ᠵᠤᠬᠢᠶᠠᠭᠴᠢ: ᠴᠠᠭ:2022-04-02 ᠥᠵᠡᠭᠰᠡᠨ : ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》  
ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠥᠷᠪᠡᠳᠦᠭᠡᠷ ᠬᠤᠷᠠᠯ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠬᠢᠪᠠ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠡᠢ

 

ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠥᠷᠪᠡᠳᠦᠭᠡᠷ ᠬᠤᠷᠠᠯ ᠡᠯ᠎ᠡ ᠲᠦᠷᠦᠯ ᠤᠨ ᠵᠥᠪᠯᠡᠬᠦ ᠵᠦᠢᠯᠡᠰ ᠢᠶᠠᠨ ᠠᠮᠵᠢᠯᠲᠠ ᠲᠠᠢ ᠵᠥᠪᠯᠡᠨ ᠳᠠᠭᠤᠰᠬᠠᠵᠦ᠂ 2022  3  ᠰᠠᠷ᠎ᠠ ᠶᠢᠨ 29 ᠤ   ᠦᠳᠡ ᠶᠢᠨ ᠬᠤᠶᠢᠨ᠎ᠠ ᠲᠡᠭᠦᠰᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠢ ᠡᠷᠭᠢᠯᠡᠭᠰᠡᠨ ᠪᠥᠭᠡᠳ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠡᠢ᠃

ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠲᠣ 63 ᠪᠦᠷᠢᠯᠳᠦᠬᠦᠨ ᠲᠠᠢ᠂ 59 ᠬᠥᠮᠦᠨ ᠨᠢ ᠲᠣᠰ ᠤᠳᠠᠭᠠᠨ ᠤ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃

ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠤᠤ ᠴᠦᠨ᠂ ᠳᠡᠳ᠋ ᠡᠷᠬᠢᠯᠡᠭᠴᠢ ᠯᠢ ᠷᠦᠡᠭ ᠰᠢ᠂ ᠵᠠᠩ ᠶᠤᠸᠠᠨ ᠵᠥᠩ᠂ ᠳ᠋ᠤᠸᠠᠨ ᡁᠢ ᠴᠢᠶᠠᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠵᠠᠢ᠃

ᠬᠤᠷᠠᠯ ᠠᠴᠠ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠯᠲᠠ ᠶᠢᠨ ᠲᠦᠷᠢᠮ》《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠲᠦᠷᠢᠮ ︵ᠵᠠᠰᠠᠪᠤᠷᠢ ᠣᠷᠣᠭᠤᠯᠤᠭᠰᠠᠨ︶》 ᠢ ᠪᠠᠲᠤᠯᠠᠪᠠ᠃

ᠬᠤᠷᠠᠯ ᠠᠴᠠ 《ᠤᠯᠠᠭᠠᠨᠬᠠᠳᠠ ᠬᠤᠲᠠ ᠶᠢᠨ ᠬᠤᠲᠠ ᠪᠠᠯᠭᠠᠰᠤᠨ ᠤ ᠢᠯᠴᠢ ᠬᠠᠩᠭᠠᠬᠤ ᠲᠦᠷᠢᠮ》 ᠢ ᠵᠥᠪᠰᠢᠶᠡᠷᠡᠬᠦ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠶᠳᠪᠦᠷᠢ᠂ 《ᠣᠷᠳᠣᠰ ᠬᠤᠲᠠ ᠶᠢᠨ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ》 ᠢ ᠵᠥᠪᠰᠢᠶᠡᠷᠡᠬᠦ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠶᠳᠪᠦᠷᠢ ᠶᠢ ᠪᠠᠳᠤᠯᠠᠵᠤ᠂ 《︿ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ﹀ ︿ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠭᠠᠵᠠᠷ ᠰᠢᠷᠣᠶ ᠶᠢᠨ ᠬᠠᠮᠢᠶᠠᠷᠤᠯᠲᠠ ᠶᠢᠨ ᠲᠦᠷᠢᠮ﹀ ︿ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠬᠠᠮᠢᠶᠠᠷᠤᠯᠲᠠ ᠶᠢᠨ ᠲᠦᠷᠢᠮ﹀︿ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠲᠦᠷᠢᠮ﹀ ᠢ ᠬᠦᠴᠦᠨ ᠥᠬᠡᠶ ᠪᠣᠯᠭᠠᠬᠤ ᠲᠤᠬᠠᠶ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠬᠳᠠᠭᠠᠯ》 ᠢ ᠵᠦᠪᠰᠢᠶᠡᠷᠡᠬᠦ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠤᠷᠢ᠂ 《︿ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠲᠦᠷᠢᠮ﹀︿ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠦᠷᠢᠮ﹀︿ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠲᠠᠷᠢᠶᠠᠨ ᠡᠮ ᠤᠨ ᠬᠠᠮᠢᠶᠠᠷᠤᠯᠲᠠ ᠶᠢᠨ ᠲᠦᠷᠢᠮ﹀ ᠢ ᠬᠦᠴᠦᠨ ᠥᠬᠡᠶ ᠪᠣᠯᠭᠠᠬᠤ ᠲᠤᠬᠠᠶ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠬᠳᠠᠭᠠᠯ》 ᠢ ᠵᠥᠪᠰᠢᠶᠡᠷᠡᠬᠦ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠤᠷᠢ᠂ 《︿ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠲᠦᠷᠢᠮ﹀ ᠢ ᠬᠦᠴᠦᠨ ᠥᠬᠡᠶ ᠪᠣᠯᠭᠠᠬᠤ ᠲᠤᠬᠠᠶ ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠯ》 ᠢ ᠵᠥᠪᠰᠢᠶᠡᠷᠡᠬᠦ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠤᠷᠢ  ᠶᠢ ᠪᠠᠳᠤᠯᠠᠪᠠ᠃

ᠬᠤᠷᠠᠯ ᠠᠴᠠ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ ᠶᠢ ᠪᠠᠲᠤᠯᠠᠪᠠ᠃ ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠶᠯᠡᠰ ᠢ ᠪᠠᠲᠤᠯᠠᠪᠠ᠃

ᠱᠢ ᠲᠠᠢ ᠹᠧᠩ ᠯᠠ ᠵᠢᠶᠦ᠋ᠨ᠂ ᠪᠣᠤ ᠪᠥᠸᠧ ᠳᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃

ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃

ᠬᠤᠷᠠᠯ ᠠᠴᠠ᠂ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠯᠲᠠ ᠶᠢᠨ ᠲᠦᠷᠢᠮ》 ᠢ ᠲᠣᠭᠲᠠᠭᠠᠬᠤ ᠨᠢ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠪᠠ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠲᠠᠮᠠᠬᠠᠶ ᠬᠡᠢ ᠶᠢᠨ ᠬᠠᠮᠢᠶᠠᠷᠤᠯᠲᠠ ᠶᠢᠨ ᠳᠦᠷᠢᠮ》 ᠳᠤ ᠵᠠᠰᠠᠪᠤᠷᠢ ᠣᠷᠣᠭᠤᠯᠬᠤ ᠨᠢ ᠮᠠᠨ ᠤ ᠣᠷᠣᠨ ᠤ ᠰᠢᠲᠠᠮᠠᠬᠠᠶ ᠬᠡᠢ ᠶᠢᠨ ᠬᠠᠮᠢᠶᠠᠷᠤᠯᠲᠠ ᠶᠢᠨ ᠬᠠᠤᠯᠢᠵᠢᠬᠰᠠᠨ᠂ ᠵᠢᠷᠤᠮᠵᠢᠭᠰᠠᠨ ᠲᠦᠪᠰᠢᠨ ᠢ ᠴᠢᠨᠠᠬᠰᠢᠳᠠ ᠳᠡᠭᠡᠭᠰᠢᠯᠡᠭᠦᠯᠬᠦ ᠳᠤ ᠠᠰᠢᠭᠲᠠᠶ ᠶᠤᠮ᠃ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠳᠬᠠᠨ᠂ ᠡᠯ᠎ᠡ ᠲᠠᠯ᠎ᠠ ᠶᠢᠨ ᠬᠢᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠶᠯ ᠤᠨ ᠬᠠᠤᠯᠢ ᠲᠣᠭᠲᠠᠭᠠᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃

ᠬᠤᠷᠠᠯ ᠠᠴᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠬᠢᠨᠠᠨ ᠪᠤᠳᠤᠬᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠬᠦ᠂ ᠲᠦᠷᠢᠮ ᠲᠣᠭᠲᠠᠭᠠᠯ ᠲᠣᠭᠲᠠᠭᠠᠬᠤ ᠶᠢ ᠪᠠᠷᠢᠮᠲᠠᠯᠠᠵᠤ᠂ 《ᠡᠪᠡᠳᠴᠢᠯᠡᠭᠰᠡᠨ ᠢ ᠵᠠᠰᠠᠬᠤ᠂ ᠡᠪᠡᠳᠴᠢᠯᠡᠬᠦ ᠠᠴᠠ ᠡᠮᠦᠨ᠎ᠡ ᠰᠡᠷᠭᠡᠶᠢᠯᠡᠬᠦ》 ᠶᠡᠭᠡ ᠬᠦᠴᠦ ᠣᠷᠣᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠢᠨᠠᠯᠲᠠ ᠲᠠᠯᠪᠢᠬᠤ ᠴᠢᠩᠭ᠎ᠠ ᠬᠠᠲᠠᠭᠤ ᠴᠢᠨᠠᠷ ᠢ ᠴᠢᠩᠭᠠᠳᠬᠠᠵᠤ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ᠃ ᠳᠠᠩᠰᠠᠯᠠᠭᠤᠯᠤᠨ ᠬᠢᠨᠠᠨ ᠪᠠᠶᠢᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ 《ᠪᠢᠴᠢᠭ ᠮᠠᠲ᠋ᠧᠷᠢᠶᠠᠯ ᠪᠠᠶᠢᠪᠠᠯ ᠵᠠᠪᠠᠯ ᠳᠠᠩᠰᠠᠯᠠᠭᠤᠯᠬᠤ᠂ ᠳᠠᠩᠰᠠᠯᠠᠭᠤᠯᠤᠭᠰᠠᠨ ᠪᠠᠶᠢᠪᠠᠯ ᠵᠠᠪᠠᠯ ᠬᠢᠨᠠᠬᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ》 ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠰᠠᠨᠠᠭᠠᠴᠢᠯᠠᠭ᠎ᠠ ᠠᠴᠠ ᠪᠠᠨ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ ᠠᠴᠠ᠂ ᠪᠥᠬᠦ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ 《ᠬᠤᠶᠠᠷ ᠢ  》 ᠢ ᠡᠷᠡᠰ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠵᠦ᠂ ᠶᠡᠭᠡ ᠬᠦᠴᠦ ᠣᠷᠣᠭᠤᠯᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠮᠡᠳᠡᠵᠦ ᠨᠡᠪᠲᠡᠷᠡᠲᠡᠯ᠎ᠡ ᠤᠶᠢᠯᠠᠭᠠᠨ ᠪᠣᠳᠠᠲᠠᠶᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠤᠬᠠᠮᠰᠠᠷ ᠠᠴᠠ ᠪᠠᠨ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠲᠠᠯᠪᠢᠨ ᠲᠥᠯᠥᠪᠵᠢᠭᠦᠯᠦᠨ ᠠᠬᠢᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠠ ᠪᠠᠲᠤ ᠴᠢᠩᠭ᠎ᠠ ᠤᠯᠤᠰ ᠲᠦᠷᠦ ᠶᠢᠨ ᠡᠭᠦᠷᠭᠡᠯᠡᠯ ᠢᠶᠠᠷ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠥᠪᠥᠷ ᠮᠣᠩᠭᠤᠯ ᠳᠤ ᠨᠠᠶᠢᠳᠠᠪᠤᠷᠢᠵᠢᠭᠤᠯᠬᠤ ᠶᠢ ᠬᠦᠴᠦᠲᠡᠢ ᠪᠠᠲᠤᠯᠠᠬᠤ ᠬᠡᠷᠡᠭᠲᠡᠢ᠃ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠪᠣᠯᠤᠨ ᠪᠥᠬᠦ ᠤᠯᠤᠰ ᠤᠨ 《ᠬᠤᠶᠠᠷ ᠬᠤᠷᠠᠯ》 ᠤᠨ ᠵᠣᠷᠢᠭ ᠰᠠᠨᠠᠭ᠎ᠠ ᠶᠢ ᠭᠦᠨᠵᠡᠭᠡᠶ  ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯ ᠲᠦᠪ ᠤᠨ ᠲᠣᠭᠤᠷᠢᠨ ᠳᠤ᠂ ᠶᠡᠭᠡ ᠲᠠᠯ᠎ᠠ ᠳᠤ ᠦᠶᠯᠡᠴᠢᠯᠡᠵᠦ᠂ ᠭᠤᠤᠯᠳᠠᠯᠭ᠎ᠠ ᠶᠢ ᠳᠣᠪᠣᠶᠢᠯᠭᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠭᠦᠷᠭᠡ  ᠳᠤ ᠰᠠᠭᠤᠷᠢᠯᠠᠨ ᠣᠨᠣᠪᠴᠢᠲᠠᠢ ᠪᠥᠭᠡᠳ ᠬᠦᠴᠦᠲᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 《ᠲᠠᠪᠤᠨ ᠵᠠᠶᠢᠯᠠᠰᠢ ᠦᠭᠡᠢ ᠵᠠᠮᠨᠠᠬᠤ ᠵᠠᠮ》 ᠢ ᠤᠢᠢᠯᠠᠭᠠᠨ ᠡᠵᠡᠮᠰᠢᠬᠦ ᠪᠠᠨ ᠦᠨᠡᠨ ᠬᠦ ᠭᠦᠨᠵᠡᠭᠡᠶᠢᠷᠡᠭᠦᠯᠵᠦ᠂ ᠲᠡᠦᠬᠡ ᠶᠢᠨ ᠢᠲᠡᠭᠡᠯ ᠪᠠ ᠤᠯᠤᠰ ᠲᠦᠷᠦ ᠶᠢᠨ ᠤᠬᠠᠮᠰᠠᠷ ᠢᠶᠠᠨ ᠴᠢᠨᠠᠬᠰᠢᠳᠠ ᠴᠢᠩᠭᠠᠳᠬᠠᠨ᠂ ᠨᠡᠩ ᠢᠲᠡᠭᠡᠯ ᠲᠡᠭᠦᠯᠳᠡᠷ ᠢᠶᠠᠷ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠵᠡᠷᠭᠡ ᠴᠢᠬᠤᠯᠠ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠥᠷᠨᠢᠭᠦᠯᠵᠦ᠂ ᠬᠠᠮᠢᠶ᠎ᠠ ᠪᠦᠬᠦᠢ ᠬᠦᠷᠢᠶ᠎ᠠ ᠴᠠᠷᠠᠭᠠᠨ ᠤ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ ᠵᠡᠷᠭᠡ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠤᠷᠢ ᠎ᠶ᠋ᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠤᠯᠪᠣᠭᠳᠠᠯ ᠪᠥᠬᠦᠶ ᠲᠠᠯ᠎ᠠ ᠶᠢᠨ ᠬᠢᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠭᠡᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠦᠷᠢᠮ ᠤᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠰᠠᠶᠢᠲᠤᠷ ᠥᠷᠨᠢᠭᠦᠯᠵᠦ᠂ 《ᠬᠤᠣᠰ ᠨᠡᠭᠦᠷᠡᠰᠦᠲᠥ᠋ᠷᠥᠭᠴᠢ》 ᠶᠢᠨ ᠠᠵᠢᠯ ᠢ ᠠᠬᠢᠭᠤᠯᠬᠤ ᠳᠤ ᠦᠵᠡᠭᠦᠯᠬᠦ ᠬᠠᠤᠯᠢᠵᠢᠯ ᠤᠨ ᠬᠦᠳᠦᠯᠦᠨ ᠳᠠᠭᠠᠭᠤᠯᠬᠤ ᠪᠠ ᠪᠠᠲᠤᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠬᠥᠭᠵᠢᠭᠦᠯᠵᠦ᠂ 《ᠭᠤᠣᠯ ᠠᠷᠭ᠎ᠠ ᠵᠠᠮ》 ᠤᠨ ᠦᠢᠯᠡᠳᠦᠯ ᠢ ᠪᠠᠳᠠᠷᠠᠭᠤᠯᠵᠤ᠂ ᠠᠷᠠᠳᠴᠢᠯᠠᠯ ᠠᠷᠠᠳ ᠤᠨ ᠰᠠᠨᠠᠭ᠎ᠠ ᠶᠢ ᠢᠯᠡᠳᠭᠡᠬᠦ ᠲᠠᠪᠴᠠᠩ ᠪᠠ ᠠᠴᠢᠶᠠᠯᠠᠪᠤᠷᠢ ᠶᠢ ᠲᠡᠭᠦᠯᠳᠡᠷᠵᠢᠭᠦᠯᠵᠦ᠂ ᠠᠷᠠᠳ ᠤᠨ ᠰᠠᠨᠠᠭ᠎ᠠ ᠶᠢ ᠬᠤᠷᠢᠶᠠᠨ ᠠᠪᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠠᠷᠠᠳ ᠲᠦᠮᠡᠨ ᠤ ᠡᠮᠬᠢ ᠵᠢᠷᠤᠮ ᠲᠠᠢ ᠪᠠᠷ ᠤᠯᠤᠰ ᠲᠦᠷᠦ ᠳᠤ ᠣᠷᠣᠯᠴᠠᠬᠤ ᠶᠢ ᠲᠠᠰᠤᠷᠠᠯᠳᠠ ᠦᠭᠡᠢ ᠥᠷᠭᠡᠳᠭᠡᠵᠦ᠂ ᠠᠷᠠᠳ ᠤᠨ ᠠᠷᠠᠳᠴᠢᠯᠠᠯ ᠤᠨ ᠡᠷᠬᠡ ᠶᠢ ᠰᠠᠶᠢᠲᠤᠷ ᠪᠠᠲᠤᠯᠠᠬᠤ ᠬᠡᠷᠡᠭᠲᠡᠢ᠃ 《ᠳᠥᠷᠪᠡᠨ ᠪᠠᠶᠢᠭᠤᠯᠭ᠎ᠠ》 ᠶᠢᠨ ᠪᠠᠶᠢᠭᠤᠯᠤᠯᠲᠠ ᠪᠠᠷ ᠶᠡᠷᠦᠩᠬᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠠᠶᠢᠩᠭᠤ ᠶᠢᠨ ᠬᠤᠷᠢᠶ᠎ᠠ ᠶᠢᠨ ᠠᠵᠢᠯᠯᠠᠭᠠᠨ ᠤ ᠲᠦᠷᠢᠮ ᠪᠠ ᠠᠵᠢᠯ ᠤᠨ ᠲᠣᠭᠲᠠᠴᠠ ᠶᠢ ᠴᠢᠨᠠᠬᠰᠢᠳᠠ ᠪᠦᠷᠢᠨᠰᠢᠭᠦᠯᠵᠦ᠂ ᠮᠠᠨ ᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠠᠰᠤ ᠴᠢᠨᠠᠷ ᠪᠠ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠠᠭ ᠦᠶ᠎ᠡ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠨᠠᠩ ᠰᠠᠶᠢᠲᠤᠷ ᠡᠭᠦᠷᠭᠡᠯᠡᠬᠦ ᠬᠡᠷᠡᠭᠲᠡᠶ ᠭᠡᠵᠦ ᠴᠢᠬᠤᠯᠠᠴᠢᠯᠠᠪᠠ᠃

 

 

 


   :                    
   :           
备案序号:蒙ICP备05003250号 公安备案15010502000173