠳᠡ ᠶᠢᠨ ᠬᠤᠶᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠳᠤᠭᠤᠶᠢᠯᠠᠩ ᠤᠨ ᠬᠤᠷᠠᠯ ᠬᠢᠵᠦ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃

ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ ᠦᠭᠡ ᠬᠡᠯᠡᠵᠦ᠂ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ᠂ ᠯᠢ ᠰᠢᠤ ᠯᠢᠩ ᠦᠭᠡ ᠬᠡᠯᠡᠵᠦ᠂ ᠯᠢᠨ ᠱᠤᠤ ᠴᠦᠨ᠂ ᠯᠢ ᠷᠦᠡᠭ ᠰᠢ ᠲᠣᠰ ᠲᠣᠰ ᠳᠤᠭᠤᠶᠢᠯᠠᠩ ᠤᠨ ᠬᠤᠷᠠᠯ ᠢ ᠡᠷᠭᠢᠯᠡᠭᠰᠡᠨ ᠪᠥᠭᠡᠳ ᠦᠭᠡ ᠬᠡᠯᠡᠪᠡ᠃ ᠶᠡᠭᠡ ᠬᠤᠷᠠᠯ ᠤᠨ ᠲᠣᠪᠴᠢ ᠮᠡᠳᠡᠭᠡ ᠶᠢᠨ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠰᠠᠨᠠᠯ ᠢ ᠰᠣᠨᠣᠰᠴᠠᠢ᠃

ᠱᠢ ᠲᠠᠢ ᠹᠧᠩ ᠲᠥᠯᠥᠭᠡᠯᠡᠭᠴᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ ᠳᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠨᠡᠶᠢᠳᠡᠮ ᠂ ᠪᠠᠶᠢᠭᠤᠯᠤᠯ ᠤᠨ ᠮᠡᠳᠡᠭᠦᠯᠦᠯᠲᠡ  ᠢᠯᠡᠷᠡᠭᠦᠯᠵᠦ᠂ ᠬᠠᠤᠯᠢᠵᠢᠯ ᠤᠨ ᠵᠣᠷᠢᠭ ᠰᠠᠨᠠᠭ᠎ᠠ ᠪᠠᠷ ᠪᠢᠯᠬᠠᠵᠤ᠂ ᠢᠲᠡᠭᠡᠯ ᠵᠣᠷᠢᠭ ᠢ ᠬᠥᠪᠴᠢᠯᠡᠭᠰᠡᠨ᠂ ᠬᠥᠮᠦᠰ ᠢ ᠵᠣᠷᠢᠭᠵᠢᠭᠤᠯᠤᠭᠰᠠᠨ ᠮᠡᠳᠡᠭᠦᠯᠦᠯᠲᠡ ᠪᠣᠯᠵᠠᠶ᠂ ᠡᠨᠡ ᠬᠦ ᠮᠡᠳᠡᠭᠦᠯᠦᠯᠲᠡ  ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠥᠩᠭᠡᠷᠡᠭᠰᠡᠨ ᠨᠢᠭᠡ ᠵᠢᠯ ᠳᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠨᠢ ᠡᠷᠴᠢᠮ ᠲᠠᠢ ᠪᠠᠶᠢᠵᠤ᠂ ᠠᠷᠠᠳᠴᠢᠯᠠᠯ ᠤᠨ ᠪᠠᠶᠢᠭᠤᠯᠤᠯᠲᠠ ᠳᠤ ᠬᠦᠨᠳᠦ ᠬᠠᠷᠢᠭᠤᠴᠠᠯᠭ᠎ᠠ ᠡᠭᠦᠷᠭᠡᠯᠡᠵᠦ᠂ ᠲᠤᠰ ᠪᠡᠶ᠎ᠡ ᠶᠢᠨ ᠪᠠᠶᠢᠭᠤᠯᠤᠯᠲᠠ ᠳᠤ ᠥᠨᠳᠥᠷ ᠪᠠᠷᠢᠮᠵᠢᠶ᠎ᠠ ᠲᠣᠭᠲᠠᠭᠠᠵᠤ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ᠂ ᠭᠠᠳᠠᠭᠠᠳᠤ ᠬᠠᠷᠢᠯᠴᠠᠭ᠎ᠠ ᠵᠡᠷᠭᠡ ᠡᠯ᠎ᠡ ᠵᠦᠢᠯ ᠤᠨ ᠠᠵᠢᠯ ᠴᠥᠮ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠡᠪ ᠳᠠᠭᠤᠷᠢᠶᠠᠯ ᠪᠠ ᠵᠢᠱᠢᠶ᠎ᠡ ᠦᠵᠡᠭᠦᠯᠪᠡ᠃ ᠮᠡᠳᠡᠭᠦᠯᠦᠯᠲᠡ ᠳᠠᠬᠢ ᠡᠨᠡ ᠵᠢᠯ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠨᠢ ᠤᠯᠤᠰ ᠲᠥᠷᠥ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠂ ᠪᠠᠶᠢᠭᠤᠯᠤᠯ ᠤᠨ ᠳᠠᠪᠠᠭᠤᠯᠢᠭ ᠢ ᠭᠦᠶᠴᠡᠳ ᠢᠯᠡᠷᠡᠭᠦᠯᠵᠤ᠂ ᠠᠷᠠᠳ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠶ ᠬᠠᠷᠢᠭᠤ ᠲᠤᠰᠬᠠᠯ ᠦᠭᠴᠦ᠂ ᠨᠠᠮ ᠤᠨ ᠵᠣᠷᠢᠯᠲᠠ ᠶᠢ ᠯᠠᠪᠲᠠᠶ ᠬᠠᠤᠯᠢ ᠪᠠᠷ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠤᠯᠤᠰ ᠤᠨ ᠵᠣᠷᠢᠭ ᠰᠠᠨᠠᠭ᠎ᠠ ᠪᠣᠯᠭᠠᠬᠤ ᠶᠢ ᠨᠠᠩ ᠬᠦᠴᠦᠲᠡᠶ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠤᠯᠤᠰ ᠤᠨ ᠵᠠᠰᠠᠯᠲᠠ ᠶᠢᠨ  ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤᠮᠳᠠᠬᠢ ᠦᠶᠯᠡᠳᠦᠯ ᠢ ᠨᠠᠩ ᠰᠠᠶᠢᠲᠤᠷ ᠪᠠᠳᠠᠷᠠᠭᠤᠯᠬᠤ ᠪᠣᠯᠤᠨ᠎ᠠ᠃ ᠪᠢᠳᠡ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ  ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠨᠠᠩ ᠰᠠᠶᠢᠲᠤᠷ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠡᠬᠡ ᠤᠯᠤᠰ ᠤᠨ ᠤᠮᠠᠷᠠᠲᠤ ᠬᠢᠯᠢ ᠳᠤ ᠨᠠᠩ ᠶᠡᠭᠡ ᠳᠠᠪᠠᠭᠤᠯᠢᠭ ᠢᠶᠠᠨ ᠢᠯᠡᠷᠡᠭᠦᠯᠵᠦ᠂ ᠨᠠᠩ ᠶᠡᠭᠡ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ ᠬᠡᠪᠡ᠃

ᠸᠠᠩ ᠯᠢ ᠰᠢᠶᠠ ᠲᠥᠯᠥᠭᠡᠯᠡᠭᠴᠢ᠂ ᠬᠤᠷᠢᠶᠠᠨ ᠳᠠᠷᠤᠭ᠎ᠠ ᠯᠢ ᠵᠠᠨ ᠱᠤ᠋ ᠶᠢᠨ ᠬᠢᠭᠰᠡᠨ ᠠᠵᠢᠯ ᠤᠨ ᠮᠡᠳᠡᠬᠦᠯᠦᠯᠳᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠂ 《ᠬᠤᠶᠠᠷ ᠢ ᠲᠣᠭᠲᠠᠭᠠᠬᠤ》 ᠶᠢ ᠦᠨᠡᠨᠴᠢ ᠰᠢᠳᠤᠷᠭᠤ ᠪᠠᠷ ᠬᠦᠷᠢᠶᠡᠯᠡᠬᠦ᠂ 《ᠬᠤᠶᠠᠷ ᠢ ᠬᠠᠮᠠᠭᠠᠯᠠᠬᠤ》 ᠶᠢ ᠡᠷᠡᠰ ᠪᠠᠶᠠᠯᠡᠬᠦᠯᠬᠦ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢ ᠢᠯᠡ ᠲᠤᠳᠤ ᠢᠯᠡᠷᠡᠬᠦᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠭᠡᠬᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠪᠠᠳᠤ ᠴᠢᠩᠭ᠎ᠠ ᠡᠭᠦᠷᠭᠡ ᠬᠠᠷᠢᠭᠤᠴᠠᠯᠭ᠎ᠠ ᠶᠢ ᠢᠯᠡ ᠲᠤᠳᠤ ᠢᠯᠡᠷᠡᠬᠦᠯᠵᠤ᠂ ᠤᠯᠤᠰ ᠲᠥᠷᠥ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠢᠯᠡ ᠲᠤᠳᠤ ᠢᠯᠡᠷᠡᠬᠦᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠢᠯᠡᠷᠡᠭᠦᠯᠵᠤ᠂ ᠠᠷᠠᠳ ᠤᠨ ᠲᠥᠯᠥᠭᠡ ᠵᠢᠳᠬᠦᠬᠦ ᠰᠡᠳᠭᠢᠯᠭᠡ ᠪᠠᠷ ᠪᠢᠯᠬᠠᠮ᠎ᠠ ᠰᠠᠶᠢᠨ ᠮᠡᠳᠡᠭᠦᠯᠦᠯᠲᠡ ᠪᠤᠯᠤᠨ᠎ᠠ᠃ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠮᠡᠳᠡᠭᠦᠯᠦᠯᠲᠡ ᠶᠢᠨ ᠱᠠᠭᠠᠷᠳᠠᠯᠭ᠎ᠠ ᠶᠢ ᠡᠷᠬᠡᠪᠰᠢ ᠨᠠᠷᠢᠨ ᠬᠢᠨᠠᠮᠠᠭᠠᠢ  ᠨᠠᠶᠢᠳᠠᠪᠤᠷᠢᠵᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠠᠵᠢᠯ ᠤᠨ ᠮᠡᠳᠡᠭᠦᠯᠦᠯᠲᠡ ᠬᠢᠬᠦ ᠵᠡᠷᠭᠡ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠥᠯᠥᠭᠡᠯᠡᠭᠴᠢᠳ ᠤᠨ ᠦᠨᠡᠯᠡᠯᠲᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ᠂ ᠪᠠᠶᠢᠴᠠᠭᠠᠨ ᠦᠵᠡᠵᠦ ᠪᠠᠶᠢᠴᠠᠭᠠᠯᠲᠠ ᠬᠢᠬᠦ ᠳᠤ ᠬᠠᠮᠵᠢᠯᠴᠠᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠬᠠᠤᠯᠢᠵᠢᠯ ᠤᠨ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ 《ᠬᠢᠨᠠᠯᠲᠠ ᠶᠢᠨ ᠳᠣᠣᠷ᠎ᠠ ᠠᠵᠢᠯ ᠢᠶᠠᠨ ᠥᠷᠨᠢᠭᠦᠯᠬᠦ ᠳᠤ ᠳᠠᠳᠤᠭᠰᠠᠨ᠂ ᠬᠢᠨᠠᠯᠲᠠ ᠶᠢᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠡᠭᠡᠨ ᠴᠢᠳᠠᠮᠠᠭᠠᠢ ᠪᠣᠯᠤᠭᠰᠠᠨ》 ᠪᠠᠶᠢᠬᠤ ᠶᠢ ᠦᠨᠡᠨ ᠬᠦ ᠪᠡᠶᠡᠯᠡᠭᠦᠯᠵᠦ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠳᠤᠬᠤ ᠬᠡᠷᠡᠭᠳᠡᠢ ᠭᠡᠵᠤ ᠬᠡᠯᠡᠪᠡ᠃

ᠯᠢ ᠰᠢᠤ ᠯᠢᠩ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ 2021 ᠣᠨ ᠳᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠤᠬᠠᠮᠰᠠᠷ ᠠᠴᠠ ᠪᠠᠨ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠤᠯᠤᠰ ᠤᠨ ᠵᠠᠰᠠᠯᠲᠠ ᠶᠢᠨ  ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠬᠠᠤᠯᠢ ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠰᠢᠢᠳᠪᠦᠷᠢ ᠲᠣᠭᠲᠠᠭᠠᠬᠤ ᠡᠷᠬᠡ᠂ ᠲᠣᠮᠢᠯᠠᠵᠤ ᠪᠠᠭᠤᠯᠭᠠᠬᠤ ᠡᠷᠬᠡ ᠶᠢ ᠵᠥᠪ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠢᠮᠠᠭᠲᠠ ᠪᠠᠷᠢᠮᠲᠠᠯᠠᠪᠠ᠃ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ ᠤᠯᠤᠰ ᠤᠨ ᠵᠠᠰᠠᠯᠲᠠ ᠶᠢᠨ ᠣᠳᠣᠬᠢᠴᠢᠯᠠᠯᠲᠠ ᠳᠤ ᠦᠶᠯᠡᠴᠢᠯᠡᠵᠦ᠂ ᠬᠠᠤᠯᠢ ᠴᠠᠭᠠᠵᠠ᠂ ᠤᠯᠤᠰ ᠲᠥᠷᠥ᠂ ᠭᠠᠳᠠᠭᠠᠳᠤ ᠬᠠᠷᠢᠯᠴᠠᠭᠠᠨ ᠤ ᠲᠡᠮᠡᠴᠡᠯ ᠤᠨ ᠬᠡᠷᠡᠭᠴᠡᠭᠡ ᠳᠤ ᠦᠶᠯᠡᠴᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠣᠭᠲᠠᠭᠠᠯᠲᠠ ᠶᠢᠨ ᠭᠤᠤᠯᠯᠠᠬᠤ ᠦᠶᠯᠡᠳᠦᠯ ᠢ ᠪᠠᠳᠠᠷᠠᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ᠂ ᠭᠠᠳᠠᠭᠠᠳᠤ ᠳᠤ ᠬᠤᠯᠪᠣᠭᠳᠠᠬᠤ ᠬᠦᠷᠢᠶ᠎ᠡ ᠴᠠᠷᠠᠭ᠎ᠠ ᠶᠢᠨ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ᠂ ᠴᠢᠳᠠᠮᠠᠭᠠᠶ ᠵᠠᠰᠠᠬᠤ ᠶᠢ ᠪᠠᠲᠤᠯᠠᠪᠠ᠃ ᠲᠥᠯᠥᠭᠡᠯᠡᠭᠴᠢᠳ ᠤᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠠ᠃ ᠬᠠᠤᠯᠢ ᠲᠣᠭᠲᠠᠭᠠᠬᠤ ᠶᠠᠰᠤ ᠴᠢᠨᠠᠷ ᠢ ᠤᠯᠠᠮ ᠴᠢᠨᠠᠬᠰᠢᠳᠠ ᠳᠡᠭᠡᠭᠰᠢᠯᠡᠭᠦᠯᠵᠦ᠂ ᠪᠣᠳᠠᠲᠠᠶ ᠬᠠᠤᠯᠢ ᠴᠠᠭᠠᠵᠠ ᠶᠢᠨ ᠬᠠᠨᠳᠤᠯᠭᠠᠲᠤ ᠴᠢᠨᠠᠷ᠂ ᠬᠡᠷᠡᠭᠯᠡᠭᠡᠨ ᠳᠤ ᠲᠤᠬᠢᠷᠠᠬᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠪᠠ ᠬᠠᠷᠢᠴᠠᠩᠭᠤᠶ ᠲᠣᠭᠲᠠᠪᠤᠷᠢᠲᠤ ᠴᠢᠨᠠᠷ ᠵᠢᠴᠢ ᠬᠠᠤᠯᠢ ᠲᠦᠷᠢᠮ ᠤᠨ ᠰᠢᠰᠲ᠋ᠧᠮ ᠤᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠠ ᠬᠠᠮᠵᠢᠯᠴᠠᠬᠤ ᠴᠢᠨᠠᠷ ᠢ ᠴᠢᠩᠭᠠᠳᠬᠠᠬᠤ ᠶᠢ ᠰᠠᠨᠠᠭᠤᠯᠵᠤ ᠪᠠᠶᠢᠨ᠎ᠠ ᠭᠡᠵᠤ ᠬᠡᠯᠡᠪᠡ᠃

