ᠵᠤᠬᠢᠶᠠᠭᠴᠢ: ᠴᠠᠭ:2022-04-02 ᠥᠵᠡᠭᠰᠡᠨ : ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》  
ᠱᠢ ᠲᠠᠢ ᠹᠧᠩ ᠬᠥᠬᠡᠬᠤᠲᠠ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠦᠨᠡᠨ ᠬᠦ ᠠᠳᠬᠤᠨ ᠪᠣᠳᠠᠲᠠᠢ ᠠᠵᠢᠯᠯᠠᠵᠤ ᠴᠠᠭ ᠮᠥᠴᠡ ᠶᠢ ᠠᠯᠳᠠᠯ ᠦᠭᠡᠢ ᠴᠢᠷᠮᠠᠶᠢᠵᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ

 

2022  3  ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠶᠢᠨ ᠰᠠᠶᠢᠬᠠᠨ ᠲᠣᠭᠤᠷᠢᠭ᠂ ᠬᠤᠷᠢᠨᠭᠡᠷ ᠰᠢᠶᠠᠨ᠂ ᠲᠦᠮᠡᠳ ᠵᠡᠭᠦᠨ ᠬᠤᠰᠢᠭᠤ᠂ ᠠᠵᠤ ᠠᠬᠤᠢ ᠮᠡᠷᠭᠡᠵᠢᠯ ᠤᠨ ᠨᠡᠭᠡᠭᠡᠯᠳᠡ ᠶᠢᠨ ᠲᠣᠭᠤᠷᠢᠭ ᠲᠤ ᠭᠦᠨᠵᠡᠭᠡᠶᠢᠷᠡᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠵᠤ᠂ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠰᠢᠵᠢᠷ ᠠᠯᠳᠠᠨ ᠴᠠᠭ ᠢ ᠠᠮᠵᠢᠵᠤ᠂ ᠴᠠᠭ ᠮᠥᠴᠡ ᠶᠢ ᠠᠯᠳᠠᠯ ᠦᠭᠡᠢ ᠴᠢᠷᠮᠠᠶᠢᠵᠤ᠂    ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠪᠠ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠴᠠᠭᠠᠨ ᠢᠳᠡᠭᠡᠨ ᠤ ᠦᠢᠯᠡᠰ ᠪᠣᠯ ᠬᠥᠬᠡᠬᠤᠲᠠ ᠶᠢᠨ ᠳᠠᠪᠠᠭᠤᠯᠢᠭ ᠠᠵᠤ ᠦᠢᠯᠡᠰ᠂ ᠲᠤᠯᠭᠠᠭᠤᠷᠢ ᠠᠵᠤ ᠦᠢᠯᠡᠰ ᠪᠣᠯᠤᠨ᠎ᠠ᠃ ᠢᠯᠢ ᠣᠲᠣ ᠦᠶ᠎ᠡ ᠶᠢᠨ ᠤᠶᠤᠨᠴᠢ ᠡᠷᠡᠭᠦᠯ ᠮᠡᠨᠳᠦ ᠶᠢᠨ ᠭᠦᠨᠳᠡᠢ᠂ ᠮᠧᠩ ᠨᠢᠤ ᠳᠤᠮᠳᠠᠳᠤ ᠤᠯᠤᠰ ᠤᠨ ᠴᠠᠭᠠᠨ ᠢᠳᠡᠭᠡᠨ ᠤ ᠦᠶᠯᠡᠰ ᠤᠨ ᠠᠵᠤ ᠦᠶᠯᠡᠰ ᠤᠨ ᠬᠦᠷᠢᠶᠡᠯᠡᠩ ᠪᠣᠯ ᠴᠠᠭᠠᠨ ᠢᠳᠡᠭᠡᠨ ᠤ ᠦᠶᠯᠡᠰ ᠬᠦᠭᠵᠢᠨ ᠮᠠᠨᠳᠤᠭᠰᠠᠨ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠶ ᠢᠨᠵᠧᠨᠧᠷᠢᠩ ᠲᠤᠯᠠ ᠲᠤᠰ ᠲᠥᠷᠥᠯ ᠵᠦᠶᠯ ᠢ ᠬᠢᠷᠢ ᠵᠡᠷᠭᠡ ᠠᠬᠢᠭᠤᠯᠵᠤ ᠪᠠᠶᠢᠬᠤ ᠲᠤᠬᠠᠢ ᠱᠢ ᠲᠠᠢ ᠹᠧᠩ ᠣᠨᠴᠠᠭᠠᠶᠢᠯᠠᠨ ᠠᠩᠬᠠᠷᠴᠤ ᠪᠠᠶᠢᠯ᠎ᠠ᠃ ᠲᠡᠷᠡ ᠮᠧᠩ ᠨᠢᠦ ᠳᠤᠮᠳᠠᠳᠤ ᠤᠯᠤᠰ ᠤᠨ ᠴᠠᠭᠠᠨ ᠢᠳᠡᠭᠡᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠤᠶᠢᠯᠡᠳᠪᠤᠷᠢᠯᠠᠯ ᠤᠨ ᠲᠠᠰᠤᠭ ᠲᠤ ᠭᠦᠨᠵᠡᠭᠡᠶᠢᠷᠡᠨ᠂ ᠮᠧᠩ ᠨᠢᠦ ᠶᠢᠨ 5G ᠶᠢᠨ ᠲᠣᠭᠠᠴᠢᠯᠠᠭᠰᠠᠨ ᠳᠣᠣᠷ᠎ᠠ ᠳᠤᠯᠠᠭᠠᠨ ᠤ ᠬᠡᠰᠡᠭ ᠤᠨ ᠲᠤᠮᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠲᠦᠷᠦᠯ ᠵᠦᠢᠯ ᠨᠢ ᠨᠢᠭᠡᠨᠲᠡ ᠬᠡᠳᠦᠢ ᠪᠡᠯᠡ ᠣᠷᠣᠭᠤᠯᠤᠭᠰᠠᠨ᠂ ᠵᠢᠯ ᠤᠨ ᠰᠡᠭᠦᠯᠴᠢ ᠠᠴᠠ ᠡᠮᠦᠨ᠎ᠡ ᠬᠡᠳᠦᠢ ᠪᠡᠯᠡ ᠣᠷᠣᠭᠤᠯᠤᠯᠲᠠ ᠶᠢ ᠪᠡᠶᠡᠯᠡᠭᠦᠯᠵᠦ ᠳᠡᠶᠢᠯᠬᠦ᠂ ᠲᠥᠯᠥᠪᠯᠡᠭᠰᠡᠨ ᠲᠦᠷᠦᠯ ᠵᠦᠢᠯ ᠨᠢ ᠴᠠᠭ ᠲᠠᠭᠠᠨ ᠠᠵᠢᠯ ᠢᠶᠠᠨ ᠡᠬᠢᠯᠡᠭᠦᠯᠵᠦ ᠳᠡᠶᠢᠯᠬᠦ ᠡᠰᠡᠬᠦ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠳᠤ ᠬᠤᠯᠪᠣᠭᠳᠠᠬᠤ ᠪᠣᠳᠠᠲᠠᠢ ᠠᠰᠠᠭᠤᠳᠠᠯ ᠢ ᠲᠡᠷᠡ ᠮᠠᠰᠢ ᠨᠠᠷᠢᠨ ᠠᠰᠠᠭᠤᠪᠠ᠃ ᠱᠢ ᠲᠠᠢ ᠹᠧᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ᠂ ᠲᠦᠷᠦᠯ ᠵᠦᠢᠯ ᠢ ᠵᠢᠷᠤᠬᠯᠠᠨ ᠲᠥᠰᠦᠪᠯᠡᠭᠰᠡᠨ  ᠨᠢ  ᠮᠠᠰᠢ ᠰᠠᠶᠢᠨ ᠪᠠᠶᠢᠨ᠎ᠠ᠂ ᠵᠠᠩᠭᠢᠯᠠᠭ᠎ᠠ ᠨᠢ ᠦᠨᠡᠨ ᠪᠣᠳᠠᠲᠠᠢ ᠠᠵᠢᠯᠯᠠᠵᠤ᠂ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠂ ᠬᠡᠵᠢᠶᠡᠳᠡ ᠲᠥᠯᠥᠪᠵᠢᠭᠦᠯᠭᠡ ᠳᠡᠭᠡᠷ᠎ᠠ ᠵᠣᠭᠰᠣᠩᠭᠢᠷᠠᠭᠠᠳ ᠪᠠᠶᠢᠵᠤ ᠪᠣᠯᠬᠤ ᠦᠭᠡᠢ᠃ ᠠᠵᠤ ᠦᠶᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠶᠯ ᠨᠢᠭᠡᠪᠦᠷᠢ ᠶᠢ ᠴᠥᠮ ᠡᠷᠲᠡ ᠪᠠᠯᠠ ᠣᠷᠣᠭᠤᠯᠵᠤ᠂ ᠲᠦᠷᠭᠡᠨ ᠬᠢᠵᠦ᠂ ᠦᠶᠯᠡᠳᠪᠦᠷᠢᠯᠡᠯ ᠤᠨ ᠪᠠᠷᠢᠮᠵᠢᠶ᠎ᠠ ᠳᠤ ᠲᠦᠷᠭᠡᠨ ᠬᠦᠷᠭᠡᠵᠦ᠂ ᠬᠡᠳᠦ ᠶᠢᠨ ᠲᠦᠯᠦᠪ ᠢ ᠦᠨᠡᠨ ᠬᠦ ᠪᠣᠳᠠᠲᠤ ᠠᠬᠤᠶ ᠪᠣᠯᠭᠠᠨ ᠬᠤᠪᠢᠷᠠᠭᠤᠯᠬᠤ ᠬᠡᠷᠡᠭᠲᠡᠶ᠃ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠮᠥᠷᠳᠡᠨ ᠦᠶᠯᠡᠴᠢᠯᠡᠬᠦ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠪᠰᠤᠷᠤᠨ ᠰᠢᠶᠳᠪᠦᠷᠢᠯᠡᠵᠤ ᠦᠭᠬᠦ ᠬᠡᠷᠡᠭᠲᠡᠶ ᠭᠡᠪᠡ᠃ ᠢᠯᠢ ᠣᠲᠣ ᠦᠶ᠎ᠡ ᠶᠢᠨ ᠤᠶᠤᠨᠴᠢ ᠡᠷᠡᠭᠦᠯ ᠮᠡᠨᠳᠦ ᠶᠢᠨ ᠬᠥᠨᠳᠡᠶ ᠶᠢᠨ ᠲᠥᠷᠥᠯ ᠵᠦᠶᠯ ᠪᠠᠷᠢᠯᠭ᠎ᠠ ᠡᠬᠢᠯᠡᠭᠰᠡᠨ ᠠᠴᠠ ᠣᠲᠣ ᠪᠤᠯᠲᠠᠯᠠᠬᠢ 2 ᠵᠢᠯ ᠤᠨ ᠲᠤᠷᠰᠢ᠂ ᠱᠢ ᠲᠠᠢ ᠹᠧᠩ ᠤᠷᠢᠳ ᠬᠤᠵᠢᠳ 4 ᠤᠳᠠᠭ᠎ᠠ ᠲᠤᠬᠠᠶ ᠶᠢᠨ ᠭᠠᠵᠠᠷ ᠲᠤ ᠢᠷᠡᠵᠤ ᠪᠠᠶᠢᠴᠠᠭᠠᠨ ᠰᠤᠳᠤᠯᠵᠠᠢ᠃ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠲᠡᠷᠡ ᠲᠦᠬᠦᠬᠡᠢ ᠰᠦ ᠶᠢᠨ ᠪᠥᠬᠦ ᠳᠡᠯᠡᠬᠡᠶ ᠶᠢᠨ ᠲᠡᠷᠢᠭᠦᠨ ᠤ 5G ᠪᠣᠬᠢᠷᠲᠤᠯ ᠥᠬᠡᠶ ᠦᠶᠯᠡᠳᠪᠦᠷᠢᠯᠡᠯ ᠤᠨ ᠵᠣᠬᠢᠶᠠᠮᠠᠯ ᠣᠶᠤᠨᠴᠢ ᠬᠡᠷᠡᠭᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠶᠯ᠂ ᠨᠢᠯᠬ᠎ᠠ ᠬᠡᠦᠬᠡᠳ ᠲᠤ ᠬᠠᠨᠳᠤᠭᠤᠯᠤᠭᠰᠠᠨ ᠨᠠᠶᠢᠷᠠᠯᠭ᠎ᠠ ᠲᠠᠢ ᠰᠦ ᠶᠢᠨ ᠲᠠᠯᠬ᠎ᠠ ᠶᠢᠨ ᠣᠶᠤᠨᠴᠢ ᠦᠶᠯᠡᠳᠬᠦ ᠵᠢᠱᠢᠶ᠎ᠡ ᠦᠵᠡᠭᠦᠯᠬᠦ ᠲᠥᠷᠥᠯ ᠵᠦᠶᠯ᠂ ᠴᠡᠯᠡᠭᠡᠷ ᠲᠠᠯ᠎ᠠ ᠠᠮᠢ ᠠᠬᠤᠶ ᠶᠢᠨ ᠣᠶᠤᠨᠴᠢ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠦᠶᠯᠡᠳᠪᠦᠷᠢ ᠶᠢᠨ ᠬᠡᠷ ᠪᠠᠶᠢᠰᠢᠩ᠂ ᠠᠯᠪᠠᠨ ᠬᠡᠷ ᠵᠡᠷᠭᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠲᠦᠬᠦᠭᠡᠢ ᠰᠦ ᠶᠢᠨ ᠦᠶᠯᠡᠳᠪᠦᠷᠢ ᠶᠢᠨ ᠲᠠᠰᠤᠭ ᠤᠨ ᠲᠥᠬᠦᠭᠡᠷᠦᠮᠵᠢ ᠶᠢ ᠤᠭᠰᠠᠷᠠᠵᠤ ᠲᠣᠬᠢᠷᠠᠭᠤᠯᠤᠨ ᠲᠤᠷᠰᠢᠵᠤ ᠪᠠᠶᠢᠬᠤ ᠶᠢ ᠦᠵᠡᠭᠡᠳ ᠱᠢ ᠲᠠᠢ ᠹᠧᠩ᠂ ᠡᠨᠡ ᠬᠦ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠥᠩᠭᠡᠷᠡᠯᠲᠡ ᠨᠢ ᠭᠠᠭᠴᠠ ᠬᠦ ᠵᠠᠰᠠᠭ ᠤᠨ ᠣᠷᠳᠣᠨ ᠦᠨᠡᠨ ᠰᠡᠳᠭᠢᠯ ᠠᠴᠠ ᠪᠠᠨ ᠦᠶᠯᠡᠴᠢᠯᠡᠭᠡ ᠪᠠᠲᠤᠯᠠᠭ᠎ᠠ ᠪᠠᠨ ᠰᠠᠶᠢᠵᠢᠷᠠᠭᠤᠯᠪᠠᠯ ᠠᠵᠤ ᠠᠬᠤᠶᠢᠯᠠᠯ   ᠵᠢᠩᠭᠢᠨᠢ ᠪᠠᠷ ᠪᠠᠯᠠ ᠣᠷᠣᠭᠤᠯᠤᠨ ᠪᠥᠲᠥᠭᠡᠨ ᠪᠠᠶᠢᠭᠤᠯᠵᠤ ᠴᠢᠳᠠᠨ᠎ᠠ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ ᠦᠨᠡᠨ ᠬᠦ ᠠᠳᠬᠤᠨ ᠪᠣᠳᠠᠲᠠᠶ ᠠᠵᠢᠯᠯᠠᠪᠠᠯ ᠲᠥᠷᠥᠯ ᠵᠦᠶᠯ   ᠦᠨᠡᠨ ᠪᠣᠳᠠᠲᠠᠶ ᠨᠠᠶᠢᠳᠠᠪᠤᠷᠢᠵᠢᠭᠳᠠᠵᠤ ᠴᠢᠳᠠᠨ᠎ᠠ ᠬᠡᠳᠡᠭ ᠢ ᠬᠠᠷᠠᠭᠤᠯᠵᠤ ᠪᠠᠶᠢᠨ᠎ᠠ ᠭᠡᠵᠦ ᠭᠦᠨ ᠲᠥᠷᠥᠭᠳᠡᠯ ᠲᠠᠢ ᠬᠡᠯᠡᠪᠡ᠃ ᠲᠡᠷᠡ ᠠᠵᠤ ᠠᠬᠤᠶᠢᠯᠠᠯ ᠤᠨ ᠬᠢᠨ ᠢ ᠨᠢᠭᠡᠨᠲᠡ ᠲᠣᠭᠲᠠᠭᠠᠭᠰᠠᠨ ᠵᠢᠷᠤᠭ ᠲᠥᠰᠦᠪ ᠶᠤᠰᠤᠭᠠᠷ᠂ ᠣᠶᠤᠨᠴᠢ ᠡᠷᠡᠭᠦᠯ ᠮᠡᠨᠳᠦ ᠶᠢᠨ ᠬᠥᠨᠳᠡᠶ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠠᠵᠤ ᠦᠶᠯᠡᠳᠪᠦᠷᠢ ᠶᠢᠨ ᠵᠢᠭᠤᠯᠴᠢᠯᠠᠯ ᠵᠡᠷᠭᠡ ᠢᠵᠢ ᠪᠥᠷᠢᠳᠦᠭᠦᠯᠬᠦ ᠲᠥᠷᠥᠯ ᠵᠦᠶᠯ ᠢ ᠰᠠᠶᠢᠲᠤᠷ ᠲᠥᠯᠥᠪᠵᠢᠭᠦᠯᠵᠦ᠂ ᠡᠷᠲᠡᠬᠡᠨ ᠪᠥᠲᠥᠭᠡᠨ ᠪᠠᠶᠢᠭᠤᠯᠵᠤ᠂ ᠡᠷᠲᠡᠬᠡᠨ ᠡᠵᠡᠩᠨᠡᠵᠦ᠂ ᠡᠷᠲᠡᠬᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠵᠣᠷᠢᠭᠵᠢᠭᠤᠯᠪᠠ᠃ ᠯᠢ ᠯᠧ ᠺᠣᠮᠫᠠᠨᠢ ᠪᠣᠯ ᠢᠯᠢ᠂ ᠮᠧᠩ ᠨᠢᠦ ᠵᠡᠷᠭᠡ ᠰᠦ ᠶᠢᠨ ᠤᠮᠳᠠᠭᠠᠨ ᠤ ᠠᠵᠤ ᠠᠬᠤᠶᠢᠯᠠᠯ ᠳᠤ ᠢᠵᠢ ᠪᠦᠷᠢᠳᠦᠭᠦᠯᠬᠦ ᠪᠦᠲᠦᠭᠡᠭᠳᠡᠭᠦᠨ ᠤ ᠦᠢᠯᠡᠴᠢᠯᠡᠭᠡ ᠬᠠᠩᠭᠠᠵᠤ ᠪᠠᠶᠢᠭ᠎ᠠ ᠠᠵᠤ ᠠᠬᠤᠶᠢᠯᠠᠯ ᠪᠣᠯᠤᠨ᠎ᠠ᠃ ᠱᠢ ᠲᠠᠢ ᠹᠧᠩ ᠯᠢ ᠯᠧ ᠺᠣᠮᠫᠠᠨᠢ ᠶᠢᠨ ᠬᠥᠬᠡᠬᠤᠲᠠ ᠶᠢᠨ ᠦᠶᠯᠡᠳᠪᠦᠷᠢ ᠶᠢᠨ ᠲᠠᠰᠤᠭ ᠲᠤ ᠬᠦᠷᠴᠦ᠂ ᠪᠠᠺᠲ᠋ᠧᠷᠢ ᠥᠬᠡᠶ ᠪᠣᠭᠤᠳᠠᠯᠯᠠᠬᠤ ᠮᠠᠲ᠋ᠧᠷᠢᠶᠠᠯ ᠦᠶᠯᠡᠳᠪᠦᠷᠢᠯᠡᠬᠦ ᠲᠥᠷᠥᠯ ᠵᠦᠶᠯ᠂ ᠪᠣᠭᠤᠳᠠᠯᠯᠠᠬᠤ ᠪᠦᠷᠬᠦᠭᠦᠯ ᠦᠢᠯᠡᠳᠬᠦ ᠲᠥᠷᠥᠯ ᠵᠦᠶᠯ ᠢ ᠭᠦᠨᠵᠡᠭᠡᠶ ᠰᠢᠨᠵᠢᠯᠡᠨ ᠪᠠᠶᠢᠴᠠᠭᠠᠵᠤ᠂ ᠦᠶᠯᠡᠳᠪᠦᠷᠢᠯᠡᠯ ᠤᠨ ᠤᠷ᠎ᠠ ᠮᠡᠷᠭᠡᠰᠢᠯ᠂ ᠪᠦᠲᠦᠭᠡᠭᠳᠡᠭᠦᠨ ᠤ ᠣᠨᠴᠠᠯᠢᠭ᠂ ᠵᠠᠬ᠎ᠠ ᠳᠡᠯᠭᠡᠭᠦᠷ ᠲᠤ ᠡᠵᠡᠯᠡᠬᠦ ᠬᠤᠪᠢ ᠶᠢᠨ ᠵᠢᠩ ᠵᠡᠷᠭᠡ ᠪᠠᠶᠢᠳᠠᠯ ᠢ ᠨᠠᠷᠢᠨ ᠠᠰᠠᠭᠤᠪᠠ᠃ ᠲᠤᠰ ᠠᠵᠤ ᠠᠬᠤᠶᠢᠯᠠᠯ ᠤᠨ ᠠᠷᠪᠠᠨ ᠤ ᠲᠤᠯᠤᠭᠠᠨ ᠬᠤᠪᠢ ᠠᠴᠠ ᠳᠡᠭᠡᠭᠰᠢᠬᠢ ᠪᠦᠲᠦᠭᠡᠭᠳᠡᠭᠦᠨ ᠢ ᠴᠥᠮ ᠢᠯᠢ ᠪᠣᠯᠤᠨ ᠮᠧᠩ ᠨᠢᠤ ᠳᠤ ᠬᠠᠩᠭᠠᠵᠤ᠂ ᠠᠵᠤ ᠠᠬᠤᠶᠢᠯᠠᠯ ᠨᠢ ᠲᠤᠬᠠᠢ ᠶᠢᠨ ᠭᠠᠵᠠᠷ ᠲᠤ ᠦᠢᠯᠡᠳᠪᠦᠷᠢ ᠪᠠᠶᠢᠭᠤᠯᠤᠭᠰᠠᠨ ᠨᠢ ᠳᠠᠷᠤᠢ ᠬᠤᠶᠠᠷ ᠠᠵᠤ ᠠᠬᠤᠶᠢᠯᠠᠯ ᠤᠨ ᠪᠣᠭᠤᠳᠠᠯᠯᠠᠬᠤ ᠬᠡᠷᠡᠭᠴᠡᠭᠡ ᠤᠶᠢᠷᠠᠬᠠᠨ ᠠᠴᠠ ᠦᠢᠯᠡᠴᠢᠯᠡᠬᠦ ᠶᠢᠨ ᠲᠥᠯᠥᠭᠡ ᠶᠤᠮ ᠭᠡᠳᠡᠭ ᠢ ᠮᠡᠳᠡᠭᠡᠳ᠂ ᠲᠡᠷᠡ᠂ ᠳᠡᠯᠡᠬᠡᠢ ᠶᠢᠨ ᠴᠠᠭᠠᠨ ᠢᠳᠡᠭᠡᠨ ᠤ ᠦᠢᠯᠡᠰ ᠤᠨ ᠠᠷᠪᠠᠨ ᠬᠦᠴᠦᠷᠬᠡᠭ ᠠᠵᠤ ᠠᠬᠤᠶᠢᠯᠠᠯ ᠳᠠᠬᠢ ᠬᠤᠶᠠᠷ ᠢ ᠲᠥᠪᠯᠡᠷᠡᠭᠦᠯᠦᠭᠰᠡᠨ ᠪᠦᠬᠦ ᠪᠦᠮᠪᠦᠷᠴᠡᠭ ᠤᠨ ᠴᠤᠷ ᠤᠨ ᠭᠠᠭᠴᠠ ᠬᠤᠳᠠ ᠪᠣᠯᠤᠭᠰᠠᠨ ᠤ ᠬᠤᠪᠢ ᠳᠤ᠂ ᠬᠥᠬᠡᠬᠤᠲᠠ ᠶᠠᠭ ᠳᠡᠯᠡᠬᠡᠢ ᠶᠢᠨ ᠴᠠᠭᠠᠨ ᠢᠳᠡᠭᠡᠨ ᠤ ᠬᠤᠳᠠ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ ᠪᠠᠶᠢᠨ᠎ᠠ᠂ ᠴᠠᠭᠠᠨ ᠢᠳᠡᠭᠡᠨ ᠤ ᠦᠢᠯᠡᠰ ᠤᠨ ᠪᠦᠲᠦᠭᠡᠭᠳᠡᠭᠦᠨ ᠤ ᠪᠣᠭᠤᠳᠠᠯᠯᠠᠬᠤ ᠬᠡᠷᠡᠭᠴᠡᠭᠡ ᠤᠯᠠᠮ ᠴᠢᠨᠠᠭᠰᠢᠳᠠ ᠨᠡᠮᠡᠭᠳᠡᠬᠦ ᠪᠣᠯᠤᠨ᠎ᠠ᠂ ᠡᠨᠡ ᠨᠢ ᠠᠵᠤ ᠠᠬᠤᠶᠢᠯᠠᠯ ᠳᠤ ᠨᠡᠩ ᠶᠡᠭᠡ ᠬᠥᠭᠵᠢᠯᠲᠡ ᠶᠢᠨ ᠣᠷᠣᠨ ᠵᠠᠢ ᠠᠪᠴᠢᠷᠠᠬᠤ ᠪᠣᠯᠤᠨ᠎ᠠ ᠭᠡᠵᠦ ᠵᠢᠭᠠᠵᠤ ᠭᠠᠷᠭᠠᠪᠠ᠃

ᠥᠪᠥᠷ ᠮᠣᠩᠭᠤᠯ ᠤᠨ ᠵᠥᠩ ᠬᠤᠸᠠᠨ ᠠᠵᠤ ᠦᠶᠯᠡᠰ ᠤᠨ ᠬᠦᠷᠢᠶᠡᠯᠡᠩ ᠪᠣᠯ ᠬᠥᠬᠡᠬᠤᠲᠠ ᠶᠢᠨ ᠪᠣᠶᠢᠵᠢᠭᠤᠯᠤᠭᠰᠠᠨ ᠵᠢᠷᠭᠤᠭᠠᠨ ᠶᠡᠭᠡ ᠠᠵᠤ ᠦᠶᠯᠡᠰ ᠤᠨ ᠪᠦᠯᠦᠭᠵᠢᠯ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠨᠢᠭᠡ ᠪᠣᠯᠤᠨ᠎ᠠ᠃ ᠱᠢ ᠲᠠᠢ ᠹᠧᠩ ᠠᠳᠡ ᠢᠷᠡᠵᠦ᠂ ᠵᠥᠩ ᠬᠤᠸᠠᠨ ᠤ ᠲᠠᠪᠤᠳᠤᠭᠠᠷ ᠬᠤᠭᠤᠴᠠᠭᠠᠨ ᠤ ᠡᠨᠧᠷᠭᠢ ᠥᠷᠭᠡᠳᠭᠡᠬᠦ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠵᠥᠩ ᠬᠤᠸᠠᠨ ᠠᠵᠤ ᠦᠶᠯᠡᠰ ᠤᠨ ᠬᠦᠷᠢᠶᠡᠯᠡᠩ ᠣᠲᠣ ᠪᠣᠯᠲᠠᠯ᠎ᠠ 400 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠬᠤᠯᠪᠣᠭᠳᠠᠯ ᠪᠥᠬᠦᠶ ᠠᠵᠤ ᠦᠶᠯᠡᠰ ᠨᠡᠯᠢᠶᠡᠳ ᠶᠡᠭᠡ ᠬᠡᠪᠴᠢᠶ᠎ᠡ ᠪᠠ ᠨᠡᠯᠢᠶᠡᠳ ᠴᠢᠩᠭ᠎ᠠ ᠥᠷᠢᠰᠥᠯᠳᠦᠬᠦ ᠬᠦᠴᠦᠨ ᠲᠠᠢ ᠪᠠᠶᠢᠬᠤ ᠶᠢ ᠤᠶᠢᠯᠠᠭᠠᠭᠠᠳ᠂ ᠲᠡᠷᠡ ᠠᠵᠤ ᠠᠬᠤᠶᠢᠯᠠᠯ ᠤᠨ ᠬᠢᠨ ᠢ ᠠᠵᠤ ᠦᠶᠯᠡᠰ ᠤᠨ ᠬᠡᠯᠬᠢᠶ᠎ᠡ ᠪᠠᠨ ᠲᠠᠰᠤᠷᠠᠯᠲᠠ ᠥᠬᠡᠶ ᠤᠷᠲᠤᠳᠬᠠᠵᠤ᠂ ᠥᠷᠲᠡᠭ ᠤᠨ ᠬᠡᠯᠬᠢᠶ᠎ᠡ ᠪᠠᠨ ᠳᠡᠭᠡᠭᠰᠢᠯᠡᠭᠦᠯᠵᠦ᠂ ᠲᠥᠷᠥᠯ ᠵᠦᠶᠯ ᠤᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠦᠴᠦᠯᠡᠨ ᠠᠬᠢᠭᠤᠯᠵᠤ᠂ ᠭᠤᠤᠯᠯᠠᠬᠤ ᠠᠵᠤ ᠦᠶᠯᠡᠰ ᠤᠨ ᠲᠥᠪᠯᠡᠷᠡᠬᠦ ᠬᠡᠮᠵᠢᠶ᠎ᠡ ᠪᠠ ᠥᠷᠢᠰᠥᠯᠳᠦᠬᠦ ᠬᠦᠴᠦᠨ ᠢᠶᠠᠨ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ ᠭᠡᠵᠦ ᠵᠣᠷᠢᠭᠵᠢᠭᠤᠯᠪᠠ᠃ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠠᠵᠢᠯᠴᠢᠨ ᠬᠡᠷᠡᠭᠯᠡᠬᠦ ᠠᠰᠠᠭᠤᠳᠠᠯ ᠳᠤ ᠴᠢᠭᠯᠡᠭᠦᠯᠦᠨ᠂ ᠲᠡᠷᠡ᠂ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠪᠠ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠨᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠴᠠᠵᠤ᠂ ᠮᠠᠨ ᠤ ᠣᠷᠣᠨ ᠤ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠲᠣᠭᠲᠠᠭᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠲᠤᠬᠠᠢ ᠬᠡᠷᠡᠭᠴᠡᠭᠡ ᠱᠠᠭᠠᠷᠳᠠᠯᠭ᠎ᠠ ᠳᠤ ᠨᠠᠩ ᠰᠠᠶᠢᠲᠤᠷ ᠵᠣᠬᠢᠴᠠᠬᠤ ᠪᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠨᠢᠳᠤᠨᠤᠨ ᠤ 3  ᠰᠠᠷ᠎ᠠ ᠶᠢᠨ 22 ᠤᠨ ᠡᠳᠦᠷ ᠥᠪᠥᠷ ᠮᠣᠩᠭᠤᠯ ᠤᠨ ᠵᠧᠩ ᠳ᠋ᠡ ᠬᠤᠩ ᠶᠧ ᠢᠳᠡᠭᠡᠨ ᠤ ᠺᠣᠮᠫᠠᠨᠢ ᠶᠢᠨ ᠵᠠᠭᠤᠨ ᠲᠦᠮᠡᠨ ᠭᠠᠭ᠋ᠠᠶ ᠶᠢᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠲᠥᠷᠥᠯ ᠵᠦᠶᠯ ᠢ ᠰᠢᠨᠵᠢᠯᠡᠨ ᠪᠠᠶᠢᠴᠠᠭᠠᠭᠰᠠᠨ ᠤ ᠳᠠᠷᠠᠭ᠎ᠠ᠂ ᠱᠢ ᠲᠠᠢ ᠹᠧᠩ ᠳᠠᠬᠢᠨᠲᠠ ᠠᠳᠡ ᠢᠷᠡᠵᠦ᠂ ᠢᠳᠡᠭᠡᠨ ᠤ ᠵᠦᠢᠯ ᠢ ᠡᠳ᠋ᠰᠢᠭᠦᠯᠬᠦ ᠬᠠᠮᠢᠶ᠎ᠠ ᠪᠥᠬᠦᠶ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠣᠯᠤᠨ ᠠᠮᠢ ᠠᠬᠤᠶ ᠳᠤ ᠨᠥᠬᠦᠷᠰᠡᠭ ᠬᠡᠯᠪᠡᠷᠢ ᠶᠢᠨ ᠠᠵᠤ ᠦᠶᠯᠡᠰ ᠤᠨ ᠰᠢᠰᠲ᠋ᠧᠮ ᠤᠨ ᠪᠠᠶᠢᠭᠤᠯᠤᠯᠳᠠ ᠶᠢᠨ ᠪᠠᠶᠢᠳᠠᠯ ᠢ ᠭᠦᠨᠵᠡᠭᠡᠶ ᠣᠶᠢᠯᠠᠭᠠᠪᠠ᠃ ᠠᠵᠤ ᠠᠬᠤᠶᠢᠯᠠᠯ ᠨᠢ ᠣᠯᠠᠨ ᠲᠥᠷᠥᠯ ᠬᠡᠯᠪᠡᠷᠢ ᠶᠢᠨ ᠪᠦᠲᠦᠭᠡᠭᠳᠡᠭᠦᠨ ᠢ ᠦᠶᠯᠡᠳᠪᠦᠷᠢᠯᠡᠵᠦ ᠪᠠᠶᠢᠬᠤ ᠪᠠ ᠡᠲᠡᠭᠡᠷ ᠪᠦᠲᠦᠭᠡᠭᠳᠡᠭᠦᠨ ᠨᠢ ᠪᠣᠷᠣᠯᠠᠭᠤᠯᠭ᠎ᠠ ᠰᠠᠶᠢᠲᠠᠶ ᠪᠠᠶᠢᠬᠤ ᠶᠢ ᠦᠵᠡᠭᠡᠳ ᠲᠡᠷᠡ᠂ ᠰᠠᠶᠢᠨ ᠢᠳᠡᠭᠡᠨ ᠤ ᠪᠦᠲᠦᠭᠡᠭᠳᠡᠭᠦᠨ ᠢ ᠦᠶᠯᠡᠳᠪᠦᠷᠢᠯᠡᠵᠦ ᠭᠠᠷᠭᠠᠪᠠᠯ ᠬᠥᠮᠦᠰ ᠤᠨ ᠬᠡᠷᠡᠭᠯᠡᠭᠡ ᠶᠢ ᠬᠥᠲᠥᠯᠥᠨ ᠳᠠᠭᠠᠭᠤᠯᠵᠤ ᠴᠢᠳᠠᠬᠤ ᠪᠠᠷ ᠪᠠᠷᠠᠬᠤ ᠥᠬᠡᠶ᠂ ᠪᠠᠰᠠ ᠬᠡᠰᠡᠭ ᠬᠥᠮᠦᠰ ᠤᠨ ᠢᠳᠡᠭᠡᠨ ᠤᠮᠳᠠᠭᠠᠨ ᠤ ᠪᠦᠲᠦᠴᠡ ᠶᠢ ᠰᠠᠶᠢᠵᠢᠷᠠᠭᠤᠯᠬᠤ ᠳᠤ ᠠᠰᠢᠭᠲᠠᠶ ᠶᠤᠮ ᠭᠡᠵᠦ ᠬᠡᠯᠡᠪᠡ᠃ ᠲᠡᠷᠡ ᠠᠵᠤ ᠠᠬᠤᠶᠢᠯᠠᠯ ᠤᠨ ᠬᠢᠨ ᠢ ᠬᠥᠬᠡᠬᠤᠲᠠ ᠪᠤᠭᠤᠲᠤ ᠣᠷᠳᠣᠰ ᠲᠤ ᠰᠠᠭᠤᠷᠢᠯᠠᠨ᠂ ᠪᠡᠭᠡᠵᠢᠩ ᠲᠢᠶᠠᠨᠵᠢᠨ ᠾᠧᠪᠧᠶ ᠳᠤ ᠬᠠᠨᠳᠤᠭᠤᠯᠵᠤ᠂ ᠪᠥᠬᠦ ᠤᠯᠤᠰ ᠤᠨ ᠲᠣᠮᠣ ᠵᠠᠬ᠎ᠠ ᠳᠡᠯᠭᠡᠭᠦᠷ ᠢ ᠨᠦᠯᠦᠬᠡᠯᠡᠵᠤ᠂ ᠨᠠᠷᠢᠯᠢᠭ ᠡᠳ᠋ᠰᠢᠭᠦᠯᠬᠦ ᠶᠢ ᠲᠠᠰᠤᠷᠠᠯᠲᠠ ᠥᠬᠡᠶ ᠠᠬᠢᠭᠤᠯᠵᠤ᠂ ᠨᠠᠩ ᠣᠯᠠᠨ ᠴᠢᠨᠠᠷ ᠰᠠᠶᠢᠲᠠᠶ ᠪᠦᠲᠦᠭᠡᠭᠳᠡᠬᠦᠨ ᠢ ᠴᠢᠷᠮᠠᠶᠢᠨ ᠦᠶᠯᠡᠳᠪᠦᠷᠢᠯᠡᠵᠦ᠂ ᠴᠢᠨᠠᠷ ᠰᠠᠶᠢᠲᠠᠶ ᠭᠠᠭ᠋ᠠᠶ ᠶᠢᠨ ᠮᠢᠬᠠᠨ ᠢᠳᠡᠭᠡᠨ ᠤ ᠬᠠᠩᠭᠠᠯᠭ᠎ᠠ ᠶᠢᠨ ᠰᠠᠭᠤᠷᠢᠨ  ᠢ ᠴᠣᠭᠴᠠᠯᠠᠬᠤ ᠬᠡᠷᠡᠭᠲᠡᠶ ᠭᠡᠵᠦ ᠵᠣᠷᠢᠭᠵᠢᠭᠤᠯᠪᠠ᠃

