ᠵᠤᠬᠢᠶᠠᠭᠴᠢ: ᠴᠠᠭ:2022-03-25 ᠥᠵᠡᠭᠰᠡᠨ : ᠢᠷᠡᠯᠲᠡ:  《ᠥᠪᠥᠷ ᠮᠣᠩᠭᠤᠯ ᠤᠨ ᠡᠳᠦᠷ ᠤᠨ ᠰᠣᠨᠢᠨ》  
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶ᠎ᠠ ᠲᠠᠪᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ  ᠱᠢ ᠲᠠᠢ ᠹᠧᠩ ᠬᠤᠷᠠᠯ ᠢ ᠡᠷᠬᠢᠯᠡᠵᠥ  ᠸᠠᠩ ᠯᠢ ᠰᠢᠶᠠ ᠤᠷᠤᠯᠴᠠᠵᠠᠢ

 

2022  3  ᠰᠠᠷ᠎ᠠ ᠶᠢᠨ 23 ᠤ ᠡᠳᠤᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶ᠎ᠠ ᠲᠠᠪᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠥ᠂ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠦᠪᠯᠡᠵᠥ᠂ ᠬᠠᠤᠯᠢᠵᠢᠯ ᠤᠨ ᠪᠠᠶᠢᠭᠤᠯᠤᠯᠳᠠ ᠶᠢᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶᠠᠨ ᠤ ᠳᠡᠳ᠋ ᠡᠷᠬᠢᠯᠡᠭᠴᠢ ᠸᠠᠩ ᠯᠢ ᠰᠢᠶᠠ᠂ ᠳ᠋ᠢᠩ ᠰᠢᠤ ᠹᠧᠩ ᠬᠤᠷᠠᠯ ᠳᠤ ᠣᠷᠣᠯᠴᠠᠵᠠᠢ᠃

ᠬᠤᠷᠠᠯ ᠠᠴᠠ 2021 ᠣᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠢᠶ᠎ᠠ ᠶᠢᠨ 2022 ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠵᠦ᠂ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠬᠠᠤᠯᠢ ᠶᠢ ᠲᠦᠭᠡᠮᠡᠯᠵᠢᠭᠦᠯᠬᠦ ᠡᠯ᠎ᠡ ᠵᠣᠬᠢᠴᠠᠭᠤᠯᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠡᠰᠡᠭ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃

ᠬᠤᠷᠠᠯ ᠠᠴᠠ ᠣᠶᠢᠷ᠎ᠠ ᠶᠢᠨ ᠵᠢᠯ ᠤᠨ ᠲᠤᠷᠰᠢᠬᠢ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠣᠯᠤᠭᠰᠠᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ ᠨᠤᠲᠠᠯᠠᠵᠤ᠂ ᠪᠥᠬᠦ ᠣᠷᠣᠨ ᠤ ᠬᠠᠤᠯᠢᠵᠢᠯ ᠤᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠵᠥᠷᠢᠶ᠎ᠡ ᠪᠣᠯᠤᠨ ᠬᠦᠷᠦᠯᠴᠡᠬᠦ ᠥᠬᠡᠶ ᠲᠠᠯ᠎ᠠ ᠶᠢ ᠭᠦᠨᠵᠡᠭᠡᠶ ᠵᠠᠳᠠᠯᠵᠠᠶ᠃ ᠬᠤᠷᠠᠯ ᠠᠴᠠ᠂ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠤ ᠪᠠ ᠪᠦᠬᠦ ᠲᠠᠯ᠎ᠠ ᠶᠢᠨ ᠦᠨᠳᠦᠷᠴᠡ ᠠᠴᠠ ᠬᠠᠤᠯᠢᠵᠢᠯ ᠤᠨ ᠪᠠᠶᠢᠭᠤᠯᠤᠯᠲᠠ ᠶᠢᠨ ᠴᠢᠬᠤᠯᠠ ᠪᠠᠶᠢᠷᠢ ᠰᠠᠭᠤᠷᠢ ᠪᠠ ᠴᠢᠬᠤᠯᠠ ᠦᠢᠯᠡᠳᠦᠯ ᠢ ᠭᠦᠨᠵᠡᠭᠡᠢ ᠲᠠᠨᠢᠵᠥ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠤᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ   ᠲᠠᠢ ᠤᠶᠠᠯᠳᠤᠭᠤᠯᠵᠥ᠂ ᠬᠠᠤᠯᠢᠵᠢᠯ ᠤᠨ ᠪᠠᠶᠢᠭᠤᠯᠤᠯᠲᠠ ᠶᠢᠨ 《ᠨᠢᠭᠡ ᠲᠥᠯᠥᠪᠵᠢᠭᠦᠯᠭᠡ ᠬᠤᠶᠠᠷ ᠬᠦᠳᠦᠯᠪᠦᠷᠢ》 ᠶᠢ ᠬᠡᠷᠡᠭᠵᠢᠭᠦᠯᠬᠦ ᠲᠠᠢ ᠨᠢᠭᠡᠳᠭᠡᠵᠥ᠂ ᠨᠠᠩ ᠥᠨᠳᠥᠷ ᠵᠣᠭᠰᠣᠴᠠ᠂ ᠨᠠᠩ ᠴᠢᠩᠭ᠎ᠠ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠡᠯ᠎ᠡ ᠵᠦᠶᠯ ᠤᠨ ᠠᠵᠢᠯ ᠢ ᠠᠬᠢᠭᠤᠯᠵᠥ᠂ ᠦᠨᠳᠦᠰᠦ ᠰᠠᠭᠤᠷᠢ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠭᠡᠳᠦ ᠳᠤ ᠠᠰᠢᠭᠲᠠᠶ ᠪᠠᠶᠢᠬᠤ ᠬᠠᠤᠯᠢᠵᠢᠯ ᠤᠨ ᠦᠢᠯᠡᠳᠦᠯ ᠢ ᠭᠦᠶᠴᠡᠳ ᠪᠠᠳᠠᠷᠠᠭᠤᠯᠵᠥ᠂ ᠬᠠᠤᠯᠢ ᠪᠠᠷ ᠵᠠᠰᠠᠬᠤ ᠪᠠᠶᠢᠭᠤᠯᠤᠯ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠠᠩ ᠰᠠᠶᠢᠲᠤᠷ ᠤᠨᠳᠤᠤᠰᠢᠭᠤᠯᠵᠥ᠂ ᠪᠦᠬᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃

ᠬᠤᠷᠠᠯ ᠠᠴᠠ᠂ ᠬᠠᠤᠯᠢ ᠲᠣᠭᠲᠠᠭᠠᠬᠤ ᠶᠠᠰᠤ ᠴᠢᠨᠠᠷ  ᠡᠨᠡ ᠬᠦ ᠵᠠᠩᠭᠢᠯᠠᠭ᠎ᠠ ᠶᠢ ᠠᠳᠬᠤᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠭᠦᠨᠵᠡᠭᠡᠢ ᠠᠬᠢᠭᠤᠯᠵᠤ᠂ ᠬᠠᠤᠯᠢ ᠲᠣᠭᠲᠠᠭᠠᠬᠤ ᠡᠷᠬᠡ ᠶᠢᠨ ᠬᠢᠵᠠᠭᠠᠷ᠂ ᠬᠠᠤᠯᠢ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠠᠵᠢᠯᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠮᠢ ᠠᠬᠤᠢ ᠶᠢᠨ ᠪᠣᠯᠪᠠᠰᠤᠨ᠂ ᠡᠨᠧᠷᠭᠢ ᠪᠣᠯᠤᠨ ᠠᠮᠤ ᠪᠤᠳᠠᠭᠠᠨ ᠤ ᠠᠮᠤᠷ ᠲᠦᠪᠰᠢᠨ᠂ ᠲᠣᠭᠠᠴᠢᠯᠠᠭᠰᠠᠨ ᠠᠵᠤ ᠠᠬᠤᠢ᠂ ᠠᠷᠠᠳ ᠤᠨ ᠠᠮᠢᠳᠤᠷᠠᠯ ᠵᠡᠷᠭᠡ ᠴᠢᠬᠤᠯᠠ ᠬᠦᠷᠢᠶᠡᠨ ᠤ ᠬᠠᠤᠯᠢ ᠲᠣᠭᠲᠠᠭᠠᠬᠤ ᠶᠢ ᠴᠢᠩᠭᠠᠳᠬᠠᠵᠤ᠂ ᠬᠠᠤᠯᠢ ᠲᠣᠭᠲᠠᠭᠠᠬᠤ ᠶᠢᠨ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ᠃ ᠲᠥᠪ ᠭᠤᠣᠯᠴᠢ ᠪᠠᠷ ᠬᠠᠤᠯᠢ ᠪᠠᠷᠢᠬᠤ ᠶᠢ ᠶᠡᠭᠡ ᠪᠠᠷ ᠠᠬᠢᠭᠤᠯᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠣᠯᠠᠨᠲᠠ ᠡᠭᠦᠰᠭᠦ ᠴᠢᠨᠠᠷ᠂ ᠪᠤᠷᠤᠩᠬᠤᠢ ᠴᠢᠨᠠᠷ᠂ ᠨᠡᠶᠢᠲᠡᠯᠢᠭ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠬᠰᠢᠨ ᠡᠮ ᠢᠶᠠᠷ ᠡᠪᠡᠳᠴᠢᠨ ᠵᠠᠰᠠᠵᠤ᠂ ᠡᠬᠢ ᠦᠨᠳᠦᠰᠦ ᠠᠴᠠ ᠨᠢ ᠠᠳᠬᠤᠨ ᠵᠠᠰᠠᠵᠤ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ᠂ ᠬᠢᠨᠠᠯᠲᠠ ᠶᠢ ᠬᠦᠯᠢᠶᠡᠬᠦ ᠤᠬᠠᠮᠰᠠᠷ ᠢᠶᠠᠨ ᠴᠢᠩᠭᠠᠳᠬᠠᠵᠤ᠂ ᠬᠠᠤᠯᠢ ᠪᠠᠷᠢᠵᠤ ᠰᠢᠢᠳᠪᠦᠷᠢᠯᠡᠭᠰᠡᠨ ᠬᠡᠷᠡᠭ ᠨᠢᠭᠡ ᠪᠦᠷᠢ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠬᠦᠯᠬᠦ ᠬᠡᠷᠡᠭᠲᠡᠢ᠃ 《ᠭᠦᠢᠴᠡᠳᠭᠡᠬᠦ ᠳᠤ ᠬᠦᠴᠢᠷᠲᠡᠢ》 ᠪᠠᠶᠢᠬᠤ ᠠᠰᠠᠭᠤᠳᠠᠯ ᠢ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ 《ᠤᠬᠳᠤ ᠠᠭᠤᠴᠢᠯᠠᠬᠤ ᠦᠭᠡᠢ》 ᠣᠪᠣᠷ ᠢᠶᠠᠷ ᠢᠯᠵᠠᠷᠠᠯ ᠢ ᠵᠠᠯᠬᠠᠭᠠᠨ ᠰᠢᠢᠳᠭᠡᠵᠦ᠂ ᠬᠠᠤᠯᠢ ᠴᠠᠭᠠᠵᠠ ᠶᠢᠨ ᠡᠷᠬᠡ ᠰᠦᠷ ᠪᠠ ᠨᠡᠶᠢᠳᠡ ᠶᠢᠨ ᠢᠲᠡᠭᠡᠭᠦᠯᠬᠦ ᠬᠦᠴᠦᠨ ᠢ ᠬᠦᠴᠦᠲᠡᠢ ᠬᠠᠮᠠᠭᠠᠯᠠᠬᠤ ᠬᠡᠷᠡᠭᠲᠡᠢ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠯ᠎ᠠ ᠪᠠᠷ ᠬᠦᠴᠦ ᠪᠠᠨ ᠲᠥᠪᠯᠡᠷᠡᠭᠦᠯᠵᠦ᠂ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠡᠯ᠎ᠡ ᠵᠦᠶᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠤᠨ ᠥᠮᠴᠢᠯᠡᠯ ᠤᠨ ᠡᠷᠬᠡ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠳᠤᠷ᠎ᠠ ᠪᠠᠷ ᠢᠶᠠᠨ ᠰᠦᠶᠳᠭᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠲᠣᠷᠭᠠᠬᠤ᠂ ᠳᠤᠷ᠎ᠠ ᠪᠠᠷ ᠢᠶᠠᠨ ᠲᠡᠰᠭᠡᠬᠦ ᠠᠰᠠᠭᠤᠳᠠᠯ ᠢ ᠡᠷᠡᠰ ᠪᠠᠶᠢᠴᠠᠭᠠᠨ ᠰᠢᠶᠳᠪᠦᠷᠢᠯᠡᠵᠦ᠂ ᠬᠦᠮᠦᠨᠴᠢ ᠴᠢᠨᠠᠷ ᠢᠶᠠᠷ ᠬᠠᠤᠯᠢ ᠬᠡᠷᠡᠭᠵᠢᠭᠦᠯᠬᠦ᠂ ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ᠂ ᠢᠯᠡ ᠪᠠᠷ ᠬᠠᠤᠯᠢ ᠬᠡᠷᠡᠭᠵᠢᠭᠦᠯᠬᠦ ᠶᠢ ᠶᠡᠭᠡ ᠪᠠᠷ ᠠᠬᠢᠭᠤᠯᠵᠤ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ᠃ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ 《ᠨᠠᠶᠮᠠᠳᠤᠭᠠᠷ ᠲᠠᠪᠤᠨ ᠵᠢᠯ》 ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 《ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ》 ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠠᠷᠠᠳ ᠢᠷᠭᠡᠳ ᠤᠨ ᠬᠠᠤᠯᠢᠵᠢᠯ ᠤᠨ ᠤᠬᠠᠮᠰᠠᠷ ᠪᠣᠯᠤᠨ ᠬᠠᠤᠯᠢᠵᠢᠯ ᠤᠨ ᠬᠡᠪ ᠪᠣᠯᠪᠠᠰᠤᠷᠠᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠬᠠᠤᠯᠢ ᠶᠣᠰᠣᠭᠠᠷ ᠠᠵᠢᠯ ᠶᠠᠪᠤᠳᠠᠯ ᠡᠷᠬᠢᠯᠡᠬᠦ ᠤᠳᠤᠷᠢᠳᠤᠮᠵᠢ ᠶᠢ ᠪᠤᠢ ᠪᠣᠯᠭᠠᠵᠤ᠂ ᠪᠦᠬᠦ ᠨᠡᠶᠢᠭᠡᠮ ᠳᠤ 《ᠲᠣᠳᠣᠷᠬᠠᠢ ᠳᠦᠷᠢᠮ》 ᠲᠣᠭᠲᠠᠭᠠᠵᠤ᠂ 《ᠳᠠᠯᠳᠠ ᠳᠦᠷᠢᠮ》 ᠢ ᠡᠪᠳᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠭᠰᠠᠳ ᠢ ᠰᠡᠳᠭᠢᠯ ᠲᠡᠨᠢᠭᠦᠨ ᠪᠣᠯᠭᠠᠵᠤ᠂ ᠬᠠᠤᠯᠢ ᠶᠢ ᠵᠥᠷᠢᠴᠡᠵᠦ ᠶᠣᠰᠣ ᠮᠣᠷᠠᠯ ᠠᠴᠠ ᠲᠡᠷᠰᠯᠡᠭᠰᠡᠳ ᠢ ᠨᠢᠭᠡ ᠠᠯᠬᠤᠮ ᠴᠤ ᠤᠷᠤᠭᠰᠢᠯᠠᠬᠤᠶ᠎ᠠ ᠪᠡᠷᠬᠡ ᠪᠣᠯᠭᠠᠬᠤ ᠬᠡᠷᠡᠭᠲᠡᠢ᠃ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠳᠤᠮᠳᠠᠬᠢ ᠬᠠᠤᠯᠢᠵᠢᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠤᠯᠠᠨ ᠬᠠᠤᠯᠢᠵᠢᠯ ᠤᠨ ᠬᠦᠴᠦᠨ ᠤ ᠬᠦᠲᠦᠯᠦᠨ ᠵᠢᠯᠣᠭᠤᠳᠬᠤ ᠪᠠ ᠨᠡᠪᠳᠡᠷᠡᠬᠦᠯᠬᠦ ᠲᠠᠯ᠎ᠠ ᠲᠡᠶᠢᠰᠢ ᠬᠦᠴᠦᠯᠡᠬᠦ ᠶᠢ ᠠᠬᠢᠭᠤᠯᠵᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ 《ᠨᠢᠭᠡ ᠥᠷᠲᠡᠭᠡᠴᠢᠯᠡᠭᠰᠡᠨ ᠭᠡᠯᠪᠡᠷᠢ》 