ᠵᠤᠬᠢᠶᠠᠭᠴᠢ:
ᠴᠠᠭ:2022-04-02
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ᠠᠩᠭ᠍ᠯᠢ ᠶᠢᠨ ᠲᠡᠷᠢᠭᠦᠨ ᠰᠠᠶᠢᠳ ᠵᠤᠨᠰᠤᠨ ᠲᠠᠢ ᠤᠲᠠᠰᠤ ᠪᠠᠷ ᠶᠠᠷᠢᠯᠴᠠᠪᠠ
ᠤᠯᠤᠰ ᠤᠨ ᠲᠡᠷᠢᠭᠦᠯᠡᠭᠴᠢ ᠰᠢ ᠶᠢᠨ ᠫᠢᠩ 2022 3 ᠰᠠᠷ᠎ᠠ ᠶᠢᠨ 25 ᠤ ᠦᠳᠡ ᠶᠢᠨ ᠬᠤᠶᠢᠨ᠎ᠠ ᠠᠩᠭ᠍ᠯᠢ ᠶᠢᠨ ᠲᠡᠷᠢᠭᠦᠨ ᠰᠠᠶᠢᠳ ᠵᠤᠨᠰᠤᠨ ᠲᠠᠢ ᠤᠲᠠᠰᠤ ᠪᠠᠷ ᠶᠠᠷᠢᠯᠴᠠᠵᠠᠢ᠃
ᠰᠢ ᠶᠢᠨ ᠫᠢᠩ᠂ ᠡᠨᠡ ᠵᠢᠯ ᠪᠣᠯ ᠳᠤᠮᠳᠠᠳᠤ ᠠᠩᠭ᠍ᠯᠢ ᠡᠯᠴᠢᠨ ᠰᠠᠶᠢᠳ ᠤᠨ ᠲᠡᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠤᠨ᠎ᠠ᠃ ᠬᠠᠭᠠᠰ ᠵᠠᠭᠤᠨ ᠤ ᠲᠤᠷᠰᠢ᠂ ᠳᠤᠮᠳᠠᠳᠤ ᠠᠩᠭ᠍ᠯᠢ ᠶᠢᠨ ᠬᠠᠷᠢᠯᠴᠠᠭ᠎ᠠ ᠬᠡᠳᠦᠶᠢᠪᠡᠷ ᠨᠤᠭᠤᠷᠠᠯ ᠪᠦᠳᠦᠷᠢᠯ ᠳᠤ ᠤᠴᠠᠷᠠᠭᠰᠠᠨ ᠪᠣᠯᠪᠠᠴᠤ ᠶᠡᠷᠦᠩᠬᠡᠢ ᠳᠡᠭᠡᠨ ᠲᠠᠰᠤᠷᠠᠯᠳᠠ ᠦᠭᠡᠢ ᠬᠥᠭᠵᠢᠪᠡ᠃ ᠬᠤᠶᠠᠷ ᠤᠯᠤᠰ ᠤᠨ ᠠᠷᠠᠯᠵᠢᠶᠠᠨ ᠤ ᠬᠡᠮᠵᠢᠶ᠎ᠡ 3 ᠳ᠋ᠦᠩᠰᠢᠭᠤᠷ ᠳ᠋ᠣᠯᠯᠠᠷ ᠪᠠᠶᠢᠭᠰᠠᠨ ᠠᠴᠠ ᠪᠠᠨ ᠮᠢᠩᠭᠠᠨ ᠳ᠋ᠦᠩᠰᠢᠭᠤᠷ ᠳ᠋ᠣᠯᠯᠠᠷ ᠪᠣᠯᠤᠨ ᠨᠡᠮᠡᠭᠳᠡᠵᠦ᠂ ᠬᠤᠣᠰ ᠴᠢᠭᠯᠡᠯᠲᠦ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷᠤᠭ ᠦᠬᠡᠢ ᠪᠠᠶᠢᠭᠰᠠᠨ ᠠᠴᠠ ᠪᠠᠨ 500 ᠳ᠋ᠦᠩᠰᠢᠭᠤᠷ ᠳ᠋ᠣᠯᠯᠠᠷ ᠪᠣᠯᠤᠨ ᠨᠡᠮᠡᠭᠳᠡᠪᠡ᠃ ᠨᠢᠳᠤᠨᠤᠨ ᠳᠤᠮᠳᠠᠳᠤ ᠠᠩᠭ᠍ᠯᠢ ᠶᠢᠨ ᠠᠷᠠᠯᠵᠢᠶ᠎ᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ ᠳᠤᠮᠳᠠᠳᠤ ᠤᠯᠤᠰ ᠤᠨ ᠠᠩᠭ᠍ᠯᠢ ᠳᠠᠬᠢ ᠪᠠᠯᠠ ᠣᠷᠣᠭᠤᠯᠤᠯᠲᠠ ᠬᠤᠶᠠᠷ ᠳᠠᠬᠢᠨ ᠭᠠᠷᠤᠶ ᠨᠡᠮᠡᠭᠳᠡᠵᠠᠢ᠃ ᠠᠩᠭ᠍ᠯᠢ ᠶᠢᠨ ᠪᠡᠯᠡ ᠤᠷᠤᠭᠤᠯᠤᠬᠰᠠᠨ ᠠᠵᠤ ᠠᠬᠤᠶᠢᠯᠠᠯ ᠳᠤᠮᠳᠠᠳᠤ ᠤᠯᠤᠰ ᠤᠨ ᠥᠭᠡᠷᠡᠴᠢᠯᠡᠯᠲᠡ ᠨᠡᠬᠡᠬᠡᠯᠳᠡ ᠳᠤ ᠢᠳᠡᠪᠬᠢᠲᠡᠢ ᠣᠷᠣᠯᠴᠠᠪᠠ᠃ ᠯᠣᠨᠳᠣᠨ ᠠᠷᠠᠳ ᠤᠨ ᠵᠣᠭᠤᠰ ᠤᠨ ᠳᠡᠯᠡᠬᠡᠶ ᠳᠡᠭᠡᠷᠡᠬᠢ ᠬᠠᠮᠤᠭ ᠤᠨ ᠲᠣᠮᠣ ᠬᠢᠯᠢ ᠶᠢᠨ ᠭᠠᠳᠠᠨᠠᠬᠢ ᠠᠷᠠᠯᠵᠢᠶᠠᠨ ᠤ ᠲᠥᠪ ᠪᠣᠯᠪᠠ᠃ ᠬᠤᠶᠠᠷ ᠤᠯᠤᠰ ᠪᠦᠬᠦ ᠪᠥᠮᠪᠥᠷᠴᠡᠭ ᠤᠨ ᠬᠥᠭᠵᠢᠯᠲᠡ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠲᠠᠯ᠎ᠠ ᠪᠠᠷ ᠵᠣᠬᠢᠴᠠᠭᠤᠯᠤᠨ ᠬᠠᠮᠵᠢᠯᠴᠠᠵᠤ᠂ ᠬᠥᠮᠦᠨ ᠲᠥᠷᠥᠯᠬᠢᠲᠡᠨ ᠤ ᠬᠠᠮᠲᠤ ᠶᠢᠨ ᠥᠷᠢᠰᠥᠯᠳᠦᠭᠡᠨ ᠢ ᠠᠷᠭᠠᠴᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠭᠡᠵᠤ ᠵᠢᠭᠠᠵᠤ ᠭᠠᠷᠭᠠᠵᠠᠢ᠃
ᠰᠢ ᠶᠢᠨ ᠫᠢᠩ᠂ ᠳᠤᠮᠳᠠᠳᠤ ᠠᠩᠭ᠍ᠯᠢ ᠶᠢᠨ ᠤᠯᠤᠰ ᠤᠨ ᠪᠠᠶᠢᠳᠠᠯ ᠠᠳᠠᠯᠢ ᠦᠭᠡᠢ᠂ ᠬᠥᠭᠵᠢᠯᠲᠡ ᠶᠢᠨ ᠵᠠᠮ ᠴᠤ ᠠᠳᠠᠯᠢ ᠦᠭᠡᠢ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠪᠣᠯᠤᠨ ᠠᠯᠤᠰ ᠬᠡᠳᠤ ᠠᠴᠠ ᠪᠣᠳᠣᠯᠬᠢᠯᠠᠵᠤ᠂ ᠬᠠᠷᠢᠯᠴᠠᠨ ᠬᠦᠨᠳᠦᠳᠭᠡᠬᠦ ᠶᠢ ᠪᠠᠷᠢᠮᠲᠠᠯᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠤᠪᠤᠷ ᠢᠶᠠᠷ᠂ ᠶᠠᠷᠢᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠭᠡᠪᠡᠯ ᠵᠣᠬᠢᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠦᠨᠡᠨᠴᠢ᠂ ᠨᠡᠭᠡᠭᠡᠯᠲᠡᠲᠡᠢ᠂ ᠪᠠᠭᠲᠠᠭᠠᠮᠵᠢᠲᠠᠢ ᠣᠪᠣᠷ ᠢᠶᠠᠷ ᠠᠩᠭ᠍ᠯᠢ ᠶᠢᠨ ᠲᠠᠯ᠎ᠠ ᠲᠠᠢ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠦᠨ᠎ᠡ᠂ ᠠᠩᠭ᠍ᠯᠢ ᠶᠢᠨ ᠲᠠᠯ᠎ᠠ ᠶᠢᠨ ᠬᠢᠨ ᠪᠤᠰᠤᠳᠴᠢ ᠲᠥᠪ ᠭᠤᠣᠯᠴᠢ ᠣᠪᠣᠷ ᠢᠶᠠᠷ ᠳᠤᠮᠳᠠᠳᠤ ᠤᠯᠤᠰ ᠪᠣᠯᠤᠨ ᠳᠤᠮᠳᠠᠳᠤ ᠠᠩᠭ᠍ᠯᠢ ᠶᠢᠨ ᠬᠠᠷᠢᠯᠴᠠᠭ᠎ᠠ ᠳᠤ ᠬᠠᠨᠳᠤᠵᠤ᠂ ᠳᠤᠮᠳᠠᠳᠤ ᠶᠢᠨ ᠲᠠᠯ᠎ᠠ ᠲᠠᠢ ᠬᠠᠮᠲᠤ ᠪᠠᠷ ᠬᠤᠶᠠᠷ ᠤᠯᠤᠰ ᠤᠨ ᠬᠠᠷᠢᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠤ ᠵᠢᠭᠠᠵᠤ ᠭᠠᠷᠭᠠᠪᠠ᠃
ᠵᠤᠨᠰᠤᠨ᠂ ᠠᠩᠭ᠍ᠯᠢ ᠳᠤᠮᠳᠠᠳᠤ ᠶᠢᠨ ᠬᠠᠷᠢᠯᠴᠠᠭ᠎ᠠ ᠲᠤᠶᠢᠯ ᠤᠨ ᠴᠢᠬᠤᠯᠠ ᠶᠤᠮ᠃ ᠠᠩᠭ᠍ᠯᠢ ᠳᠤᠮᠳᠠᠳᠤ ᠶᠢᠨ ᠠᠷᠠᠯᠵᠢᠶ᠎ᠠ ᠲᠦᠷᠭᠡᠨ ᠨᠡᠮᠡᠭᠳᠡᠵᠦ᠂ ᠠᠩᠭ᠍ᠯᠢ ᠳᠤ ᠰᠤᠷᠤᠯᠴᠠᠵᠤ ᠪᠠᠶᠢᠭ᠎ᠠ ᠳᠤᠮᠳᠠᠳᠤ ᠤᠯᠤᠰ ᠤᠨ ᠰᠤᠷᠤᠭᠴᠢ ᠧᠦ᠋ᠷᠣᠫᠠ ᠲᠢᠪ ᠤᠨ ᠠᠯᠢ ᠨᠢᠭᠡᠨ ᠤᠯᠤᠰ ᠤᠨ ᠬᠢ ᠠᠴᠠ ᠴᠤ ᠠᠷᠪᠢᠨ ᠪᠠᠶᠢᠨ᠎ᠠ᠂ ᠠᠩᠭ᠍ᠯᠢ ᠶᠢᠨ ᠲᠠᠯ᠎ᠠ ᠡᠭᠦᠨ ᠳᠤ ᠣᠮᠣᠭᠰᠢᠵᠤ ᠪᠠᠶᠢᠨ᠎ᠠ᠃ ᠠᠩᠭ᠍ᠯᠢ ᠳᠤᠮᠳᠠᠳᠤ ᠪᠣᠯ ᠴᠥᠮ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠭᠴᠢ ᠤᠯᠤᠰ ᠮᠥᠨ᠂ ᠮᠠᠰᠢ ᠤᠯᠠᠨ ᠠᠰᠠᠭᠤᠳᠠᠯ ᠳᠡᠭᠡᠷ᠎ᠡ ᠬᠠᠮᠲᠤ ᠶᠢᠨ ᠠᠰᠢᠭ ᠲᠤᠰᠠ ᠲᠠᠢ ᠪᠠᠶᠢᠵᠤ᠂ ᠬᠠᠮᠲᠤᠷᠠᠨ ᠠᠵᠢᠯᠯᠠᠵᠤ ᠪᠣᠯᠬᠤ ᠶᠠᠪᠤᠳᠠᠯ ᠮᠠᠰᠢ ᠤᠯᠠᠨ ᠪᠠᠶᠢᠨ᠎ᠠ᠃ ᠠᠩᠭ᠍ᠯᠢ ᠶᠢᠨ ᠲᠠᠯ᠎ᠠ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠦᠨᠡᠨᠴᠢ ᠶᠠᠷᠢᠯᠴᠠᠭ᠎ᠠ ᠥᠷᠨᠢᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠥᠷᠭᠡᠳᠭᠡᠵᠦ᠂ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠪᠣᠯᠤᠨ ᠭᠠᠵᠠᠷ ᠣᠷᠣᠨ ᠤ ᠬᠠᠯᠠᠮᠰᠢᠯ ᠠᠰᠠᠭᠤᠳᠠᠯ ᠤᠨ ᠲᠠᠯ᠎ᠠ ᠪᠠᠷ ᠤᠯᠤᠯᠴᠠᠭ᠎ᠠ ᠵᠣᠬᠢᠴᠠᠭᠤᠯᠭ᠎ᠠ ᠪᠠᠨ ᠭᠦᠨᠵᠡᠭᠡᠶᠢᠷᠡᠭᠦᠯᠦᠨ᠎ᠡ ᠭᠡᠵᠦ ᠢᠯᠡᠳᠭᠡᠪᠡ᠃
ᠬᠤᠶᠠᠷ ᠤᠯᠤᠰ ᠤᠨ ᠤᠳᠤᠷᠢᠳᠬᠤ ᠬᠥᠮᠦᠨ ᠪᠠᠰᠠ ᠦᠺᠷᠠᠶᠢᠨ ᠤ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠵᠠᠶ᠃
ᠰᠢ ᠶᠢᠨ ᠫᠢᠩ ᠳᠤᠮᠳᠠᠳᠤ ᠶᠢᠨ ᠲᠠᠯ᠎ᠠ ᠶᠢᠨ ᠵᠠᠷᠴᠢᠮ ᠪᠠ ᠵᠣᠭᠰᠣᠯᠲᠠ ᠶᠢ ᠲᠣᠳᠣᠷᠬᠠᠶᠢᠯᠠᠨ ᠥᠭᠦᠯᠡᠵᠦ᠂ ᠳᠡᠯᠡᠬᠡᠶ ᠨᠡᠶᠢᠬᠡᠮ ᠢᠶᠠᠷ ᠢᠶᠠᠨ ᠦᠨᠡᠨ ᠬᠦ ᠨᠠᠶᠢᠷᠠᠮᠳᠠᠬᠤ ᠶᠢ ᠢᠳᠬᠠᠵᠤ ᠬᠡᠯᠡᠯᠴᠡᠭᠡ ᠬᠢᠬᠦ ᠶᠢ ᠠᠬᠢᠭᠤᠯᠤᠨ᠂ ᠦᠺᠷᠠᠶᠢᠨ ᠤ ᠠᠰᠠᠭᠤᠳᠠᠯ ᠢ ᠤᠯᠤᠰ ᠲᠥᠷᠥ ᠪᠠᠷ ᠰᠢᠶᠳᠪᠦᠷᠢᠯᠡᠬᠦ ᠳᠤ ᠨᠥᠬᠦᠴᠡᠯ ᠪᠦᠷᠢᠯᠳᠦᠭᠦᠯᠦᠨ ᠥᠭᠴᠦ᠂ ᠦᠺᠷᠠᠶᠢᠨ ᠡᠷᠲᠡᠬᠡᠨ ᠡᠩᠬᠡ ᠲᠠᠶᠢᠪᠤᠩ ᠪᠤᠯᠬᠤ ᠶᠢ ᠠᠬᠢᠭᠤᠯᠪᠠᠯ ᠵᠤᠬᠢᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠦᠷᠭᠦᠯᠵᠢᠯᠡᠨ ᠡᠭᠦᠨ ᠤ ᠲᠥᠯᠥᠭᠡ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠤ ᠴᠢᠬᠤᠯᠠᠴᠢᠯᠠᠪᠠ᠃