ᠯᠢ  ᠾᠧᠩ ᠲᠥᠯᠥᠭᠡᠯᠡᠭᠴᠢ᠂ ᠬᠤᠷᠢᠶᠠᠨ ᠳᠠᠷᠤᠭ᠎ᠠ ᠯᠢ ᠵᠠᠨ ᠱᠤ᠋ ᠶᠢᠨ ᠠᠵᠢᠯ ᠤᠨ ᠮᠡᠳᠡᠭᠦᠯᠦᠯᠲᠡ ᠶᠢ ᠵᠥᠪᠰᠢᠶᠡᠷᠡᠵᠦ ᠪᠠᠶᠢᠨ᠎ᠠ᠃ 《ᠮᠡᠲᠡᠭᠦᠯᠦᠯᠲᠡ》 ᠳᠤ ᠠᠮᠵᠢᠯᠲᠠ ᠪᠦᠲᠦᠮᠵᠢ ᠪᠠᠨ ᠳ᠋ᠦᠩᠨᠡᠭᠰᠡᠨ ᠨᠢ ᠪᠤᠰᠤᠳᠴᠢ ᠪᠥᠭᠡᠳ ᠦᠨᠡᠨ ᠢ ᠪᠠᠷᠢᠮᠲᠠᠯᠠᠵᠦ᠂ ᠪᠠᠶᠢᠷᠢᠯᠠᠭᠤᠯᠤᠭᠰᠠᠨ ᠡᠭᠦᠷᠭᠡ ᠨᠢ ᠲᠣᠳᠣᠷᠬᠠᠢ ᠪᠠᠶᠢᠵᠤ᠂ ᠪᠠᠶᠢᠭᠤᠯᠤᠯ ᠤᠨ ᠢᠲᠡᠭᠡᠯ ᠢᠶᠠᠷ ᠪᠢᠯᠬᠠᠮ᠎ᠠ᠂ ᠠᠷᠠᠳ ᠲᠦᠮᠡᠨ ᠤ ᠬᠦᠰᠡᠯ ᠵᠣᠷᠢᠭ ᠢ ᠲᠤᠰᠬᠠᠵᠦ᠂ ᠬᠠᠤᠯᠢᠵᠢᠯ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠵᠣᠭᠰᠣᠴᠠ ᠨᠢ ᠥᠨᠳᠥᠷ᠂ ᠬᠠᠷᠠᠭᠠᠰᠤ ᠨᠢ ᠥᠷᠭᠡᠨ᠂ ᠠᠷᠭ᠎ᠠ ᠬᠡᠮᠵᠢᠶ᠎ᠡ ᠨᠢ ᠣᠨᠣᠪᠴᠢᠲᠠᠢ᠂ ᠵᠣᠬᠢᠶᠠᠯ ᠤᠨ ᠬᠡᠪ ᠰᠤᠷᠲᠠᠯ ᠨᠢ ᠦᠨᠡᠨ ᠪᠣᠳᠠᠲᠠᠢ ᠰᠠᠶᠢᠨ ᠮᠡᠳᠡᠭᠦᠯᠦᠯᠲᠡ ᠪᠣᠯᠤᠨ᠎ᠠ᠃ ᠨᠢᠭᠡ ᠵᠢᠯ ᠤᠨ ᠲᠤᠷᠰᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠪᠠᠲᠤ ᠪᠥᠭᠡᠳ ᠬᠦᠴᠦᠲᠡᠶ ᠂ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠵᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠷᠠᠳ ᠤᠨ ᠠᠮᠢᠳᠤᠷᠠᠯ ᠤᠨ ᠠᠵᠠ ᠪᠤᠶᠠᠨ ᠢ ᠨᠡᠮᠡᠭᠳᠡᠭᠦᠯᠬᠦ ᠲᠠᠯ᠎ᠠ ᠪᠠᠷ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠠᠵᠢᠯᠯᠠᠵᠦ᠂ ᠡᠯ᠎ᠡ ᠲᠠᠯ᠎ᠠ ᠪᠠᠷ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠵᠠᠯᠭᠠᠭ᠎ᠠ ᠪᠠᠷ ᠬᠢᠯᠠᠯᠵᠠᠭᠰᠠᠠ ᠠᠮᠵᠢᠯᠲᠠ ᠭᠠᠷᠭᠠᠪᠠ᠃ ᠨᠡᠶᠢᠭᠡᠮ ᠤᠨ ᠪᠠᠶᠢᠭᠤᠯᠤᠯᠲᠠ ᠶᠢᠨ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ᠂ ᠬᠡᠦᠬᠡᠳ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠵᠡᠷᠭᠡ ᠲᠠᠯ᠎ᠠ ᠶᠢᠨ ᠬᠠᠤᠯᠢ ᠲᠣᠭᠲᠠᠭᠠᠯᠲᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠠᠵᠠ ᠪᠤᠶᠠᠨ ᠢ ᠨᠡᠮᠡᠭᠳᠡᠭᠦᠯᠬᠦ᠂ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠬᠤ ᠶᠢ ᠰᠠᠨᠠᠭᠤᠯᠪᠠ ᠭᠡᠵᠦ ᠬᠡᠯᠡᠪᠠ᠃

