ᠵᠤᠬᠢᠶᠠᠭᠴᠢ: ᠴᠠᠭ:2022-03-25 ᠥᠵᠡᠭᠰᠡᠨ : ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》  
ᠱᠢ ᠲᠠᠢ ᠹᠧᠩ ᠤᠷᠳᠤᠰ ᠬᠤᠳᠠ ᠳᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠪᠠᠶᠢᠴᠠᠭᠠᠨ ᠰᠤᠳᠤᠯᠪᠠ

 

2022  3  ᠰᠠᠷ᠎ᠠ ᠶᠢᠨ 2122 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠣᠷᠳᠣᠰ ᠬᠤᠲᠠ ᠶᠢᠨ ᠳ᠋ᠦᠩᠱᠧᠩ ᠲᠣᠭᠤᠷᠢᠭ᠂ ᠵᠡᠭᠦᠨᠭᠠᠷ ᠬᠤᠰᠢᠭᠤᠨ ᠳᠤ ᠬᠦᠨᠵᠡᠬᠡᠶᠢᠷᠡᠨ ᠪᠠᠶᠢᠴᠠᠭᠠᠨ ᠰᠤᠳᠤᠯᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠥ᠂ ᠠᠷᠭ᠎ᠠ ᠪᠦᠬᠦᠨ ᠢ ᠰᠦᠪᠡᠭᠴᠢᠯᠡᠨ 《ᠬᠤᠤᠰ ᠨᠡᠭᠦᠷᠡᠰᠦᠲᠥ᠋ᠷᠥᠭᠴᠢ》 ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ ᠠᠳᠬᠤᠵᠥ᠂ ᠴᠢᠬᠤᠯᠠ ᠶᠡᠭᠡ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠥ᠂ ᠠᠵᠤ ᠠᠬᠤᠶ ᠶᠢᠨ ᠲᠣᠭᠲᠠᠭᠤᠨ ᠡᠷᠬᠢᠯᠳᠡ ᠪᠠ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠥ᠂ ᠬᠢᠵᠢᠭ ᠤᠨ ᠪᠠᠶᠢᠳᠠᠯ ᠤᠨ ᠬᠤᠪᠢᠰᠬᠤ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠴᠢᠨᠠᠷ ᠰᠠᠶᠢᠲᠠᠶ ᠬᠥᠭᠵᠢᠯᠲᠡ ᠶᠢᠨ ᠨᠡᠮᠡᠭᠳᠡᠯ ᠢ ᠥᠷᠭᠡᠳᠭᠡᠵᠥ᠂ ᠲᠣᠭᠲᠠᠭᠤᠨ ᠪᠠᠶᠢᠯᠭᠠᠬᠤ ᠶᠢ ᠳᠡᠷᠢᠬᠦᠨ ᠳᠤ ᠳᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠲᠤᠯᠠᠬᠤ ᠬᠡᠷᠡᠭᠲᠡᠶ ᠬᠡᠵᠥ ᠴᠢᠬᠤᠯᠠᠴᠢᠯᠠᠪᠠ᠃

ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠳᠤ ᠰᠢᠨᠵᠢᠯᠡᠬᠦ ᠤᠬᠠᠭᠠᠨ  ᠮᠡᠷᠭᠡᠵᠢᠯ ᠤᠨ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠮᠥᠨ᠃ ᠮᠧᠩ ᠲᠠᠢ ᠪᠦᠯᠦᠭᠯᠡᠯ ᠤᠨ ᠨᠡᠭᠦᠷᠡᠰᠦᠨ ᠤ ᠦᠨᠡᠰᠦᠨ ᠨᠤᠨᠲᠠᠭ ᠢ ᠶᠡᠷᠦᠩᠬᠡᠶᠢᠯᠡᠨ ᠠᠰᠢᠭᠯᠠᠬᠤ ᠰᠤᠳᠤᠯᠤᠨ ᠨᠡᠭᠡᠭᠡᠬᠦ ᠲᠥᠪ ᠨᠡᠭᠦᠷᠡᠰᠦᠨ ᠤ ᠦᠨᠡᠰᠦᠨ ᠨᠤᠨᠲᠠᠭ ᠢ ᠠᠰᠢᠭᠯᠠᠨ ᠳᠡᠭᠡᠳᠦ ᠲᠠᠰ ᠤᠨ ᠬᠥᠩᠭᠡᠨᠴᠠᠭᠠᠨ ᠴᠠᠬᠢᠭᠤᠷ ᠤᠨ ᠬᠠᠶᠢᠯᠤᠰᠢ ᠶᠢ ᠠᠮᠵᠢᠯᠲᠠᠲᠠᠶ ᠦᠶᠯᠡᠳᠴᠦ ᠭᠠᠷᠭᠠᠭᠠᠳ ᠶᠡᠭᠡ ᠬᠡᠮᠵᠢᠶᠡᠨ ᠤ ᠬᠠᠶᠠᠭᠳᠠᠮᠠᠯ ᠬᠠᠲᠠᠭᠤ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠲᠠᠯ᠎ᠠ ᠪᠠᠷ ᠴᠢᠬᠤᠯᠠ ᠠᠯᠬᠤᠮ ᠢ ᠠᠯᠬᠤᠵᠠᠢ᠃ ᠱᠢ ᠲᠠᠢ ᠹᠧᠩ ᠰᠤᠳᠤᠯᠤᠨ ᠨᠡᠭᠡᠭᠡᠬᠦ ᠲᠥᠪ ᠤᠨ ᠰᠢᠷᠪᠢᠯᠲᠡ ᠵᠠᠳᠠᠯᠤᠯᠲᠠ ᠶᠢᠨ ᠲᠠᠰᠤᠭ᠂ ᠲᠤᠷᠰᠢᠯᠲᠠ ᠶᠢᠨ ᠲᠠᠰᠤᠭ ᠪᠣᠯᠤᠨ ᠦᠶᠯᠡᠳᠪᠦᠷᠢᠯᠡᠯ ᠤᠨ ᠲᠣᠮᠣᠷᠠᠭᠤᠯᠬᠤ ᠱᠤᠭᠤᠮ ᠤᠨ ᠦᠶᠯᠡᠳᠪᠦᠷᠢ ᠶᠢᠨ ᠲᠠᠰᠤᠭ ᠲᠤ ᠬᠦᠷᠴᠦ᠂ ᠰᠤᠳᠤᠯᠤᠨ ᠨᠡᠭᠡᠭᠡᠬᠦ ᠣᠷᠣᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠬᠡᠷᠡᠭᠯᠡᠯᠲᠡ᠂ ᠲᠥᠷᠥᠯ ᠵᠦᠶᠯ ᠤᠨ ᠠᠵᠤ ᠦᠢᠯᠡᠰᠵᠢᠯᠲᠡ ᠶᠢᠨ ᠠᠬᠢᠴᠠ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠪᠠ᠃ ᠲᠡᠷᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ᠂ ᠲᠠ ᠨᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠠᠯ᠎ᠠ ᠪᠠᠷ ᠬᠠᠷᠠᠮ ᠦᠭᠡᠢ ᠪᠡᠯᠡ ᠮᠦᠩᠬᠦ ᠭᠠᠷᠭᠠᠵᠥ ᠬᠦᠴᠦ ᠣᠷᠣᠭᠤᠯᠵᠤ᠂ ᠦᠨᠡᠨ ᠪᠣᠳᠠᠲᠠᠢ ᠦᠷ᠎ᠡ ᠪᠦᠲᠦᠭᠡᠯ ᠣᠯᠵᠤ᠂ ᠨᠡᠭᠦᠷᠡᠰᠦᠨ ᠤ ᠦᠨᠡᠰᠦᠨ ᠨᠤᠨᠲᠠᠭ ᠢ ᠡᠬᠢ ᠪᠠᠶᠠᠯᠢᠭᠵᠢᠭᠤᠯᠤᠨ ᠠᠰᠢᠭᠯᠠᠬᠤ ᠬᠦᠴᠢᠷ ᠠᠰᠠᠭᠤᠳᠠᠯ ᠢ ᠰᠢᠢᠳᠪᠦᠷᠢᠯᠡᠵᠤ᠂ ᠡᠨᠧᠷᠭᠢ ᠶᠢᠨ ᠠᠵᠤ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠳᠤ ᠰᠢᠨ᠎ᠡ ᠠᠷᠭ᠎ᠠ ᠵᠠᠮ ᠨᠡᠭᠡᠭᠡᠵᠦ᠂ ᠶᠡᠭᠡ ᠬᠡᠮᠵᠢᠶᠡᠨ ᠤ ᠬᠠᠶᠠᠭᠳᠠᠮᠠᠯ ᠬᠠᠲᠠᠭᠤ ᠪᠣᠳᠠᠰ ᠢ ᠡᠷᠳᠡᠨᠢ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠲᠤᠮᠳᠠᠬᠢ ᠳᠠᠷᠤᠭᠠᠰᠤ ᠶᠢ ᠠᠷᠢᠯᠭᠠᠪᠠ ᠬᠡᠪᠡ᠃ ᠲᠡᠷᠡ ᠠᠵᠤ ᠠᠬᠤᠶᠢᠯᠠᠯ ᠤᠨ ᠬᠢᠨ ᠢ ᠵᠠᠪᠰᠠᠷ ᠤᠨ ᠲᠤᠷᠰᠢᠯᠲᠠ ᠶᠢᠨ ᠰᠤᠳᠤᠯᠭᠠᠨ ᠢ ᠲᠦᠷᠭᠡᠳᠭᠡᠨ ᠠᠬᠢᠭᠤᠯᠵᠤ᠂ ᠦᠷ᠎ᠡ ᠪᠦᠲᠦᠭᠡᠯ ᠢ ᠤᠨᠳᠤᠤᠰᠢᠭᠤᠯᠬᠤ 《 ᠡᠴᠦᠰ ᠤᠨ ᠨᠢᠭᠡ ᠺᠢᠯᠣᠮᠧᠲᠷ》 ᠢ ᠨᠡᠪᠲᠡᠷᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ ᠳᠤ ᠠᠵᠤ ᠦᠢᠯᠡᠰᠵᠢᠭᠦᠯᠦᠨ ᠬᠡᠪᠴᠢᠶᠡᠵᠢᠭᠦᠯᠦᠨ ᠬᠡᠷᠡᠭᠯᠡᠬᠦ ᠶᠢ ᠪᠡᠶᠡᠯᠡᠭᠦᠯᠳᠦᠭᠡᠢ ᠭᠡᠵᠦ ᠵᠣᠷᠢᠭᠵᠢᠭᠤᠯᠪᠠ᠃ ᠵᠢᠩ ᠳ᠋ᠦᠩ ᠹᠠᠩ ᠶᠤᠸᠠᠨ ᠱᠧᠩ ᠬᠡᠷᠡᠯ ᠴᠠᠬᠢᠯᠭᠠᠨ ᠤ ᠺᠣᠮᠫᠠᠨᠢ ᠳᠤ᠂ ᠱᠢ ᠲᠠᠢ ᠹᠧᠩ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭᠠᠬᠢ ᠪᠠᠶᠢᠳᠠᠯ ᠪᠣᠯᠤᠨ ᠤᠰᠤ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠢ ᠭᠦᠨᠵᠡᠭᠡᠶ ᠰᠢᠨᠵᠢᠯᠡᠨ ᠪᠠᠶᠢᠴᠠᠭᠠᠪᠠ᠂ ᠠᠵᠤ ᠠᠬᠤᠶᠢᠯᠠᠯ ᠲᠣᠭᠲᠠᠭᠠᠯ ᠢ ᠵᠥᠷᠢᠴᠡᠨ ᠭᠠᠵᠠᠷ ᠳᠤᠤᠷᠠᠬᠢ ᠤᠰᠤ ᠶᠢ ᠲᠠᠲᠠᠵᠤ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠢᠶᠠᠷ ᠪᠠᠷᠠᠬᠤ ᠥᠬᠡᠶ ᠤᠰᠤ ᠠᠷᠪᠢᠯᠠᠬᠤ ᠥᠭᠡᠷᠡᠴᠢᠯᠡᠯᠲᠡ ᠶᠢᠨ ᠳᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠥ᠂ ᠲᠤᠬᠠᠶ ᠶᠢᠨ ᠭᠠᠵᠠᠷ ᠤᠨ ᠬᠠᠲᠤᠨ ᠭᠤᠤᠯ ᠤᠨ ᠤᠰᠤ ᠬᠡᠷᠡᠭᠯᠡᠬᠦ ᠭᠦᠶᠴᠡᠳᠭᠡᠯ ᠲᠤᠭ᠎ᠠ ᠶᠢ ᠰᠠᠨᠠᠭᠠᠴᠢᠯᠠᠭ᠎ᠠ ᠠᠴᠠ ᠪᠠᠨ ᠪᠤᠴᠠᠭᠠᠭᠰᠠᠨ ᠠᠩᠬᠠᠳᠠᠭᠴᠢ ᠠᠵᠤ ᠠᠬᠤᠶᠢᠯᠠᠯ ᠪᠣᠯᠤᠬᠰᠠᠨ ᠢ ᠮᠡᠳᠡᠬᠡᠳ ᠲᠡᠷᠡ ᠮᠠᠰᠢ ᠪᠠᠶᠠᠷᠯᠠᠵᠥ᠂ ᠬᠠᠲᠤᠨ ᠭᠤᠤᠯ ᠡᠨᠡ ᠬᠦ ᠡᠵᠢ ᠭᠤᠤᠯ ᠢ ᠬᠠᠮᠠᠭᠠᠯᠠᠬᠤ ᠶᠢ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠥ᠂ 《ᠤᠰᠤ ᠪᠠᠷ ᠳᠦᠷᠪᠡ ᠶᠢ ᠳᠤᠬᠳᠠᠭᠠᠬᠤ》 ᠵᠠᠷᠴᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠣᠭᠲᠠᠭᠠᠯ ᠠᠴᠠ ᠵᠥᠷᠢᠴᠡᠨ ᠤᠰᠤ ᠠᠪᠴᠤ ᠤᠰᠤ ᠬᠡᠷᠡᠭᠯᠡᠬᠦ ᠶᠢ ᠲᠠᠰᠤ ᠬᠤᠷᠢᠭᠯᠠᠵᠥ᠂ ᠤᠰᠤ ᠠᠷᠪᠢᠯᠠᠬᠤ ᠠᠵᠢᠯ ᠢ ᠦᠨᠡᠨ ᠬᠦ ᠰᠠᠶᠢᠲᠤᠷ ᠬᠢᠵᠥ᠂ ᠤᠰᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠵᠥ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠲᠡᠢ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

ᠰᠢᠩ ᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠢᠨ᠎ᠡ ᠴᠠᠬᠢᠭᠤᠷᠳᠦ ᠮᠠᠲ᠋ᠧᠷᠢᠶᠠᠯ ᠤᠨ ᠲᠥᠷᠥᠯ ᠵᠦᠶᠯ ᠪᠠ ᠢᠤᠢ ᠵᠢᠩ ᠰᠢᠨᠵᠢᠯᠡᠬᠦ ᠤᠬᠠᠭᠠᠨ  ᠮᠡᠷᠭᠡᠵᠢᠯ ᠤᠨ ᠣᠨᠴᠠ ᠲᠥᠷᠥᠯ ᠤᠨ ᠰᠢᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠱᠢ ᠲᠠᠢ ᠹᠧᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠶ ᠶᠠᠷᠢᠯᠴᠠᠵᠤ᠂ ᠲᠥᠷᠥᠯ ᠵᠦᠶᠯ ᠤᠨ ᠠᠬᠢᠴᠠ ᠶᠢᠨ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠤᠨ ᠬᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠪᠠᠰᠠ ᠶᠠᠮᠠᠷ ᠬᠦᠴᠢᠷᠳᠡᠯ ᠪᠠᠶᠢᠬᠤ ᠶᠢ ᠬᠠᠯᠠᠮᠵᠢᠯᠠᠨ ᠠᠰᠠᠭᠤᠪᠠ᠃ ᠲᠡᠷᠡ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ ᠶᠢ ᠡᠴᠦᠰ ᠤᠨ ᠡᠴᠦᠰ ᠲᠡᠭᠡᠨ ᠨᠢᠭᠡ ᠨᠢᠭᠡ ᠲᠥᠷᠥᠯ ᠵᠦᠶᠯ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠶ᠂ ᠡᠯ᠎ᠡ ᠭᠠᠵᠠᠷ ᠤᠨ ᠬᠢᠨ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠴᠢᠩᠭ᠎ᠠ ᠠᠮᠵᠢᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ 《ᠴᠤᠭᠯᠠᠷᠠᠯ ᠤᠨ ᠪᠦᠷᠢᠶ᠎ᠡ》 《ᠲᠠᠭᠠᠷᠢᠯᠲᠠ ᠶᠢᠨ ᠪᠦᠷᠢᠶ᠎ᠡ》 ᠶᠢ ᠪᠥᠬᠦ ᠲᠠᠯ᠎ᠠ ᠪᠠᠷ ᠬᠠᠩᠭᠢᠨᠠᠭᠤᠯᠵᠤ᠂ ᠴᠠᠭ ᠮᠥᠴᠡ ᠶᠢ ᠠᠯᠳᠠᠯ ᠥᠬᠡᠶ ᠴᠢᠷᠮᠠᠶᠢᠬᠤ ᠡᠷᠴᠢ ᠵᠣᠷᠢᠭ ᠢᠶᠠᠷ ᠡᠯ᠎ᠡ ᠲᠥᠷᠥᠯ ᠵᠦᠶᠯ ᠤᠨ ᠡᠷᠲᠡᠬᠡᠨ ᠪᠠᠶᠢᠭᠤᠯᠤᠭᠳᠠᠨ ᠠᠰᠢᠭᠯᠠᠯᠲᠠ ᠳᠤ ᠣᠷᠣᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠱᠢ ᠲᠠᠢ ᠹᠧᠩ ᠵᠡᠭᠦᠨᠭᠠᠷ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠳ᠋ᠠ ᠯᠦ ᠠᠵᠤ ᠦᠶᠯᠡᠰ ᠤᠨ ᠬᠦᠷᠢᠶᠡᠯᠡᠩ ᠳᠤ ᠬᠦᠷᠴᠦ᠂ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ  ᠮᠡᠷᠭᠡᠵᠢᠯ ᠤᠨ ᠠᠵᠤ ᠦᠶᠯᠡᠰ ᠤᠨ ᠰᠠᠭᠤᠷᠢᠨ  ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠶ ᠰᠢᠨᠵᠢᠯᠡᠨ ᠪᠠᠶᠢᠴᠠᠭᠠᠪᠠ᠃ ᠲᠡᠷᠡ᠂ ᠰᠢᠨ᠎ᠡ ᠡᠨᠧᠷᠭᠢ ᠶᠢ ᠬᠥᠭᠵᠢᠭᠦᠯᠬᠦ ᠳᠤ ᠵᠠᠪᠠᠯ ᠲᠥᠯᠥᠪᠵᠢᠭᠦᠯᠭᠡ ᠲᠣᠭᠲᠠᠭᠠᠭᠰᠠᠨ ᠤ ᠳᠠᠷᠠᠭ᠎ᠠ ᠠᠵᠢᠯᠯᠠᠬᠤ ᠬᠡᠷᠡᠭᠲᠡᠶ᠂ ᠰᠢᠰᠲ᠋ᠧᠮᠳᠦ ᠦᠵᠡᠯᠳᠠ ᠶᠢ ᠪᠠᠷᠢᠮᠲᠠᠯᠠᠵᠤ᠂ ᠬᠡᠯᠬᠢᠶᠡᠵᠢᠭᠰᠡᠨ ᠰᠡᠳᠭᠢᠬᠦᠶ ᠶᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠶᠢ ᠰᠠᠶᠢᠲᠤᠷ ᠬᠢᠵᠦ᠂ ᠰᠠᠯᠬᠢ ᠬᠡᠷᠡᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ ᠢᠵᠢ ᠪᠦᠷᠢᠳᠦᠭᠦᠯᠬᠦ ᠪᠠ   ᠬᠡᠷᠡᠭᠯᠡᠯᠲᠡ ᠶᠢ ᠥᠷᠭᠡᠳᠭᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠣᠨᠣᠭᠯᠠᠯ ᠦᠶᠯᠡᠳᠬᠦ ᠦᠶᠯᠡᠰ ᠪᠣᠯᠤᠨ ᠠᠵᠢᠯᠯᠠᠭᠤᠯᠵᠤ ᠬᠠᠮᠠᠭᠠᠯᠠᠬᠤ ᠦᠶᠯᠡᠴᠢᠯᠡᠭᠡᠨ ᠤ ᠦᠶᠯᠡᠰ ᠢ ᠶᠡᠭᠡ ᠪᠠᠷ ᠬᠥᠭᠵᠢᠭᠦᠯᠵᠦ᠂ ᠰᠢᠨ᠎ᠡ ᠡᠨᠧᠷᠭᠢ ᠶᠢᠨ ᠬᠥᠭᠵᠢᠯᠲᠡ ᠶᠢᠨ ᠶᠡᠷᠦᠩᠬᠡᠶᠢᠯᠡᠭᠰᠡᠨ ᠦᠶᠯᠡᠳᠦᠯ ᠴᠢᠳᠠᠪᠬᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠪᠦᠬᠦᠶᠢᠯᠡ ᠠᠵᠤ ᠦᠶᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠨᠠᠩ ᠰᠠᠶᠢᠲᠤᠷ ᠳᠠᠶᠢᠴᠢᠯᠠᠬᠤ ᠬᠡᠷᠡᠭᠲᠡᠶ᠃ ᠲᠤᠰ ᠭᠠᠵᠠᠷ ᠣᠷᠣᠨ ᠤ ᠪᠠᠨ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠳᠠᠬᠢ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠣᠨᠣᠴᠠᠲᠠᠢ ᠥᠷᠨᠢᠭᠦᠯᠵᠦ᠂ ᠡᠬᠢᠨ ᠤ ᠪᠠ ᠡᠴᠦᠰ ᠤᠨ ᠭᠡᠯᠬᠢᠶᠡᠨ ᠤ ᠠᠵᠤ ᠦᠢᠯᠡᠰ ᠤᠨ ᠢᠵᠢ ᠪᠦᠷᠢᠳᠦᠬᠦᠯᠦᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠶᠠᠭᠠᠬᠢᠭᠰᠠᠨ ᠴᠤ 《ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ᠂ ᠴᠠᠬᠢᠯᠭᠠᠨ ᠭᠠᠷᠭᠠᠵᠤ ᠴᠠᠬᠢᠯᠭᠠᠨ ᠬᠤᠳᠠᠯᠳᠤᠬᠤ》 ᠪᠦᠳᠦᠭᠦᠯᠢᠭ ᠬᠥᠭᠵᠢᠯᠲᠡ ᠶᠢᠨ ᠬᠠᠭᠤᠴᠢᠨ ᠵᠠᠮ ᠢᠶᠠᠷ ᠲᠠᠬᠢᠨ ᠵᠠᠮᠨᠠᠵᠤ ᠪᠣᠯᠬᠤ ᠦᠭᠡᠢ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠳᠤ 《ᠲᠣᠭᠲᠠᠭᠤᠨ ᠪᠠᠶᠢᠯᠭᠠᠬᠤ》 ᠴᠤ ᠲᠡᠷᠨ 《ᠤᠷᠤᠭᠰᠢᠯᠠᠨ ᠲᠠᠪᠰᠢᠬᠤ》 ᠭᠡᠰᠡᠨ ᠦᠭᠡᠢ ᠴᠥᠮ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠳᠤ ᠠᠪᠴᠤ ᠬᠡᠯᠡᠪᠡᠯ᠂ ᠵᠠᠩᠭᠢᠯᠠᠭ᠎ᠠ ᠨᠢ ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠠᠵᠤ ᠠᠬᠤᠶᠢᠯᠠᠯ ᠤᠨ ᠬᠥᠭᠵᠢᠯᠲᠡ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠰᠡᠳᠭᠢᠯ ᠳᠡᠯᠪᠢᠨ ᠬᠦᠴᠦ ᠣᠷᠣᠭᠤᠯᠤᠨ ᠦᠶᠯᠡᠴᠢᠯᠡᠭᠡ ᠪᠠᠨ ᠰᠢᠯᠢᠳᠡᠭᠵᠢᠭᠦᠯᠵᠦ᠂ ᠪᠠᠲᠤᠯᠠᠭ᠎ᠠ ᠪᠠᠨ ᠴᠢᠩᠭᠠᠳᠬᠠᠨ᠂ ᠠᠰᠠᠭᠤᠳᠠᠯ ᠢ ᠬᠦᠴᠦᠲᠡᠶ ᠪᠦᠲᠦᠮᠵᠢᠲᠡᠶ ᠰᠢᠶᠳᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠵᠤ ᠠᠬᠤᠶᠢᠯᠠᠯ ᠳᠤ ᠦᠨᠡᠨ ᠬᠦ ᠬᠠᠯᠠᠭᠤᠨ ᠳᠤᠯᠠᠭᠠᠨ ᠪᠠ ᠲᠥᠬᠦᠮ ᠦᠵᠡᠭᠦᠯᠵᠦ᠂ ᠲᠣᠭᠲᠠᠭᠤᠨ ᠵᠢᠱᠢᠯᠲᠡ ᠪᠠ ᠦᠨᠡᠨ ᠪᠣᠳᠠᠲᠠᠶ ᠠᠰᠢᠭ ᠣᠷᠣᠯᠭ᠎ᠠ ᠲᠠᠢ ᠪᠣᠯᠭᠠᠬᠤ ᠬᠡᠷᠡᠭᠲᠡᠶ ᠭᠡᠵᠦ ᠬᠡᠯᠡᠪᠡ᠃

