ᠵᠤᠬᠢᠶᠠᠭᠴᠢ: ᠴᠠᠭ:2022-04-02 ᠥᠵᠡᠭᠰᠡᠨ : ᠢᠷᠡᠯᠲᠡ:  《ᠥᠪᠥᠷ ᠮᠣᠩᠭᠤᠯ ᠤᠨ ᠡᠳᠦᠷ ᠤᠨ ᠰᠣᠨᠢᠨ》  
ᠱᠢ ᠲᠠᠢ ᠹᠧᠩ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠭᠦᠢᠴᠡᠳᠬᠡᠯᠭᠡᠭᠰᠡᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠰᠢᠢᠳᠪᠦᠷᠢᠯᠡᠵᠡᠢ

 

2022  3  ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠶᠢᠨ ᠲᠦᠮᠡᠳ ᠵᠡᠭᠦᠨ ᠬᠤᠰᠢᠭᠤ᠂ ᠰᠠᠶᠢᠬᠠᠨ ᠲᠣᠭᠤᠷᠢᠭ ᠲᠤ ᠭᠦᠨᠵᠡᠭᠡᠶᠢᠷᠡᠵᠦ᠂ ᠢᠯᠡ ᠪᠠᠷ ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠬᠤ ᠶᠢ ᠤᠶᠠᠯᠳᠤᠭᠤᠯᠬᠤ ᠠᠷᠭ᠎ᠠ ᠪᠠᠷ ᠳᠠᠮᠵᠢᠭᠤᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠵᠤ ᠱᠠᠯᠠᠪᠳᠠᠭᠤᠯᠤᠨ ᠵᠢᠯᠣᠭᠤᠳᠪᠠ᠃

ᠱᠢ ᠲᠠᠢ ᠹᠧᠩ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠭᠦᠢᠴᠡᠳᠬᠡᠯᠭᠡᠭᠰᠡᠨ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠮᠠᠰᠢ ᠴᠢᠬᠤᠯᠠᠴᠢᠯᠠᠵᠤ ᠦᠵᠡᠪᠡ᠃ ᠲᠡᠷᠡ ᠶᠠᠭᠤᠨ ᠤ ᠡᠮᠦᠨ᠎ᠡ ᠲᠦᠮᠡᠳ ᠵᠡᠭᠦᠨ ᠬᠤᠰᠢᠭᠤᠨ ᠤ ᠪᠢᠴᠢᠭᠡᠴᠢ ᠪᠠᠯᠭᠠᠰᠤᠨ ᠤ ᠰᠢᠶᠣᠣ ᠯᠢ ᠪᠣᠣ ᠲᠣᠰᠬᠤᠨ ᠳᠤ ᠬᠦᠷᠴᠦ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠲᠠᠷᠢᠶᠠᠨ ᠭᠠᠵᠠᠷ ᠢ ᠡᠵᠡᠯᠡᠨ ᠬᠠᠶᠢᠷ ᠮᠠᠯᠲᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠠᠰᠠᠭᠤᠳᠠᠯ ᠤᠨ ᠡᠭᠦᠰᠦᠭᠰᠡᠨ ᠰᠢᠯᠲᠠᠭᠠᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠣᠳᠠᠲᠠᠢ ᠭᠠᠵᠠᠷ ᠲᠤᠨᠢ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠲᠠᠯ᠎ᠠ ᠪᠠᠷ ᠲᠤᠬᠠᠢ ᠶᠢᠨ ᠲᠠᠯᠠᠪᠠᠢ ᠳᠤ ᠱᠠᠯᠠᠪᠳᠠᠭᠤᠯᠤᠨ ᠰᠢᠢᠳᠪᠦᠷᠢᠯᠡᠪᠡ᠃ ᠨᠢᠭᠡᠨ ᠲᠣᠮᠣᠬᠠᠨ ᠬᠠᠶᠢᠷ ᠮᠠᠯᠲᠠᠭᠰᠠᠨ ᠨᠦᠬᠡ ᠬᠠᠷᠠᠭᠠᠳ ᠱᠢ ᠲᠠᠢ ᠹᠧᠩ ᠤᠨ ᠴᠢᠷᠠᠢ ᠳᠤ ᠬᠦᠨᠳᠦ ᠪᠣᠳᠣᠯᠭᠠᠰᠢᠷᠠᠭᠰᠠᠨ ᠪᠠᠶᠢᠳᠠᠯ ᠢᠯᠡᠷᠡᠪᠡ᠃ ᠲᠡᠷᠡ ᠲᠥᠪ ᠴᠢᠩᠭ᠎ᠠ ᠪᠠᠷ᠂ ᠰᠢᠶᠣᠣ ᠯᠢ ᠪᠣᠣ ᠲᠣᠰᠬᠤᠨ ᠤ ᠠᠷᠠᠳ ᠤᠨ ᠵᠥᠪᠯᠡᠯ ᠤᠨ ᠲᠠᠷᠢᠶᠠᠨ ᠭᠠᠵᠠᠷ ᠢ ᠡᠵᠡᠯᠡᠨ ᠬᠠᠶᠢᠷ ᠮᠠᠯᠲᠠᠭᠰᠠᠨ ᠠᠰᠠᠭᠤᠳᠠᠯ ᠤᠨ ᠡᠭᠦᠰᠦᠭᠰᠡᠨ ᠴᠠᠭ ᠨᠢ ᠡᠷᠲᠡ᠂ ᠦᠷᠭᠦᠯᠵᠢᠯᠡᠭᠰᠡᠨ ᠴᠠᠭ ᠨᠢ ᠤᠷᠲᠤ᠂ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠢᠶᠠᠷ ᠪᠠᠷᠠᠬᠤ ᠦᠭᠡᠢ ᠪᠠᠰᠠ ᠣᠷᠴᠢᠨ ᠲᠣᠭᠤᠷᠢᠨ ᠢ ᠡᠪᠳᠡᠭᠰᠡᠨ ᠪᠠᠶᠢᠨ᠎ᠠ᠂ ᠡᠨᠡ ᠪᠣᠯ ᠭᠡᠷ ᠣᠷᠣᠨ ᠢᠶᠠᠨ ᠥᠪᠡᠰᠦᠪᠡᠨ ᠰᠦᠢᠳᠬᠡᠵᠦ ᠪᠠᠶᠢᠭ᠎ᠠ ᠶᠠᠪᠤᠳᠠᠯ ᠪᠣᠯᠬᠤ ᠪᠥᠭᠡᠳ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠨᠢ ᠤᠳᠠᠭᠠᠨ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠠᠴᠠ ᠳᠠᠬᠢᠨ ᠳᠠᠪᠲᠠᠨ ᠴᠢᠬᠤᠯᠠᠴᠢᠯᠠᠵᠤ᠂ ᠣᠯᠠᠨ ᠲᠦᠮᠡᠨ ᠣᠯᠠᠨ ᠤᠳᠠᠭ᠎ᠠ ᠢᠯᠡᠴᠢᠯᠡᠨ ᠮᠡᠳᠡᠭᠦᠯᠦᠭᠰᠡᠨ ᠪᠣᠯᠪᠠᠴᠤ᠂ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠵᠤ᠂ ᠰᠢᠨᠵᠢ ᠴᠢᠨᠠᠷ ᠪᠠ ᠨᠥᠯᠥᠭᠡ ᠲᠤᠰᠬᠠᠯ ᠨᠢ ᠲᠤᠶᠢᠯ ᠤᠨ ᠮᠠᠭᠤ ᠪᠣᠯᠪᠠ᠃ ᠪᠠᠯᠭᠠᠰᠤᠨ ᠠᠴᠠ ᠲᠣᠰᠬᠤᠨ ᠳᠤ ᠬᠦᠷᠲᠡᠯ᠎ᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠠᠭᠤ ᠬᠢᠬᠦ ᠪᠠᠷ ᠶᠠᠪᠤᠭᠰᠠᠨ ᠪᠣᠢ᠂ ᠶᠠᠭᠠᠬᠢᠭᠠᠳ ᠠᠵᠢᠭ ᠴᠤ ᠦᠭᠡᠢ ᠪᠠᠶᠢᠬᠤ ᠪᠣᠢ᠂ ᠡᠨᠡ ᠠᠰᠠᠭᠤᠳᠠᠯ ᠢ ᠡᠷᠬᠡᠪᠰᠢ ᠤᠯᠤᠰ ᠲᠥᠷᠥ ᠶᠢᠨ ᠲᠠᠯ᠎ᠠ ᠠᠴᠠ ᠭᠦᠨᠵᠡᠭᠡᠢ ᠲᠤᠩᠭᠠᠨ ᠪᠣᠳᠣᠯᠬᠢᠯᠠᠵᠤ᠂ ᠴᠢᠩᠭ᠎ᠠ ᠰᠢᠢᠳᠪᠦᠷᠢᠯᠡᠵᠦ᠂ ᠲᠤᠶᠢᠯᠪᠤᠷᠢᠲᠠᠢ ᠰᠢᠢᠳᠪᠦᠷᠢᠯᠡᠬᠦ ᠬᠡᠷᠡᠭᠲᠡᠢ᠃ ᠬᠤᠲᠠ ᠬᠤᠰᠢᠭᠤ ᠬᠤᠶᠠᠷ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠦᠨᠵᠡᠭᠡᠢ ᠰᠤᠷᠭᠠᠮᠵᠢ ᠠᠪᠴᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠤᠰᠬᠠᠢ ᠠᠵᠢᠯᠯᠠᠭ᠎ᠠ ᠶᠢ ᠴᠢᠩᠭ᠎ᠠ ᠪᠣᠳᠠᠲᠠᠢ ᠵᠣᠬᠢᠶᠠᠨ ᠪᠠᠶᠢᠭᠤᠯᠤᠨ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ   ᠴᠡᠭᠴᠡᠯᠡᠨ ᠰᠠᠶᠢᠵᠢᠷᠠᠭᠤᠯᠵᠤ᠂   ᠵᠠᠰᠠᠬᠤ ᠶᠢ ᠡᠷᠡᠰ ᠪᠠᠷᠢᠮᠲᠠᠯᠠᠬᠤ ᠬᠡᠷᠡᠭᠲᠡᠢ᠃

ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠰᠠᠭᠤᠳᠠᠯ ᠢ ᠣᠯᠠᠨᠲᠠ ᠴᠠᠭᠠᠵᠠᠯᠠᠭᠰᠠᠨ ᠴᠤ ᠠᠬᠢᠨ ᠳᠠᠬᠢᠨ ᠡᠭᠦᠰᠬᠦ᠂ ᠰᠠᠶᠢᠵᠢᠷᠠᠭᠤᠯᠤᠭᠰᠠᠨ ᠪᠣᠯᠪᠠᠴᠤ ᠳᠠᠬᠢᠨ ᠳᠠᠪᠲᠠᠨ ᠡᠭᠦᠰᠬᠦ ᠶᠢ ᠡᠷᠡᠰ ᠰᠡᠷᠭᠡᠶᠢᠯᠡᠵᠦ᠂ ᠵᠠᠰᠠᠭᠰᠠᠨ ᠤ ᠳᠠᠷᠠᠭ᠎ᠠ ᠬᠡᠰᠡᠭ ᠬᠤᠭᠤᠴᠠᠭ᠎ᠠ ᠰᠠᠶᠢᠵᠢᠷᠠᠵᠤ᠂ ᠵᠠᠰᠠᠬᠤ ᠪᠠᠨ ᠪᠣᠯᠢᠪᠠᠯ ᠳᠠᠬᠢᠨᠲᠠ ᠡᠭᠦᠰᠬᠦ ᠠᠴᠠ ᠰᠡᠷᠭᠡᠶᠢᠯᠡᠬᠦ ᠬᠡᠷᠡᠭᠲᠡᠢ᠃ 《ᠬᠤᠷᠴᠠ ᠰᠢᠳᠦ》 ᠶᠢᠨ ᠬᠠᠲᠠᠭᠤ ᠠᠷᠭ᠎ᠠ ᠬᠡᠮᠵᠢᠶ᠎ᠡ ᠶᠢ ᠠᠪᠴᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ 《ᠲᠠᠷᠢᠶᠠᠯᠠᠩ ᠤᠨ ᠪᠤᠰᠤ ᠪᠣᠯᠭᠠᠬᠤ》᠂ ᠦᠨᠳᠦᠰᠦᠨ ᠲᠠᠷᠢᠶᠠᠨ ᠭᠠᠵᠠᠷ ᠢ 《ᠠᠮᠤ ᠪᠤᠳᠠᠭᠠᠨ ᠤ ᠪᠤᠰᠤ ᠪᠣᠯᠭᠠᠬᠤ》 ᠶᠢ ᠡᠷᠡᠰ ᠬᠤᠷᠢᠭᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠲᠠᠯ᠎ᠠ ᠪᠠᠷ ᠶᠠᠮᠠᠷᠪᠠ ᠲᠥᠪ ᠪᠤᠰᠤ ᠪᠣᠳᠣᠯ᠂ ᠶᠠᠮᠠᠷᠪᠠ ᠠᠷᠭ᠎ᠠ ᠮᠡᠭᠡ ᠬᠢᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ ᠭᠡᠵᠦ ᠵᠢᠭᠠᠵᠤ ᠭᠠᠷᠭᠠᠪᠠ᠃

ᠳᠠᠷᠠᠭ᠎ᠠ ᠨᠢ᠂ ᠱᠢ ᠲᠠᠢ ᠹᠧᠩ ᠰᠠᠶᠢᠬᠠᠨ ᠲᠣᠭᠤᠷᠢᠭ ᠤᠨ ᠵᠡᠭᠦᠨ ᠪᠠᠶᠠᠨ ᠪᠡᠯᠴᠢᠭᠡᠷ ᠲᠣᠰᠬᠤᠨ ᠤ ᠬᠤᠶᠢᠲᠤ ᠲᠠᠯ᠎ᠠ ᠳᠤ ᠬᠦᠷᠴᠦ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠤᠯᠠᠭᠠᠶᠢᠯᠠᠨ ᠬᠠᠶᠢᠷ ᠮᠠᠯᠲᠠᠵᠤ᠂ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠠᠰᠠᠭᠤᠳᠠᠯ ᠢ ᠨᠢᠭᠤᠴᠠ ᠪᠠᠷ ᠰᠤᠷᠪᠤᠯᠵᠢᠯᠠᠨ ᠪᠠᠶᠢᠴᠠᠭᠠᠪᠠ᠃ ᠲᠣᠰ ᠭᠠᠵᠠᠷ ᠲᠤ ᠬᠤᠯᠠᠭᠠᠶᠢᠯᠠᠨ ᠬᠠᠶᠢᠷ ᠮᠠᠯᠲᠠᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠤᠷᠲᠤ ᠬᠤᠭᠤᠴᠠᠭ᠎ᠠ ᠪᠠᠷ ᠣᠷᠣᠰᠢᠵᠤ ᠪᠠᠶᠢᠬᠤ ᠮᠥᠷᠲᠡᠭᠡᠨ ᠬᠤᠷᠢᠭᠯᠠᠭᠰᠠᠨ ᠴᠤ ᠳᠡᠶᠢᠯᠬᠦ ᠦᠭᠡᠢ ᠪᠠᠶᠢᠬᠤ ᠶᠢ ᠮᠡᠳᠡᠭᠡᠳ᠂ ᠱᠢ ᠲᠠᠢ ᠹᠧᠩ ᠮᠠᠰᠢ ᠬᠢᠯᠢᠩᠨᠡᠪᠡ᠃ ᠲᠡᠷᠡ᠂ ᠨᠢᠳᠦᠨ ᠡᠮᠦᠨᠡᠬᠢ ᠠᠰᠠᠭᠤᠳᠠᠯ ᠢᠶᠠᠨ ᠬᠠᠷᠠᠵᠤ ᠪᠠᠶᠢᠭᠠᠳ ᠬᠠᠶᠢᠬᠤᠷᠬᠤ ᠦᠭᠡᠢ᠂ ᠰᠢᠢᠳᠪᠦᠷᠢᠯᠡᠬᠦ ᠦᠭᠡᠢ ᠪᠠᠶᠢᠬᠤ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠣᠷᠣᠢ ᠪᠠᠭᠤᠷᠠᠢ ᠰᠤᠯᠠ ᠵᠠᠳᠠᠭᠠᠢ ᠪᠠᠶᠢᠬᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠬᠦᠨᠳᠦ ᠨᠣᠴᠢᠲᠠᠢ ᠬᠠᠷᠢᠭᠤᠴᠠᠯᠭ᠎ᠠ ᠪᠠᠨ ᠠᠯᠳᠠᠵᠤ ᠪᠠᠶᠢᠬᠤ ᠶᠢ ᠬᠠᠷᠠᠭᠤᠯᠵᠤ ᠪᠠᠶᠢᠨ᠎ᠠ᠂ ᠡᠨᠡ ᠪᠣᠯ ᠬᠦᠨᠳᠦ ᠨᠣᠴᠢᠲᠠᠢ ᠨᠣᠶᠠᠨᠴᠢ ᠰᠤᠷᠲᠠᠯ ᠮᠥᠨ᠃ ᠡᠶᠢᠮᠦᠷᠬᠦᠦ ᠠᠰᠠᠭᠤᠳᠠᠯ ᠯᠠᠪᠲᠠᠢ ᠠᠳᠡ ᠠᠴᠠ ᠣᠷᠣᠰᠢᠵᠤ ᠪᠠᠶᠢᠭ᠎ᠠ ᠪᠢᠰᠢ᠂ ᠡᠭᠦᠨ ᠳᠤ ᠠᠰᠢᠭ ᠲᠤᠰᠠ ᠶᠢᠨ ᠬᠤᠯᠪᠣᠭᠠᠨ ᠤ ᠠᠰᠠᠭᠤᠳᠠᠯ ᠪᠠᠶᠢᠨ᠎ᠠ ᠤᠤ ᠦᠭᠡᠢ ᠦᠦ᠂ ᠬᠠᠷ᠎ᠠ ᠪᠦᠯᠦᠭᠲᠡᠨ ᠬᠠᠷᠭᠢᠰ ᠬᠦᠴᠦᠨ ᠣᠷᠣᠯᠴᠠᠭᠰᠠᠨ ᠦᠦ ᠦᠭᠡᠢ ᠦᠦ᠂ ᠡᠷᠬᠡᠪᠰᠢ ᠲᠤᠶᠢᠯᠪᠤᠷᠢᠲᠠᠢ ᠪᠠᠶᠢᠴᠠᠭᠠᠨ ᠲᠣᠳᠣᠯᠠᠵᠤ᠂ ᠡᠷᠡᠰ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠥᠩᠭᠡᠨ ᠲᠠᠯ᠎ᠠ ᠠᠴᠠ ᠨᠢ ᠴᠡᠭᠴᠡᠯᠡᠨ ᠰᠠᠶᠢᠵᠢᠷᠠᠭᠤᠯᠬᠤ᠂ ᠬᠠᠰᠢ ᠶᠠᠰᠢ ᠴᠡᠭᠴᠡᠯᠡᠨ ᠰᠠᠶᠢᠵᠢᠷᠠᠭᠤᠯᠬᠤ ᠪᠠ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠶᠢᠮᠦᠷᠬᠦᠦ ᠠᠰᠠᠭᠤᠳᠠᠯ ᠢ ᠰᠢᠢᠳᠪᠦᠷᠢᠯᠡᠬᠦ ᠳᠤ᠂ ᠲᠣᠰ ᠤᠴᠢᠷ ᠶᠠᠪᠤᠳᠠᠯ ᠢ ᠯᠠ ᠶᠠᠷᠢᠵᠤ᠂ ᠳᠥᠭᠦᠮ ᠳᠥᠲᠡ ᠪᠠᠷ ᠰᠢᠢᠳᠪᠦᠷᠢᠯᠡᠵᠦ ᠪᠣᠯᠬᠤ ᠦᠭᠡᠢ᠂ ᠵᠠᠪᠠᠯ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠤᠰᠬᠠᠢ ᠴᠡᠭᠴᠡᠯᠡᠨ ᠵᠠᠰᠠᠵᠤ᠂ ᠰᠢᠰᠲ᠋ᠧᠮ ᠲᠠᠢ ᠰᠢᠢᠳᠪᠦᠷᠢᠯᠡᠬᠦ ᠬᠡᠷᠡᠭᠲᠡᠢ᠃ ᠬᠤᠯᠠᠭᠠᠶᠢᠯᠠᠨ ᠮᠠᠯᠲᠠᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠰᠠᠭᠤᠳᠠᠯ ᠤᠨ ᠠᠷᠤ ᠳᠠᠬᠢ ᠠᠰᠢᠭ ᠲᠤᠰᠠ ᠶᠢᠨ ᠬᠡᠯᠬᠢᠶ᠎ᠡ ᠶᠢ ᠭᠦᠨᠵᠡᠭᠡᠢ ᠠᠭᠤᠳᠠᠯᠤᠨ ᠲᠤᠶᠢᠯᠪᠤᠷᠢᠲᠠᠢ ᠪᠠᠶᠢᠴᠠᠭᠠᠵᠤ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠺᠠᠳ᠋ᠷ ᠪᠠᠶᠢᠪᠠᠯ ᠡᠷᠬᠡᠪᠰᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠴᠯᠭᠠᠨ ᠤ ᠪᠦᠲᠦᠭᠡᠨ ᠪᠠᠶᠢᠭᠤᠯᠤᠯᠲᠠ ᠳᠤ ᠬᠠᠶᠢᠷ ᠮᠠᠯᠲᠠᠵᠤ ᠬᠡᠷᠡᠭᠯᠡᠬᠦ ᠴᠢᠬᠤᠯᠠᠲᠠᠢ ᠪᠣᠯᠪᠠᠴᠤ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠂ ᠭᠠᠵᠠᠷ ᠪᠣᠯᠭᠠᠨ ᠳᠤ ᠮᠠᠯᠲᠠᠵᠤ ᠶᠠᠭᠠᠬᠢᠭᠰᠠᠨ ᠴᠤ ᠪᠣᠯᠬᠤ ᠦᠭᠡᠢ᠂ ᠠᠮᠢ ᠠᠬᠤᠢ ᠶᠢᠨ ᠣᠷᠴᠢᠨ ᠨᠥᠬᠦᠴᠡᠯ ᠢ ᠡᠪᠳᠡᠵᠦ ᠶᠠᠭᠠᠬᠢᠭᠰᠠᠨ ᠴᠤ ᠪᠣᠯᠬᠤ ᠦᠭᠡᠢ ᠭᠡᠪᠡ᠃

ᠪᠠᠶᠢᠴᠠᠭᠠᠵᠤ ᠱᠠᠯᠠᠪᠳᠠᠭᠤᠯᠤᠨ ᠵᠢᠯᠤᠭᠤᠳᠬᠤ ᠬᠤᠭᠤᠴᠠᠭᠠᠨ ᠳᠤ᠂ ᠱᠢ ᠲᠠᠢ ᠹᠧᠩ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠵᠠᠪᠠᠯ ᠤᠯᠤᠰ ᠲᠥᠷᠥ ᠪᠠ ᠪᠥᠬᠦ ᠲᠠᠯ᠎ᠠ ᠶᠢᠨ ᠥᠨᠳᠥᠷᠴᠡ ᠠᠴᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠡᠨᠡ ᠬᠦ ᠴᠢᠬᠤᠯᠠ ᠶᠡᠭᠡ ᠠᠰᠠᠭᠤᠳᠠᠯ ᠢ ᠲᠠᠨᠢᠨ ᠡᠵᠡᠮᠳᠡᠵᠦ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠶᠢ ᠴᠢᠩᠭ᠎ᠠ ᠠᠳᠬᠤᠨ᠂ ᠲᠣᠪᠣᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠤᠬᠠᠮᠰᠠᠷ ᠠᠴᠠ ᠪᠠᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠠᠮᠢ ᠠᠬᠤᠢ ᠣᠷᠴᠢᠨ ᠲᠣᠭᠤᠷᠢᠨ ᠢ ᠦᠷᠡᠭᠳᠡᠭᠦᠯᠬᠦ ᠪᠠᠷ ᠦᠨ᠎ᠡ ᠲᠥᠯᠥᠪᠦᠷᠢ ᠪᠣᠯᠭᠠᠨ ᠨᠢᠭᠡᠨ ᠴᠠᠭ ᠤᠨ ᠨᠢᠭᠡ ᠭᠠᠵᠠᠷ ᠤᠨ ᠠᠵᠤ ᠠᠬᠤᠢ ᠶᠢᠨ ᠨᠡᠮᠡᠭᠳᠡᠯ ᠢ ᠰᠣᠯᠢᠵᠤ ᠠᠪᠴᠢᠷᠠᠬᠤ ᠬᠠᠭᠤᠴᠢᠨ ᠵᠠᠮ ᠢᠶᠠᠷ ᠶᠠᠭᠠᠬᠢᠭᠰᠠᠨ ᠴᠤ ᠶᠠᠪᠤᠵᠤ ᠪᠣᠯᠬᠤ ᠦᠭᠡᠢ᠂ ᠡᠪᠦᠭᠡ ᠳᠡᠭᠡᠳᠦᠰ ᠤᠨ ᠢᠶᠠᠨ ᠪᠤᠶᠠᠨ ᠢ ᠪᠦᠷᠢᠯᠭᠡᠵᠦ᠂ ᠦᠷ᠎ᠡ ᠬᠤᠶᠢᠴᠢᠰ ᠤᠨ ᠢᠶᠠᠨ ᠵᠠᠮ ᠢ ᠲᠠᠰᠤᠯᠬᠤ ᠠᠮᠢ ᠠᠬᠤᠢ ᠶᠢ ᠴᠥᠯᠪᠡᠨ ᠡᠪᠳᠡᠬᠦ ᠶᠠᠪᠤᠳᠠᠯ ᠢ ᠶᠠᠭᠠᠬᠢᠭᠰᠠᠨ ᠴᠤ ᠬᠢᠵᠦ ᠪᠣᠯᠬᠤ ᠦᠭᠡᠢ᠃ ᠠᠮᠢ ᠠᠬᠤᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠥᠴᠥᠬᠡᠨ ᠴᠦ ᠠᠭᠤᠴᠢᠯᠠᠬᠤ ᠦᠭᠡᠢ ᠣᠪᠣᠷ ᠢᠶᠠᠷ ᠡᠯ᠎ᠡ ᠵᠦᠢᠯ ᠤᠨ ᠳᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠢᠳᠬᠡᠵᠦ ᠬᠦᠨᠳᠦ ᠪᠠᠷ ᠰᠢᠢᠳᠬᠡᠬᠦ ᠬᠡᠷᠡᠭᠲᠡᠢ᠂ ᠬᠡᠲᠦᠷᠬᠡᠢ ᠰᠤᠯᠠ ᠲᠠᠯᠪᠢᠵᠤ᠂ ᠬᠡᠳᠦ ᠵᠥᠭᠡᠯᠡᠷᠡᠵᠦ ᠶᠠᠭᠠᠬᠢᠭᠰᠠᠨ ᠴᠤ ᠪᠣᠯᠬᠤ ᠦᠭᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠢᠦᠢ ᠯᠢ ᠰᠢᠨ᠂ ᠵᠠᠩ ᠱᠣᠣ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃

 

 

 


   :                    
   :           
备案序号:蒙ICP备05003250号 公安备案15010502000173