ᠪᠦ᠋ ᠰᠢᠶᠤᠤ ᠯᠢᠨ ᠲᠥᠯᠥᠭᠡᠯᠡᠭᠴᠢ᠂ ᠬᠤᠷᠢᠶᠠᠨ ᠳᠠᠷᠤᠭ᠎ᠠ ᠯᠢ ᠵᠠᠨ ᠱᠤ᠋ ᠶᠢᠨ ᠬᠢᠭᠰᠡᠨ ᠮᠡᠳᠡᠭᠦᠯᠦᠯᠲᠡ ᠶᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠢᠭᠡ ᠵᠢᠯ ᠤᠨ ᠲᠤᠷᠰᠢᠬᠢ ᠠᠮᠵᠢᠯᠲᠠ ᠬᠥᠮᠦᠨ ᠢ ᠵᠣᠷᠢᠭᠵᠢᠭᠤᠯᠤᠮ᠎ᠠ ᠪᠠᠶᠢᠨ᠎ᠠ᠃ ᠦᠨᠳᠦᠰᠦᠨ ᠬᠠᠤᠯᠢ ᠶᠢ ᠬᠡᠷᠡᠭᠵᠢᠭᠦᠯᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠬᠠᠤᠯᠢ ᠶᠢᠨ ᠬᠠᠮᠤᠭ ᠤᠨ ᠳᠡᠭᠡᠳᠦ ᠬᠠᠤᠯᠢ ᠴᠠᠭᠠᠵᠠ ᠶᠢᠨ ᠪᠠᠶᠢᠷᠢ ᠰᠠᠭᠤᠷᠢ ᠪᠠ ᠡᠷᠬᠡ ᠰᠦᠷ ᠢ ᠭᠦᠢᠴᠡᠳ ᠢᠯᠡᠷᠡᠭᠦᠯᠪᠡ᠃ ᠬᠠᠤᠯᠢ ᠲᠣᠭᠲᠠᠭᠠᠬᠤ ᠠᠵᠢᠯ ᠨᠢ ᠤᠯᠤᠰ ᠤᠨ ᠵᠠᠰᠠᠯᠲᠠ ᠶᠢᠨ ᠪᠠᠴᠢᠮ ᠬᠡᠷᠡᠭᠴᠡᠭᠡ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠡᠷᠬᠡᠪᠰᠢ ᠱᠠᠭᠠᠷᠳᠠᠭᠳᠠᠬᠤ ᠴᠢᠬᠤᠯᠠ ᠬᠠᠤᠯᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠬᠤ᠂ ᠴᠢᠳᠠᠮᠠᠭᠠᠢ ᠵᠠᠰᠠᠯᠲᠠ ᠶᠢ ᠪᠠᠲᠤᠯᠠᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠪᠠ᠃ ᠬᠢᠨᠠᠯᠲᠠ ᠲᠠᠯᠪᠢᠬᠤ ᠠᠵᠢᠯ ᠨᠢ ᠵᠠᠰᠠᠭ ᠵᠠᠬᠢᠷᠭ᠎ᠠ᠂ ᠬᠢᠨᠠᠨ ᠪᠠᠶᠢᠴᠠᠭᠠᠬᠤ᠂ ᠰᠢᠭᠦᠨ ᠲᠠᠰᠤᠯᠬᠤ᠂ ᠪᠠᠶᠢᠴᠠᠭᠠᠬᠤ ᠡᠷᠬᠡ ᠶᠢ ᠬᠠᠤᠯᠢ ᠶᠣᠰᠣᠭᠠᠷ ᠵᠥᠪ ᠬᠡᠷᠡᠭᠵᠢᠭᠦᠯᠬᠦ ᠶᠢ ᠪᠦᠲᠦᠮᠵᠢᠲᠡᠢ ᠪᠠᠲᠤᠯᠠᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠡᠯ᠎ᠡ ᠵᠦᠢᠯ ᠤᠨ ᠠᠵᠢᠯ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠭᠡᠬᠦ ᠶᠢ ᠭᠦᠢᠴᠡᠳ ᠢᠯᠡᠷᠡᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠯᠤᠲᠤ ᠶᠡᠭᠡ ᠳᠠᠪᠠᠭᠤᠯᠢᠭ ᠢ ᠢᠯᠡᠷᠡᠭᠦᠯᠵᠠᠢ ᠭᠡᠪᠡ᠃

ᠹᠦ᠋ ᠶᠢᠩ ᠲᠥᠯᠥᠭᠡᠯᠡᠭᠴᠢ᠂ ᠬᠤᠷᠢᠶᠠᠨ ᠳᠠᠷᠤᠭ᠎ᠠ ᠯᠢ ᠵᠠᠨ ᠱᠤ᠋ ᠶᠢᠨ ᠮᠡᠳᠡᠭᠦᠯᠦᠯᠲᠡ ᠶᠢᠨ ᠳ᠋ᠦᠩᠨᠡᠯᠳᠡ ᠨᠢ ᠪᠦᠷᠢᠨ ᠪᠦᠲᠦᠨ ᠪᠤᠰᠤᠳᠴᠢ ᠪᠠᠶᠢᠵᠥ᠂ ᠪᠠᠶᠢᠷᠢᠯᠠᠭᠤᠯᠤᠯᠳᠠ ᠨᠢ ᠰᠢᠨᠵᠢᠯᠡᠬᠦ ᠤᠬᠠᠭᠠᠨᠴᠢ ᠣᠨᠣᠪᠴᠢᠲᠠᠶ ᠪᠠᠶᠢᠨ᠎ᠠ᠃ 2021 ᠣᠨ ᠳᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠲᠠᠯᠠᠵᠤ᠂ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠤᠤᠷ᠎ᠠ ᠬᠠᠤᠯᠢ ᠲᠣᠭᠲᠠᠭᠠᠬᠤ ᠠᠵᠢᠯ ᠤᠨ ᠠᠯᠬᠤᠮ ᠢᠶᠠᠨ ᠲᠦᠷᠭᠡᠳᠭᠡᠵᠦ᠂ ᠡᠬᠡ ᠬᠠᠭᠤᠷᠠᠶ ᠶᠢᠨ ᠤᠯᠤᠰ ᠤᠨ ᠬᠢᠯᠢ ᠶᠢᠨ ᠬᠠᠤᠯᠢ ᠵᠡᠷᠭᠡ ᠨᠢᠭᠡ ᠪᠦᠯᠦᠭ ᠴᠢᠬᠤᠯᠠ ᠬᠠᠤᠯᠢ ᠴᠠᠭᠠᠵᠠ ᠶᠢ ᠲᠣᠭᠲᠠᠭᠠᠨ ᠨᠡᠶᠢᠲᠡᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠨᠢ ᠤᠯᠤᠰ ᠤᠨ ᠶᠡᠷᠦᠩᠬᠡᠢ ᠭᠠᠳᠠᠭᠠᠳᠤ ᠬᠠᠷᠢᠯᠴᠠᠭᠠᠨ ᠤ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠵᠣᠷᠢᠭᠲᠠᠢ ᠪᠥᠭᠡᠳ ᠴᠢᠳᠠᠮᠠᠭᠠᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠯ᠎ᠠ ᠠᠴᠠ ᠲᠡᠮᠡᠴᠡᠯ ᠥᠷᠨᠢᠭᠦᠯᠵᠦ᠂ ᠤᠯᠤᠰ ᠤᠨ ᠠᠰᠢᠭ ᠲᠤᠰᠠ ᠶᠢ ᠡᠷᠡᠰ ᠬᠠᠮᠠᠭᠠᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠳᠠᠪᠠᠭᠤᠯᠢᠭ ᠪᠣᠯᠤᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠥᠷᠭᠡᠨ ᠢᠶᠠᠷ ᠲᠠᠨᠢᠯᠴᠠᠭᠤᠯᠵᠤ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠢ ᠨᠡᠩ ᠰᠠᠶᠢᠲᠤᠷ ᠤᠢᠢᠯᠠᠭᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠢ ᠨᠡᠩ ᠰᠠᠶᠢᠲᠤᠷ ᠤᠢᠢᠯᠠᠭᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠶᠠᠪᠤᠳᠠᠯ ᠤᠨ ᠵᠥᠪᠯᠡᠯ ᠦᠷᠭᠦᠯᠵᠢᠯᠡᠨ ᠤᠯᠤᠰ ᠤᠨ ᠶᠡᠷᠦᠩᠬᠡᠢ ᠭᠠᠳᠠᠭᠠᠳᠤ ᠬᠠᠷᠢᠯᠴᠠᠭᠠᠨ ᠤ ᠪᠣᠷᠣ ᠲᠥᠯᠥᠪ ᠤᠨ ᠳᠣᠣᠷ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠶᠠᠪᠤᠳᠠᠯ ᠤᠨ ᠠᠵᠢᠯ ᠢ ᠰᠠᠶᠢᠲᠤᠷ ᠬᠢᠨ᠎ᠠ ᠭᠡᠵᠦ ᠬᠡᠯᠡᠪᠡ᠃

ᠯᠢᠨ ᠱᠤᠤ ᠴᠦᠨ ᠲᠥᠯᠥᠭᠡᠯᠡᠭᠴᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠭᠡᠵᠦ᠂ ᠥᠭᠡᠷᠡᠴᠢᠯᠡᠯᠲᠡ ᠬᠥᠭᠵᠢᠯᠲᠡ ᠶᠢᠨ ᠰᠢᠶᠳᠪᠦᠷᠢᠲᠦ ᠪᠣᠳᠣᠯᠭ᠎ᠠ ᠶᠢ ᠬᠠᠤᠯᠢ ᠲᠣᠭᠲᠠᠭᠠᠬᠤ ᠰᠢᠶᠳᠪᠦᠷᠢᠲᠦ ᠪᠣᠳᠣᠯᠭ᠎ᠠ ᠲᠠᠢ ᠨᠠᠩ ᠰᠠᠶᠢᠲᠤᠷ ᠤᠶᠠᠯᠳᠤᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠵᠤ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠭᠡᠬᠦ ᠶᠢ ᠪᠥᠬᠦ ᠬᠦᠴᠦᠨ ᠢᠶᠠᠷ ᠳᠡᠮᠵᠢᠵᠦ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠶ ᠦᠶᠯᠡᠳᠦᠯᠭᠡᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠪᠠ᠃ ᠡᠨᠡ ᠮᠡᠳᠡᠭᠦᠯᠦᠯᠲᠡ ᠶᠢ ᠪᠦᠷᠢᠨ ᠵᠥᠪᠰᠢᠶᠡᠷᠡᠵᠦ ᠪᠠᠶᠢᠨ᠎ᠠ ᠭᠡᠵᠦ ᠬᠡᠯᠡᠪᠡ᠃