ᠪᠠᠷ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠵᠠᠷᠭᠤ ᠶᠢᠨ ᠡᠬᠢ ᠡᠬᠦᠰᠤᠯ ᠤᠨ ᠵᠠᠰᠠᠯᠲᠠ ᠶᠢ ᠭᠦᠨᠵᠡᠭᠡᠶᠢᠷᠡᠭᠦᠯᠦᠨ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠨ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶   ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠬᠠᠤᠯᠢᠵᠢᠯ ᠤᠨ ᠪᠠᠶᠢᠭᠤᠯᠤᠯᠲᠠ ᠶᠢᠨ ᠪᠦᠬᠦ ᠶᠠᠪᠤᠴᠠ ᠪᠠ ᠡᠯ᠎ᠡ ᠲᠠᠯ᠎ᠠ ᠳᠤ ᠢᠯᠡᠷᠡᠭᠦᠯᠵᠦ᠂ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠭᠡᠵᠦ᠂ ᠬᠠᠤᠯᠢᠵᠢᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ 《ᠬᠤᠷᠴᠠ ᠰᠡᠯᠡᠮ᠎ᠡ》 ᠶᠢᠨ ᠦᠢᠯᠡᠳᠦᠯ ᠢ ᠪᠠᠳᠠᠷᠠᠭᠤᠯᠵᠤ᠂ ᠬᠠᠤᠯᠢᠵᠢᠯ ᠤᠨ ᠪᠠᠶᠢᠭᠤᠯᠤᠯᠲᠠ ᠪᠠᠷ ᠺᠠᠳ᠋ᠷ ᠢ ᠰᠢᠯᠭᠠᠨ ᠪᠠᠶᠢᠴᠠᠭᠠᠬᠤ ᠴᠢᠬᠤᠯᠠ ᠠᠭᠤᠯᠭ᠎ᠠ ᠪᠣᠯᠭᠠᠵᠤ᠂ ᠨᠡᠩ ᠬᠦᠴᠦᠲᠡᠢ ᠠᠷᠭ᠎ᠠ ᠬᠡᠮᠵᠢᠶ᠎ᠡ᠂ ᠨᠡᠩ ᠪᠦᠷᠢᠨ ᠲᠡᠭᠦᠯᠳᠡᠷ ᠲᠣᠭᠲᠠᠴᠠ ᠪᠠᠷ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠤᠷᠢᠶᠠᠨ ᠤ ᠠᠯᠪᠠᠨ ᠭᠡᠷ ᠵᠢᠴᠢ ᠡᠯ᠎ᠡ ᠵᠣᠬᠢᠴᠠᠭᠤᠯᠬᠤ ᠳᠤᠭᠤᠶᠢᠯᠠᠩ ᠡᠭᠦᠷᠭᠡ  ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠷᠢᠶᠠᠨ ᠤ ᠲᠣᠭᠲᠠᠭᠠᠭᠰᠠᠨ ᠵᠦᠢᠯ ᠪᠠ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠭᠡᠷᠡᠭᠳᠠᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠠᠤᠯᠢᠵᠢᠯ ᠤᠨ ᠰᠡᠳᠭᠢᠬᠦᠢ ᠪᠠ ᠬᠠᠤᠯᠢᠵᠢᠯ ᠤᠨ ᠠᠷᠭ᠎ᠠ ᠮᠠᠶ᠋ᠢᠭ ᠢ ᠬᠡᠷᠡᠭᠯᠡᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠢᠮᠠᠭᠲᠠ ᠬᠠᠤᠯᠢᠵᠢᠯ ᠤᠨ ᠠᠷᠭ᠎ᠠ ᠵᠠᠮ ᠢᠶᠠᠷ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠵᠢᠯ ᠶᠠᠪᠤᠳᠠᠯ ᠬᠢᠬᠦ ᠬᠡᠷᠡᠭᠲᠡᠢ ᠭᠡᠵᠤ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶᠠᠨ ᠤ ᠭᠡᠰᠢᠭᠦᠨ ᠵᠢᠴᠢ ᠡᠯ᠎ᠡ ᠵᠣᠬᠢᠴᠠᠭᠤᠯᠬᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠠᠢ᠃

 

 

 


   :                    
   :           
备案序号:蒙ICP备05003250号 公安备案15010502000173