ᠪᠠᠶᠢᠴᠠᠭᠠᠨ ᠰᠤᠳᠤᠯᠬᠤ ᠬᠤᠭᠤᠴᠠᠭᠠᠨ ᠳᠤ ᠱᠢ ᠲᠠᠢ ᠹᠧᠩ᠂ ᠣᠷᠳᠣᠰ ᠬᠤᠲᠠ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠨᠢᠭᠡᠳᠦᠭᠡᠷ  ᠲᠣᠮᠣ ᠬᠤᠲᠠ ᠪᠣᠯᠤᠭᠰᠠᠨ ᠤ ᠬᠤᠪᠢ ᠳᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠶ  ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠂ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠬᠦ᠂ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠬᠦ᠂ ᠬᠥᠭᠵᠢᠯᠲᠡ ᠶᠢᠨ ᠨᠥᠭᠡᠴᠡ ᠬᠦᠴᠦᠨ ᠢ ᠬᠤᠷᠠᠮᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠬᠦᠴᠦᠨ ᠢᠶᠠᠨ ᠲᠦᠪᠯᠡᠷᠡᠬᠦᠯᠦᠨ᠂ ᠪᠥᠬᠦ ᠣᠷᠣᠨ ᠤ ᠠᠵᠤ ᠠᠬᠤᠶ ᠶᠢᠨ ᠲᠣᠭᠲᠠᠭᠤᠨ ᠨᠡᠮᠡᠭᠳᠡᠯ ᠪᠣᠯᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠠᠵᠤ ᠠᠬᠤᠶ ᠶᠢᠨ ᠲᠣᠮᠣ ᠬᠤᠲᠠ ᠶᠢᠨ ᠬᠠᠷᠢᠭᠤᠴᠠᠯᠭ᠎ᠠ ᠡᠭᠦᠷᠭᠡᠯᠡᠯ ᠢ ᠦᠨᠡᠨ ᠬᠦ ᠢᠯᠡᠷᠡᠭᠦᠯᠵᠦ᠂ ᠠᠵᠤ ᠠᠬᠤᠶ ᠶᠢᠨ ᠲᠣᠮᠣ ᠬᠤᠲᠠ ᠶᠢᠨ ᠦᠶᠯᠡᠳᠦᠯ ᠢ ᠪᠠᠳᠠᠷᠠᠭᠤᠯᠵᠦ᠂ ᠠᠵᠤ ᠠᠬᠤᠶ ᠶᠢᠨ ᠲᠣᠮᠣ ᠬᠤᠲᠠ ᠶᠢᠨ ᠬᠦᠴᠦᠨ ᠴᠢᠳᠠᠯ ᠢᠶᠠᠨ ᠡᠷᠭᠦᠵᠦ᠂ ᠪᠥᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ 《ᠳᠤᠬᠳᠠᠪᠤᠷᠢᠵᠢᠭᠤᠯᠤᠬᠴᠢ》《ᠤᠷᠤᠭᠰᠢᠯᠠᠨ ᠳᠠᠪᠰᠢᠬᠤ》 ᠶᠢᠨ ᠳᠠᠭᠠᠭᠤᠯᠤᠭᠴᠢ ᠪᠣᠯᠬᠤ ᠬᠡᠷᠡᠭᠲᠡᠶ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ᠂ ᠵᠠᠩ ᠱᠤᠤ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠬᠤ ᠳᠤ ᠣᠷᠣᠯᠴᠠᠵᠠᠢ᠃

 

 


   :                    
   :           
备案序号:蒙ICP备05003250号 公安备案15010502000173