ᠪᠠᠶᠢᠴᠠᠭᠠᠨ ᠰᠤᠳᠤᠯᠬᠤ ᠳᠤᠮᠳᠠ ᠱᠢ ᠲᠠᠢ ᠹᠧᠩ᠂ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠣᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠬᠥᠬᠡᠬᠤᠲᠠ ᠶᠢᠨ ᠬᠢᠨ ᠡᠷᠴᠢᠮ ᠢᠶᠠᠨ ᠴᠢᠩᠭᠠᠷᠠᠭᠤᠯᠵᠤ᠂ ᠠᠬᠢᠴᠠ ᠪᠠᠨ ᠲᠦᠷᠭᠡᠳᠭᠡᠵᠦ ᠡᠯ᠎ᠡ ᠲᠥᠷᠥᠯ ᠵᠦᠶᠯ ᠤᠨ ᠪᠠᠷᠢᠯᠭ᠎ᠠ ᠪᠠᠨ ᠡᠬᠢᠯᠡᠭᠦᠯᠵᠤ ᠪᠥᠲᠥᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠡᠭᠡᠭᠦᠯᠵᠤ᠂ ᠠᠵᠤ ᠠᠬᠤᠶ ᠶᠢᠨ ᠲᠣᠭᠲᠠᠭᠤᠨ ᠡᠷᠡᠭᠦᠯ ᠡᠷᠭᠢᠯᠲᠡ ᠶᠢ ᠦᠨᠡᠨ ᠬᠦ ᠪᠠᠲᠤᠯᠠᠬᠤ ᠬᠡᠷᠡᠭᠲᠡᠶ᠃ ᠳᠡᠭᠡᠳᠦ ᠲᠡᠰᠵᠢᠬᠦᠯᠬᠦ᠂ ᠲᠣᠭᠠᠴᠢᠯᠠᠬᠤ᠂ ᠤᠶᠤᠨᠴᠢᠯᠠᠬᠤ᠂ ᠪᠣᠬᠢᠷᠲᠤᠯ ᠦᠬᠡᠢ ᠪᠤᠯᠭᠠᠬᠤ ᠭᠤᠣᠯ ᠰᠢᠪᠲᠤᠯᠤᠯᠲᠠ ᠶᠢᠨ ᠴᠢᠭᠯᠡᠯ ᠢ ᠳᠤᠪᠤᠶᠢᠯᠭᠠᠵᠤ᠂ ᠲᠦᠷᠦᠯ ᠵᠦᠢᠯ ᠤᠨ ᠰᠣᠩᠭᠤᠯᠲᠠ ᠶᠢ ᠰᠢᠯᠢᠳᠡᠭᠵᠢᠭᠦᠯᠵᠦ᠂ ᠲᠦᠷᠦᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠲᠦᠷᠦᠯ ᠵᠦᠢᠯ ᠢ ᠬᠡᠷᠡᠭᠵᠢᠭᠦᠯᠬᠦ ᠪᠦᠬᠦ ᠶᠠᠪᠤᠴᠠ ᠶᠢᠨ ᠲᠣᠭᠤᠷᠢᠨ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠥᠭᠬᠦ ᠬᠡᠷᠡᠭᠲᠡᠢ ᠭᠡᠵᠤ ᠴᠢᠬᠤᠯᠠᠴᠢᠯᠠᠵᠠᠢ᠃

ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠢᠤᠢ ᠯᠢ ᠰᠢᠨ᠂ ᠵᠠᠩ ᠱᠤᠤ ᠴᠦᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃

 

 

 


   :                    
   :           
备案序号:蒙ICP备05003250号 公安备案15010502000173