ᠵᠤᠬᠢᠶᠠᠭᠴᠢ:
ᠴᠠᠭ:2022-03-11
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠳᠤ ᠳᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠨ ᠠᠬᠢᠭᠤᠯᠤᠨ᠎ᠠ
ᠰᠢᠨ᠎ᠡ ᠡᠨᠧᠷᠭᠢ ᠶᠢ ᠬᠥᠭᠵᠢᠭᠦᠯᠬᠦ ᠳᠤ ᠡᠷᠬᠡᠪᠰᠢ ᠰᠢᠰᠲ᠋ᠧᠮᠳᠦ ᠦᠵᠡᠯᠲᠡ᠂ ᠬᠡᠯᠬᠢᠶᠡᠵᠢᠭᠰᠡᠨ ᠰᠡᠳᠭᠢᠬᠦᠢ ᠶᠢ ᠴᠢᠩᠭᠠᠳᠬᠠᠵᠤ᠂ ᠰᠢᠨ᠎ᠡ ᠡᠨᠧᠷᠬᠢ ᠪᠠᠷ ᠬᠠᠭᠤᠴᠢᠨ ᠡᠨᠧᠷᠭᠢ ᠶᠢ ᠣᠷᠣᠯᠠᠭᠤᠯᠬᠤ ᠶᠢ ᠡᠮᠬᠢ ᠴᠡᠭᠴᠡ ᠲᠠᠢ ᠠᠬᠢᠭᠤᠯᠵᠤ᠂ ᠡᠨᠧᠷᠭᠢ ᠶᠢᠨ ᠠᠮᠤᠷ ᠲᠦᠪᠰᠢᠨ ᠪᠥᠭᠡᠳ ᠲᠣᠭᠲᠠᠭᠤᠨ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠳᠡᠢ᠃
ᠥᠪᠥᠷ ᠮᠣᠩᠭᠤᠯ ᠨᠢ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠠᠬᠤᠢ ᠶᠢᠨ ᠶᠡᠭᠡ ᠣᠷᠴᠢᠯ ᠢ ᠰᠠᠭᠠᠳ ᠦᠬᠡᠢ ᠨᠡᠪᠳᠡᠷᠡᠬᠦᠯᠬᠦ ᠲᠠᠯ᠎ᠠ ᠪᠠᠷ ᠲᠤᠶᠢᠯ ᠤᠨ ᠴᠢᠬᠤᠯᠠ ᠪᠠᠶᠢᠷᠢ ᠰᠠᠭᠤᠷᠢ ᠲᠠᠢ ᠶᠤᠮ᠂ ᠶᠡᠷᠦᠩᠬᠡᠢ ᠱᠦᠵᠢ ᠰᠢ ᠶᠢᠨ ᠫᠢᠩ ᠪᠢᠳᠡᠨ ᠳᠤ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠡᠷᠡᠭᠳᠡᠢ ᠬᠡᠵᠥ ᠨᠠᠶᠢᠳᠠᠪᠠ᠃ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠳᠤ ᠳᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠣᠯ ᠥᠪᠥᠷ ᠮᠣᠩᠭᠤᠯ ᠤᠨ ᠶᠡᠭᠡ ᠲᠠᠯ᠎ᠠ ᠶᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠤᠯᠤᠰ ᠤᠨ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠳᠤ ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠢᠰᠲ᠋ᠧᠮ ᠢ ᠪᠠᠶᠢᠭᠤᠯᠬᠤ ᠳᠤ ᠦᠶᠯᠡᠴᠢᠯᠡᠵᠦ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠬᠦᠷᠡᠰᠤᠳᠦ᠋ᠷᠦᠭᠴᠢ ᠶᠢ ᠰᠠᠭᠠᠷᠮᠠᠭᠵᠢᠭᠤᠯᠬᠤ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠣᠯᠬᠤ ᠪᠠᠷ ᠪᠠᠷᠠᠬᠤ ᠥᠬᠡᠶ᠂ ᠪᠠᠰᠠ ᠴᠤ ᠥᠪᠥᠷ ᠮᠣᠩᠭᠤᠯ ᠤᠨ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠶᠯᠡᠰ ᠤᠨ ᠬᠡᠯᠬᠢᠶ᠎ᠡ ᠶᠢᠨ ᠲᠠᠪᠠᠭᠤᠯᠢᠭ ᠢ ᠪᠤᠢ ᠪᠤᠯᠭᠠᠵᠤ᠂ ᠣᠳᠣᠬᠢᠴᠢᠯᠠᠭᠰᠠᠨ ᠠᠵᠤ ᠠᠬᠤᠶ ᠶᠢᠨ ᠪᠠᠶᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢᠨ ᠵᠠᠶᠢᠯᠠᠰᠢ ᠥᠬᠡᠶ ᠰᠣᠩᠭᠤᠯᠲᠠ ᠪᠣᠯᠤᠨ᠎ᠠ᠃
《ᠬᠤᠤᠰ ᠨᠡᠭᠦᠷᠡᠰᠦᠲᠥ᠋ᠷᠥᠭᠴᠢ》 ᠶᠢᠨ ᠠᠬᠤᠶ ᠪᠠᠶᠢᠳᠠᠯ ᠳᠤᠤᠷ᠎ᠠ᠂ ᠰᠢᠨ᠎ᠡ ᠡᠨᠧᠷᠭᠢ ᠨᠢ ᠶᠠᠭ ᠪᠡᠯᠡᠳᠭᠡᠯ ᠬᠦᠴᠦᠨ ᠪᠠᠶᠢᠭᠰᠠᠨ ᠠᠴᠠ ᠪᠠᠨ ᠭᠤᠤᠯ ᠬᠦᠴᠦᠨ ᠪᠣᠯᠵᠣ ᠬᠤᠪᠢᠷᠠᠵᠤ ᠪᠠᠶᠢᠨ᠎ᠠ᠃ ᠥᠪᠥᠷ ᠮᠣᠩᠭᠤᠯ ᠰᠢᠨ᠎ᠡ ᠡᠨᠧᠷᠭᠢ ᠶᠢ ᠬᠥᠭᠵᠢᠭᠦᠯᠬᠦ ᠲᠠᠯ᠎ᠠ ᠪᠠᠷ ᠥᠪᠡᠷᠮᠢᠴᠡ ᠳᠠᠪᠠᠭᠤᠯᠢᠭ ᠲᠠᠢ ᠪᠥᠭᠡᠳ ᠨᠡᠯᠢᠶᠡᠳ ᠰᠠᠶᠢᠨ ᠠᠵᠤ ᠦᠶᠯᠡᠰ ᠤᠨ ᠰᠠᠭᠤᠷᠢ ᠪᠠ ᠨᠡᠯᠢᠶᠡᠳ ᠶᠡᠭᠡ ᠬᠥᠭᠵᠢᠯᠲᠡ ᠶᠢᠨ ᠬᠡᠪᠴᠢᠶ᠎ᠡ ᠶᠢ ᠪᠦᠷᠢᠯᠲᠦᠭᠦᠯᠵᠠᠢ᠃ ᠰᠠᠯᠬᠢᠨ ᠬᠦᠴᠦᠨ ᠤ ᠴᠠᠬᠢᠯᠭᠠᠨ᠂ ᠬᠡᠷᠡᠯᠴᠢ ᠴᠡᠨᠡᠭ ᠵᠡᠷᠭᠡ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠲᠦᠷᠭᠡᠨ ᠠᠬᠢᠭᠤᠯᠵᠤ᠂ ᠨᠢᠭᠡ ᠪᠦᠯᠦᠭ ᠮᠢᠩᠭᠠᠨ ᠲᠦᠮᠡᠨ ᠺᠢᠯᠦᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠢ ᠬᠦᠴᠦᠯᠡᠨ ᠪᠠᠶᠢᠭᠤᠯᠵᠤ᠂ ᠪᠥᠬᠦ ᠤᠯᠤᠰ ᠲᠤ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮ ᠢ ᠤᠷᠢᠳ ᠢᠶᠠᠷ ᠪᠠᠶᠢᠭᠤᠯᠵᠤ᠂ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠤᠷᠢᠳ ᠢᠶᠠᠷ ᠪᠠᠶᠢᠭᠤᠯᠵᠤ᠂ 2025 ᠤᠨ ᠪᠣᠯᠬᠤ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠵᠤ᠂ 2030 ᠣᠨ ᠳᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠶᠡᠷᠦᠩᠬᠡᠶ ᠬᠡᠮᠵᠢᠶ᠎ᠡ ᠶᠢ ᠢᠯᠴᠢ ᠶᠢᠨ ᠴᠠᠬᠢᠯᠭᠠᠨ ᠤ ᠶᠡᠷᠦᠩᠬᠡᠶ ᠬᠡᠮᠵᠢᠶ᠎ᠡ ᠠᠴᠠ ᠳᠠᠪᠠᠭᠤᠯᠬᠤ ᠶᠢ ᠪᠠᠲᠤᠯᠠᠵᠦ᠂ ᠴᠢᠯᠠᠭᠤᠵᠢᠮᠠᠯ ᠡᠨᠧᠷᠭᠢ ᠶᠢᠨ ᠲᠣᠮᠣ ᠣᠷᠣᠨ ᠠᠴᠠ ᠴᠡᠪᠡᠷ ᠡᠨᠧᠷᠭᠢ ᠶᠢᠨ ᠲᠣᠮᠣ ᠣᠷᠣᠨ ᠳᠠᠶᠢᠰᠢ ᠬᠤᠪᠢᠷᠠᠭᠤᠯᠬᠤ ᠶᠢ ᠪᠡᠶᠡᠯᠡᠭᠦᠯᠦᠨ᠎ᠠ᠃ ᠰᠢᠨ᠎ᠡ ᠡᠨᠧᠷᠭᠢ ᠶᠢ ᠬᠥᠭᠵᠢᠭᠦᠯᠬᠦ ᠳᠤ᠂ ᠡᠷᠬᠡᠪᠰᠢ ᠰᠢᠰᠲ᠋ᠧᠮᠳᠦ ᠦᠵᠡᠯᠲᠡ᠂ ᠬᠡᠯᠬᠢᠶᠡᠵᠢᠭᠰᠡᠨ ᠰᠡᠳᠭᠢᠬᠦᠶ ᠶᠢ ᠴᠢᠩᠭᠠᠳᠬᠠᠵᠤ᠂ 《ᠰᠠᠯᠬᠢ ᠬᠡᠷᠡᠯ ᠤᠨ ᠡᠬᠢ ᠪᠠᠶᠠᠯᠢᠭ》 ᠢ ᠨᠡᠭᠡᠭᠡᠨ ᠬᠥᠭᠵᠢᠭᠦᠯᠬᠦ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ ᠢᠵᠢ ᠪᠦᠷᠢᠳᠦᠭᠦᠯᠬᠦ ᠪᠠ ᠠᠬᠤᠶ ᠲᠠᠯᠠᠪᠠᠶ ᠶᠢᠨ ᠬᠡᠷᠡᠭᠯᠡᠯᠲᠡ ᠶᠢ ᠥᠷᠭᠡᠳᠭᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠣᠷᠭᠢᠯ ᠤᠨ ᠦᠶ᠎ᠠ ᠶᠢᠨ ᠴᠠᠬᠢᠯᠭᠠᠨ ᠡᠭᠦᠰᠭᠡᠭᠴᠢ ᠳᠤ ᠲᠤᠬᠢᠷᠠᠭᠤᠯᠤᠯᠲᠠ ᠬᠢᠬᠦ᠂ ᠴᠠᠬᠢᠯᠭᠠᠨ ᠲᠤᠤᠷ ᠤᠨ ᠲᠥᠬᠦᠭᠡᠷᠦᠮᠵᠢ᠂ ᠡᠨᠧᠷᠭᠢ ᠬᠠᠳᠠᠭᠠᠯᠠᠬᠤ ᠲᠣᠨᠣᠭᠯᠠᠯ᠂ ᠤᠰᠤᠲᠥ᠋ᠷᠥᠭᠴᠢ ᠡᠨᠧᠷᠭᠢ ᠶᠢᠨ ᠲᠥᠷᠥᠯ ᠵᠦᠶᠯ ᠢ ᠨᠢᠭᠡᠳᠦᠯᠲᠡᠶ ᠲᠥᠯᠥᠪᠵᠢᠬᠦᠯᠦᠨ ᠪᠠᠶᠢᠷᠢᠰᠢᠭᠤᠯᠵᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠶᠯᠡᠳᠬᠦ ᠦᠶᠯᠡᠰ ᠪᠠ ᠲᠡᠭᠡᠭᠡᠪᠦᠷᠢᠯᠡᠨ ᠬᠠᠮᠠᠭᠠᠯᠠᠬᠤ ᠦᠶᠯᠡᠴᠢᠯᠡᠭᠡᠨ ᠤ ᠦᠶᠯᠡᠰ ᠢ ᠶᠡᠭᠡ ᠪᠠᠷ ᠬᠥᠭᠵᠢᠭᠦᠯᠵᠦ᠂ 《ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ》 《ᠴᠠᠬᠢᠯᠭᠠᠨ ᠭᠠᠷᠭᠠᠵᠤ ᠴᠠᠬᠢᠯᠭᠠᠨ ᠬᠤᠳᠠᠯᠳᠤᠬᠤ》 ᠬᠠᠭᠤᠴᠢᠨ ᠵᠠᠮ ᠢᠶᠠᠷ ᠳᠠᠭᠢᠵᠤ ᠶᠠᠪᠤᠵᠤ ᠪᠣᠯᠬᠤ ᠥᠬᠡᠶ᠃
ᠡᠨᠧᠷᠭᠢ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠳᠤ ᠡᠷᠬᠡᠪᠰᠢ ᠨᠡᠭᠦᠷᠡᠰᠦ ᠪᠣᠯ ᠮᠠᠨ ᠤ ᠤᠯᠤᠰ ᠤᠨ ᠭᠤᠣᠯ ᠡᠨᠧᠷᠭᠢ ᠪᠤᠯᠬᠤ ᠡᠨᠡ ᠬᠦ ᠪᠣᠳᠠᠲᠤ ᠪᠠᠶᠢᠳᠠᠯ ᠳᠤ ᠰᠠᠭᠤᠷᠢᠯᠠᠨ᠂ ᠰᠢᠨ᠎ᠡ ᠡᠨᠧᠷᠬᠢ ᠪᠠᠷ ᠬᠠᠭᠤᠴᠢᠨ ᠡᠨᠧᠷᠭᠢ ᠶᠢ ᠣᠷᠣᠯᠠᠭᠤᠯᠬᠤ ᠶᠢ ᠴᠡᠭᠴᠡ ᠲᠠᠢ ᠠᠬᠢᠭᠤᠯᠵᠤ᠂ ᠨᠡᠭᠦᠷᠡᠰᠦ ᠪᠠ ᠰᠢᠨ᠎ᠡ ᠡᠨᠧᠷᠭᠢ ᠶᠢᠨ ᠨᠡᠶᠢᠯᠡᠯ ᠢ ᠰᠢᠯᠢᠳᠡᠭᠵᠢᠭᠦᠯᠦᠨ᠂ ᠡᠨᠧᠷᠭᠢ ᠶᠢ ᠠᠮᠤᠷ ᠲᠦᠪᠰᠢᠨ ᠲᠣᠭᠲᠠᠭᠤᠨ ᠢᠶᠠᠷ ᠬᠠᠩᠭᠠᠬᠤ ᠪᠠ ᠲᠣᠭᠲᠠᠭᠤᠨ ᠢᠶᠠᠷ ᠰᠢᠯᠵᠢᠬᠦ ᠶᠢ ᠪᠠᠲᠤᠯᠠᠬᠤ ᠬᠡᠷᠡᠭᠲᠡᠢ᠃ ᠡᠬᠢ ᠪᠠᠶᠠᠯᠢᠭ ᠢ ᠤᠨᠳᠤᠤᠰᠢᠭᠤᠯᠤᠨ ᠦᠷᠳᠡᠭ ᠢ ᠨᠢ ᠨᠡᠮᠡᠭᠳᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠠᠵᠤ ᠦᠢᠯᠡᠰ ᠤᠨ ᠬᠡᠯᠬᠢᠶ᠎ᠠ ᠶᠢ ᠤᠷᠲᠤᠳᠬᠠᠬᠤ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠬᠦ ᠪᠠᠷ ᠬᠦᠴᠦᠯᠠᠵᠤ᠂ ᠨᠡᠭᠦᠷᠡᠰᠦᠨ ᠤ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠤᠪᠣᠷ ᠰᠢᠷᠣᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠠᠰᠢᠭᠯᠠᠯᠲᠠ᠂ ᠴᠢᠨᠠᠷ ᠰᠠᠶᠢᠲᠠᠢ ᠠᠰᠢᠭᠯᠠᠯᠲᠠ᠂ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠢ ᠨᠠᠷᠢᠯᠢᠬᠵᠢᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠬᠡᠷᠡᠭᠲᠠᠢ᠃
ᠥᠪᠥᠷ ᠮᠣᠩᠭᠤᠯ ᠨᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠵᠡᠷᠭᠡ ᠭᠠᠵᠠᠷ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠭᠦᠷᠭᠡᠯᠡᠵᠦ ᠪᠤᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ ᠠᠷᠭ᠎ᠠ ᠪᠠᠷᠢᠯ ᠢ ᠪᠦᠲᠦᠮᠵᠢᠲᠡᠢ ᠬᠡᠷᠡᠭᠯᠡᠵᠦ᠂ ᠡᠨᠧᠷᠭᠢ ᠶᠢᠨ ᠲᠣᠭᠲᠠᠭᠤᠨ ᠨᠠᠶᠢᠳᠠᠪᠤᠷᠢᠲᠠᠢ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠬᠤ ᠳᠤ ᠡᠷᠬᠡᠪᠰᠢ ᠠᠮᠢ ᠠᠬᠤᠢ ᠶᠢᠨ ᠤᠯᠠᠭᠠᠨ ᠱᠤᠭᠤᠮ ᠪᠠ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠬᠠᠩᠭᠠᠯᠭ᠎ᠠ ᠶᠢ ᠪᠠᠲᠤᠯᠠᠬᠤ ᠨᠡᠷ᠎ᠡ ᠪᠠᠷ ᠪᠠᠯᠠᠮᠠᠳ ᠪᠦᠳᠦᠭᠦᠯᠢᠭ ᠮᠠᠶ᠋ᠢᠭ ᠤᠨ ᠨᠡᠭᠡᠭᠡᠨ ᠬᠥᠭᠵᠢᠭᠦᠯᠦᠯᠲᠡ ᠬᠢᠬᠦ ᠶᠢ ᠴᠢᠩᠭ᠎ᠠ ᠰᠡᠷᠭᠡᠶᠢᠯᠡᠵᠦ᠂ ᠦᠢᠯᠡᠳᠪᠦᠷᠢᠯᠡᠯ ᠨᠢ ᠪᠠᠷᠢᠮᠵᠢᠶ᠎ᠠ ᠳᠤ ᠬᠦᠷᠬᠦ ᠦᠭᠡᠢ ᠨᠡᠭᠦᠷᠡᠰᠦᠨ ᠠᠭᠤᠷᠬᠠᠢ ᠶᠢᠨ 《ᠨᠡᠷ᠎ᠠ ᠠᠰᠢᠬᠯᠠᠨ ᠨᠡᠭᠡᠭᠡᠯᠳᠠ ᠬᠢᠬᠦ》 ᠶᠢ ᠴᠢᠩᠭ᠎ᠠ ᠰᠡᠷᠭᠡᠶᠢᠯᠡᠬᠦ ᠬᠡᠷᠡᠭᠲᠡᠢ᠃