ᠲᠥᠯᠥᠭᠡᠯᠡᠭᠴᠢ ᠮᠧᠩ ᠹᠠᠨ ᠯᠢ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠢᠣᠢ ᠯᠢ ᠰᠢᠨ᠂ ᠣᠷᠳᠣ᠂ ᠵᠠᠩ ᠵᠢᠶᠠᠨ ᠮᠢᠨ᠂ ᠴᠢ᠊ ᠪᠠᠳᠤ᠂ ᠮᠠ ᠰᠢᠤᠸᠠᠢ ᠵᠢᠶᠦ᠋ᠨ᠂ ᠶᠠᠩ ᠽᠦᠩ ᠷᠧᠨ᠂ ᠯᠢ ᠴᠢ ᠯᠢᠨ᠂ ᠢᠤᠢ ᠰᠢᠤᠢ ᠪᠥᠸᠧ᠂ ᠶᠠᠩ ᠹᠸᠢ ᠶᠦᠨ᠂ ᠵᠠᠩ ᠵᠢᠶ ᠢ᠂ ᠰᠢᠤᠸᠠᠢ ᡁᠢ ᠭᠦᠸᠧ᠂ ᠵᠢᠶᠠ ᠷᠦᠨ ᠠᠨ᠂ ᠵᠣᠣ ᠬᠤᠶ ᠵᠢᠶᠧ᠂ ᠰᠢᠩ ᠵᠢᠶᠧ ᠬᠤᠩ᠂ ᠮᠥᠩᠬᠡ᠂ ᠡᠦ ᠶᠦᠨ ᠪᠥᠸᠧ᠂ ᠳ᠋ᠠᠶ ᠰᠢ ᠶᠤᠸᠠᠨ᠂ ᠵᠠᠩ ᠯᠸᠢ᠂ ᠵᠠᠩ ᠰᠢᠶᠤᠤ ᠪᠢᠩ᠂ ᠴᠧᠨ ᠯᠢᠶᠠᠩ᠂ ᠱᠢ ᠢᠤᠢ ᠳ᠋ᠦᠩ᠂ ᠸᠠᠩ ᠰᠢᠨ ᠂ ᠮᠠ ᠴᠦᠨ ᠢᠤᠢ᠂ ᠨᠠᠷᠠᠨᠲᠤᠶᠠᠭ᠎ᠠ᠂ ᠭᠦᠸᠧ ᠶᠠᠨ ᠯᠢᠩ᠂ ᠯᠢ ᠢᠤᠢ ᠯᠢᠶᠠᠩ᠂ ᠹᠸᠡᠭ ᠢᠤᠢ ᠵᠧᠨ᠂ ᠭᠦᠩ ᠮᠢᠩ ᠵᠦ᠂ ᠵᠣᠤ ᠵᠢᠶᠠᠩ ᠲᠤᠤ᠂ ᠯᠢ ᠭᠦᠸᠧ ᠴᠢᠨ᠂ ᠸᠠᠩ ᠰᠢᠶᠤᠤ ᠬᠤᠩ᠂ ᠯᠢᠦ ᠶᠠ ᠱᠧᠩ᠂ ᠹᠧᠩ ᠶᠠᠨ ᠯᠢ᠂ ᠡᠸ ᠶᠢᠩ᠂ ᠯᠢ ᠼᠦᠢ ᡁᠢ᠂ ᠯᠢᠦ ᠯᠢ ᠹᠧᠨ᠂ ᠯᠢ ᠴᠢᠤᠸᠠᠨ ᠸᠧᠨ᠂ ᠮᠧᠶ ᠬᠤᠸᠠ᠂ ᠵᠧᠦ ᠢ ᠵᠧ᠂ ᠭᠧ ᠮᠢᠩ᠂ ᠵᠠᠩ ᠵᠢᠶ ᠰᠢᠨ᠂ ᠰᠦᠸᠧ ᠱᠤ᠋ ᠂ ᠬᠦᠬᠡᠪᠠᠭᠠᠳᠤᠷ᠂ ᠸᠠᠩ ᠵᠢᠶᠦ᠋ᠨ ᠰᠢᠶᠠᠩ ᠦᠭᠡ ᠬᠡᠯᠡᠪᠡ᠃ ᠤᠯᠠᠨ ᠢᠶᠠᠷ ᠢᠶᠠᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠨᠢ ᠠᠮᠵᠢᠯᠲᠠ ᠪᠦᠲᠦᠮᠵᠢ ᠶᠢ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠠᠵᠢᠯ ᠤᠨ ᠪᠠᠶᠢᠷᠢᠯᠠᠭᠤᠯᠤᠯᠲᠠ ᠶᠢᠨ ᠭᠤᠣᠯᠳᠠᠯᠭ᠎ᠠ ᠲᠤᠪᠤᠶᠢᠮ᠎ᠠ ᠪᠠᠶᠢᠵᠤ᠂ ᠲᠤᠭ ᠢ ᠥᠨᠳᠥᠷ ᠮᠠᠨᠳᠤᠭᠤᠯᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠠᠤᠯᠢᠵᠢᠯ ᠤᠨ ᠵᠣᠷᠢᠭ ᠰᠠᠨᠠᠭ᠎ᠠ ᠶᠢ ᠢᠯᠡᠷᠡᠭᠦᠯᠦᠭᠰᠡᠨ ᠰᠠᠶᠢᠨ ᠮᠡᠳᠡᠭᠦᠯᠦᠯᠲᠡ ᠪᠣᠯᠤᠨ᠎ᠠ ᠭᠡᠵᠦ ᠢᠯᠡᠳᠭᠡᠵᠡᠭᠡᠪᠡ᠃

 

 


   :                    
   :           
备案序号:蒙ICP备05003250号 公安备案15010502000173